ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳ᠋ᠠ ᠲᠠᠩ ᠰᠢᠨ᠎ᠡ ᠡᠨᠧᠷᠭᠢ ᠶᠢᠨ 50 ᠲᠦᠮᠡᠨ ᠺᠢᠯᠣᠸᠠᠲ ᠤᠨ ᠬᠤᠣᠯᠢᠩᠭᠤᠣᠯ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠴᠠᠬᠢᠯᠭᠠᠨ ᠤ ᠬᠡᠮᠵᠢᠶ᠎ᠡ ᠶᠢ  ᠨᠡᠮᠡᠭᠳᠡᠬᠦᠯᠦᠨ ᠳᠤᠬᠢᠷᠠᠭᠤᠯᠬᠤ ᠲᠣᠣᠷ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠪᠡ
ᠨᠡᠶᠢᠲᠡᠯᠡᠭᠰᠡᠨ ᠴᠠᠭ᠄
2024/10/24
   ᠰᠢᠨ᠎ᠡ ᠪᠠᠷ ᠪᠠᠶᠢᠭᠤᠯᠤᠭᠰᠠᠨ ᠰᠢᠨ᠎ᠡ ᠡᠨᠧᠷᠭᠢ ᠶᠢᠨ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠬᠤᠷᠠᠮᠳᠤᠭᠤᠯᠤᠨ ᠲᠣᠣᠷ ᠲᠤ ᠨᠡᠶᠢᠯᠡᠭᠦᠯᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠳ᠋ᠠ ᠲᠠᠩ ︵ᠥᠪᠥᠷ ᠮᠣᠩᠭᠤᠯ︶ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠬᠢᠭᠡᠳ ᠬᠤᠤᠯᠢᠩᠭᠤᠤᠯ ᠬᠤᠲᠠ ᠶᠢᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠪᠡ᠃    ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳ᠋ᠠ ᠲᠠᠩ ᠰᠢᠨ᠎ᠡ ᠡᠨᠧᠷᠭᠢ ᠶᠢᠨ 50 ᠲᠦᠮᠡᠨ ᠺᠢᠯᠣᠸᠠᠲ ᠤᠨ ᠬᠤᠣᠯᠢᠩᠭᠤᠣᠯ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠴᠠᠬᠢᠯᠭᠠᠨ ᠤ ᠬᠡᠮᠵᠢᠶ᠎ᠡ  ᠶᠢ  ᠨᠡᠮᠡᠭᠳᠡᠬᠦᠯᠦᠨ ᠳᠤᠬᠢᠷᠠᠭᠤᠯᠬᠤ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠰᠤᠷᠪᠤᠯᠵᠢᠯᠠᠭᠴᠢ ᠠᠵᠢᠯᠴᠢᠳ ᠠᠳᠠᠯᠢ ᠪᠤᠰᠤ ᠣᠷᠣᠨ ᠳᠤ ᠪᠠᠴᠢᠮ ᠠᠵᠢᠯᠯᠠᠵᠤ᠂ ᠲᠣᠮᠣ ᠬᠡᠯᠪᠡᠷᠢ ᠶᠢᠨ ᠮᠠᠰᠢᠨ ᠲᠡᠷᠭᠡ  ᠨᠠᠰᠢ ᠴᠠᠰᠢ ᠰᠦᠯᠵᠢᠯᠳᠡᠨ᠂ ᠠᠵᠢᠯᠲᠠᠳ ᠡᠯ᠎ᠡ ᠵᠠᠩᠭᠢᠯᠠᠭ᠎ᠠ ᠶᠢᠨ ᠪᠠᠷᠢᠯᠭ᠎ᠠ ᠶᠢᠨ ᠠᠬᠢᠴᠠ ᠶᠢ ᠡᠮᠬᠢ ᠵᠢᠷᠤᠮ ᠲᠠᠢ ᠪᠠᠷ ᠵᠣᠬᠢᠴᠠᠭᠤᠯᠵᠤ ᠪᠠᠶᠢᠬᠤ ᠶᠢ ᠣᠯᠵᠤ ᠬᠠᠷᠠᠪᠠ᠃ ᠳ᠋ᠠ ᠲᠠᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠶᠡᠷᠦᠩᠬᠡᠢ ᠳᠠᠭᠠᠭᠠᠴᠢᠯᠠᠯᠲᠠ ᠶᠢᠨ ᠨᠢᠭᠡᠴᠡ  ᠪᠤᠯᠬᠤ ᠵᠢᠶᠠᠩᠰᠦ ᠶᠢᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠺᠣᠮᠫᠠᠨᠢ ᠶᠢᠨ ᠲᠤᠬᠠᠢ ᠶᠢᠨ ᠲᠠᠯᠠᠪᠠᠢ ᠶᠢᠨ ᠲᠥᠷᠥᠯ ᠵᠦᠢᠯ ᠤᠨ ᠬᠡᠯᠲᠡᠰ ᠤᠨ ᠭᠦᠶ᠋ᠴᠡᠳᠬᠡᠬᠦ ᠳᠠᠭᠠᠭᠠᠮᠠᠯ ᠵᠠᠩ ᠴᠢᠦᠸᠡᠨ ᠬᠡᠯᠡᠭᠰᠡᠨ ᠨᠢ ᠄ ︽ᠡᠨᠡ ᠬᠡᠰᠡᠭ ᠬᠤᠭᠤᠴᠠᠭᠠᠨ ᠤ ᠪᠠᠷᠢᠯᠭ᠎ᠠ ᠶᠢᠨ ᠨᠢᠭᠡᠴᠡ᠂ ᠬᠠᠮᠢᠶᠠᠷᠤᠯᠲᠠ ᠶᠢᠨ ᠳᠠᠪᠬᠤᠷᠭ᠎ᠠ ᠠᠴᠠ ᠪᠠᠷᠢᠯᠭ᠎ᠠ ᠶᠢᠨ ᠳᠠᠪᠬᠤᠷᠭ᠎ᠠ ᠬᠦᠷᠲᠡᠯ᠎ᠡ᠂ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠨᠢᠭᠡᠳᠦᠨ᠂ ᠨᠠᠷᠢᠨ ᠨᠢᠮᠪᠠᠢ ᠤᠬᠠᠭᠠᠯᠠᠨ ᠰᠡᠳᠦᠵᠦ᠂ ᠬᠥᠳᠡᠯᠮᠦᠷᠢ ᠬᠦᠴᠦᠨ ᠢ ᠨᠡᠮᠡᠭᠳᠡᠭᠦᠯᠦᠨ᠂ ᠬᠥᠳᠡᠯᠮᠦᠷᠢ ᠶᠢᠨ ᠴᠠᠭ ᠢ ᠨᠡᠮᠡᠭᠳᠡᠭᠦᠯᠵᠦ᠂ ᠴᠠᠭ ᠠᠭᠤᠷ ᠵᠡᠷᠭᠡ ᠬᠦᠴᠦᠨ ᠵᠦᠢᠯ ᠢ ᠢᠯᠠᠨ ᠳᠠᠪᠠᠵᠤ᠂ ᠲᠣᠭᠲᠠᠭᠰᠠᠨ ᠴᠠᠭ ᠳᠠᠭᠠᠨ ᠣᠨᠣᠪᠴᠢᠲᠠᠢ᠂ ᠲᠤᠭ᠎ᠠ ᠬᠡᠮᠵᠢᠶ᠎ᠡ ᠶᠢ ᠪᠠᠲᠤᠯᠠᠨ ᠳ᠋ᠠ ᠲᠠᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠪᠡᠶᠡᠯᠡᠭᠦᠯᠬᠦ ᠪᠠᠷ ᠴᠢᠷᠮᠠᠶᠢᠨ᠎ᠠ︾ ᠭᠡᠵᠡᠢ᠃    2023 ᠣᠨ ᠤ 7 ᠰᠠᠷ᠎ᠠ ᠳᠤ᠂ ᠳ᠋ᠠ ᠲᠠᠩ ︵ᠥᠪᠥᠷ ᠮᠣᠩᠭᠤᠯ︶ ᠤᠨ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠬᠢᠭᠡᠳ ᠬᠤᠤᠯᠢᠩᠭᠤᠤᠯ ᠬᠤᠲᠠ ᠶᠢᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠦᠩᠯᠢᠶᠣᠤ ᠬᠤᠲᠠ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠪᠠᠷ ᠣᠷᠣᠯᠠᠭᠤᠯᠬᠤ ᠵᠢᠴᠢ ᠬᠢᠩᠭᠠᠨ ᠠᠶᠢᠮᠠᠭ ᠤᠨ ᠡᠯᠪᠡᠭ ᠪᠠᠶᠠᠯᠢᠭ ᠰᠢᠨ᠎ᠡ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ ︽ᠠᠶᠢᠮᠠᠭ ᠬᠤᠲᠠ ᠠᠯᠤᠰᠯᠠᠨ ᠴᠠᠬᠢᠯᠭᠠᠨ ᠬᠦᠷᠭᠡᠬᠦ︾ ᠶᠢ ᠰᠢᠨ᠎ᠡ ᠶᠢ ᠡᠭᠦᠳᠦᠨ ᠠᠬᠢᠭᠤᠯᠵᠤ᠂ ᠬᠤᠤᠯᠢᠩᠭᠤᠤᠯ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠡᠮᠡᠭᠳᠡᠯ ᠴᠠᠬᠢᠯᠭᠠᠨ ᠲᠦᠭᠡᠭᠡᠬᠦ ᠲᠣᠣᠷ ᠤᠨ 77.3 ᠲᠦᠮᠡᠨ ᠺᠢᠯᠣᠸᠠᠲ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠤᠨ ᠭᠦᠢᠴᠡᠳᠬᠡᠯ ᠲᠤᠭ᠎ᠠ ᠶᠢ ᠬᠠᠮᠲᠤᠪᠠᠷ ᠣᠯᠵᠤ᠂ ᠲᠥᠷᠥᠯ ᠵᠦᠢᠯ ᠤᠨ ᠴᠠᠬᠢᠯᠭᠠᠨ ᠭᠠᠷᠭᠠᠬᠤ ᠬᠡᠮᠵᠢᠶ᠎ᠡ ᠶᠢ ᠴᠥᠮ ᠬᠤᠤᠯᠢᠩᠭᠤᠤᠯ ᠬᠤᠲᠠ ᠶᠢᠨ ᠨᠡᠮᠡᠭᠳᠡᠯ ᠴᠠᠬᠢᠯᠭᠠᠨ ᠲᠦᠭᠡᠭᠡᠬᠦ ᠲᠣᠣᠷ ᠲᠤ ᠬᠦᠷᠭᠡᠵᠦ ᠲᠤᠬᠠᠢ ᠶᠢᠨ ᠭᠠᠵᠠᠷ ᠲᠤᠨᠢ ᠰᠢᠩᠭᠡᠭᠡᠵᠦ᠂ ᠬᠤᠤᠯᠢᠩᠭᠤᠤᠯ ᠬᠤᠲᠠ ᠶᠢᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠪᠣᠬᠢᠷᠲᠤᠯ ᠦᠭᠡᠢ ᠡᠨᠧᠷᠭᠢ ᠬᠠᠩᠭᠠᠨ᠎ᠠ᠃ ᠣᠶᠢᠯᠠᠭᠠᠭᠰᠠᠨ ᠢᠶᠠᠷ᠂ ᠲᠤᠰ ᠲᠥᠷᠥᠯ ᠵᠦᠢᠯ ᠤᠨ ᠲᠥᠯᠥᠪᠵᠢᠭᠦᠯᠭᠡ ᠶᠢᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 77.3 ᠲᠦᠮᠡᠨ ᠺᠢᠯᠣᠸᠠᠲ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 40 ᠳ᠋ᠦᠩᠰᠢᠭᠤᠷ ᠲᠥᠭᠦᠷᠢᠭ ᠪᠣᠯᠤᠨ᠎ᠠ᠃ ᠬᠤᠤᠯᠢᠩᠭᠤᠤᠯ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠶᠠᠷ ᠣᠷᠣᠨ ᠬᠤᠪᠢᠶᠠᠨ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠳᠤ ᠪᠠᠷᠤᠭ 21 ᠳ᠋ᠦᠩᠰᠢᠭᠤᠷ ᠺᠢᠯᠣᠸᠠᠲ ᠴᠠᠭ ᠴᠠᠬᠢᠯᠭᠠᠨ ᠬᠦᠷᠭᠡᠵᠦ᠂ 61 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠵᠤ᠂ ᠪᠠᠷᠤᠭ 162 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠵᠤ᠂ ᠣᠷᠣᠨ ᠪᠦᠰᠡ ᠶᠢᠨ ᠠᠵᠤ ᠠᠬᠤᠢ ᠶᠢᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃ ᠲᠠ ᠲᠠᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠮᠠᠱᠢᠨ ᠴᠣᠭᠴᠠᠯᠠᠪᠤᠷᠢ ᠶᠢᠨ ᠪᠠᠭᠲᠠᠭᠠᠮᠵᠢ 50 ᠲᠦᠮᠡᠨ ᠺᠢᠯᠣᠸᠠᠲ ᠪᠠᠶᠢᠵᠤ᠂ ᠵᠢᠱᠢᠯᠲᠡ ᠪᠠᠷ ᠶᠡᠷᠦᠩᠬᠡᠢ ᠪᠡᠯᠡ ᠣᠷᠣᠭᠤᠯᠤᠯᠲᠠ ᠨᠢ 25 ᠳ᠋ᠦᠩᠱᠢᠭᠤᠷ ᠲᠥᠭᠦᠷᠢᠭ ᠪᠣᠯᠤᠨ᠎ᠠ᠃    ᠳ᠋ᠠ ᠲᠠᠩ ︵ᠥᠪᠥᠷ ᠮᠣᠩᠭᠤᠯ︶ ᠤᠨ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ ᠮᠧᠩ ᠳ᠋ᠦᠩ ᠰᠢᠨ᠎ᠡ ᠡᠨᠧᠷᠭᠢ ᠶᠢᠨ ᠠᠵᠢᠯ ᠦᠢᠯᠡᠰ ᠤᠨ ᠬᠡᠯᠲᠡᠰ ᠤᠨ ᠲᠥᠷᠥᠯ ᠵᠦᠢᠯ ᠤᠨ ᠬᠠᠷᠢᠭᠤᠴᠠᠯᠭᠠᠲᠠᠨ ᠹᠧᠩ ᠵᠧ ᠵᠢᠶᠠᠨ ᠲᠠᠨᠢᠯᠴᠠᠭᠤᠯᠤᠭᠰᠠᠨ ᠢᠶᠠᠷ᠂ ᠲᠥᠷᠥᠯ ᠵᠦᠢᠯ ᠢ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 20 ᠲᠦᠮᠡᠨ ᠺᠢᠯᠣᠸᠠᠲ ᠲᠤ ᠬᠦᠷᠴᠦ᠂ ᠲᠠᠯᠠᠪᠠᠢ ᠶᠢᠨ ᠣᠷᠣᠨ ᠳᠤ 7.5MW ᠵᠢᠴᠢ 2 ᠰᠠᠭᠤᠷᠢ 6.25MW ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢ 25᠂ 8 ᠤᠳᠠᠭ᠎ᠠ 35kv ᠶᠢᠨ ᠬᠤᠷᠠᠮᠠᠯ ᠴᠠᠬᠢᠯᠭᠠᠨ ᠬᠡᠯᠬᠢᠶ᠎ᠡ ᠶᠢ ᠬᠡᠷᠡᠭᠯᠡᠨ ᠬᠦᠴᠦᠳᠡᠯ ᠳᠡᠭᠡᠭᠰᠢᠯᠡᠭᠦᠯᠬᠦ ᠥᠷᠲᠡᠭᠡ ᠳᠤ ᠵᠠᠯᠭᠠᠨ ᠣᠷᠣᠭᠤᠯᠪᠠ᠃ ᠲᠥᠷᠥᠯ ᠵᠦᠢᠯ ᠳᠤ 220kV ᠬᠦᠴᠦᠳᠡᠯ ᠳᠡᠭᠡᠭᠰᠢᠯᠡᠭᠦᠯᠬᠦ ᠥᠷᠲᠡᠭᠡ ᠨᠢᠭᠡ ᠶᠢ ᠰᠢᠨ᠎ᠡ ᠪᠠᠷ ᠪᠠᠶᠢᠭᠤᠯᠵᠤ᠂ 87km ᠤᠨ ᠠᠳᠠᠯᠢ ᠰᠤᠪᠤᠷᠭ᠎ᠠ ᠶᠢᠨ ᠬᠤᠣᠰ ᠪᠤᠴᠠᠭᠠᠯᠲᠠ 220kV ᠶᠢᠨ ᠬᠦᠷᠭᠡᠬᠦ ᠱᠤᠭᠤᠮ ᠢᠶᠠᠷ ᠬᠤᠤᠯᠢᠩᠭᠤᠤᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠠᠭᠠᠰᠤ ᠪᠠᠷ ᠬᠦᠴᠦᠳᠡᠯ ᠥᠭᠡᠷᠡᠴᠢᠯᠡᠬᠦ ᠥᠷᠲᠡᠭᠡ ᠳᠤ ᠬᠦᠷᠭᠡᠨ᠎ᠡ᠃ ᠲᠥᠷᠥᠯ ᠵᠦᠢᠯ ᠢ 7 ᠰᠠᠷ᠎ᠠ ᠶᠢᠨ 15 ᠤ ᠡᠳᠦᠷ ᠵᠢᠩᠬᠢᠨᠢ ᠪᠠᠷ ᠠᠵᠢᠯ ᠡᠬᠢᠯᠡᠭᠦᠯᠵᠦ᠂ 10 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦ ᠰᠢᠷᠣᠢ ᠪᠠᠷᠢᠬᠤ ᠪᠠᠷᠢᠯᠭ᠎ᠠ ᠶᠢ ᠳᠠᠭᠤᠰᠬᠠᠬᠤ ᠪᠠᠷ ᠲᠥᠯᠥᠪᠯᠡᠵᠦ᠂ 12 ᠰᠠᠷ᠎ᠠ ᠶᠢᠨ ᠰᠡᠭᠦᠯᠴᠢ ᠪᠠᠷ 27 ᠰᠠᠭᠤᠷᠢ ᠰᠠᠯᠬᠢᠨ ᠬᠦᠴᠦᠨ ᠤ ᠮᠠᠰᠢᠨ ᠢ ᠳᠡᠭᠦᠵᠢᠯᠡᠨ ᠤᠭᠰᠠᠷᠠᠵᠤ ᠳᠠᠭᠤᠰᠬᠠᠬᠤ ᠶᠢᠨ ᠬᠠᠮᠲᠤ ᠬᠦᠴᠦᠳᠡᠯ ᠳᠡᠭᠡᠭᠰᠢᠯᠡᠭᠦᠯᠬᠦ ᠥᠷᠲᠡᠭᠡ ᠶᠢᠨ ᠲᠥᠬᠦᠭᠡᠷᠦᠮᠵᠢ ᠳᠤ ᠴᠠᠬᠢᠯᠭᠠᠨ ᠠᠪᠬᠤ ᠨᠥᠬᠦᠴᠡᠯ ᠢ ᠪᠦᠷᠢᠯᠳᠦᠭᠦᠯᠦᠨ᠎ᠡ᠃ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 30 ᠲᠦᠮᠡᠨ ᠺᠢᠯᠣᠸᠠᠲ ᠪᠠᠶᠢᠵᠤ᠂ ᠣᠳᠣᠬᠠᠨ ᠳᠤ ᠶᠠᠭ ᠡᠮᠦᠨᠡᠬᠢ ᠬᠤᠭᠤᠴᠠᠭᠠᠨ ᠤ ᠭᠠᠵᠠᠷ ᠬᠡᠷᠡᠭᠯᠡᠬᠦ ᠪᠠ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠵᠦ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号