ᠡᠷᠳᠡᠨᠢ ᠰᠢᠰᠢ ᠶᠢᠨ ᠦᠷ᠎ᠡ ᠶᠢ ᠰᠢᠭᠤᠳ ᠬᠤᠷᠷᠢᠶᠠᠵᠤ ᠲᠠᠷᠢᠶᠠᠴᠢᠨ ᠡᠷᠦᠬᠡ ᠶᠢᠨ ᠤᠨᠠᠯᠲᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/10/25
    ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨᠠᠵᠠᠮ ᠰᠤᠮᠤ ᠶᠢᠨ ᠬᠤᠯᠪᠣᠭ᠎ᠠ ᠭᠠᠴᠠᠭᠠᠨ ᠤ ᠲᠠᠷᠢᠶᠠᠴᠢᠨ ᠡᠷᠦᠬᠡ ᠶᠢᠨ ᠡᠷᠳᠡᠨᠢ ᠰᠢᠰᠢ ᠶᠢᠨ ᠲᠠᠷᠢᠶᠠᠨ ᠳᠤ ᠮᠠᠰᠢᠨ ᠨᠢᠵᠢᠭᠢᠨᠡᠵᠦ᠂ ᠡᠷᠳᠡᠨᠢ ᠰᠢᠰᠢ ᠶᠢᠨ ᠦᠷ᠎ᠡ ᠲᠠᠢ ᠰᠢᠭᠤᠳ ᠬᠤᠷᠢᠶᠠᠬᠤ ᠮᠠᠰᠢᠨ ᠶᠠᠭ ᠠᠵᠢᠯᠯᠠᠵᠤ᠂ ᠲᠠᠷᠢᠶᠠᠨ ᠭᠠᠵᠠᠷ ᠲᠤ ᠡᠯᠪᠡᠭ ᠬᠤᠷᠢᠶᠠᠯᠲᠠ ᠶᠢᠨ ᠪᠠᠶᠢᠳᠠᠯ ᠢᠯᠡᠷᠡᠪᠡ᠃ ᠡᠷᠳᠡᠨᠢ ᠰᠢᠰᠢ ᠶᠢᠨ ᠮᠥᠬᠦᠯᠢᠭᠲᠦ ᠬᠠᠳᠤᠬᠤ ᠮᠠᠰᠢᠨ ᠲᠠᠷᠢᠶᠠᠨ ᠳᠤᠮᠳᠠ ᠠᠵᠢᠯᠯᠠᠨ᠎ᠠ᠃ ᠮᠧᠬᠠᠨᠢᠭ ᠬᠦᠩᠭᠢᠨᠡᠮ᠎ᠡ ᠳᠠᠭᠤᠨ ᠢ ᠳᠠᠭᠠᠯᠳᠤᠨ᠂ ᠠᠯᠲᠠᠨ ᠰᠢᠷᠭᠠᠯ ᠡᠷᠳᠡᠨᠢ ᠰᠢᠰᠢ ᠬᠤᠷᠢᠶᠠᠬᠤ ᠮᠠᠰᠢᠨ ᠤ ︽ᠠᠮᠤ ᠪᠤᠳᠠᠭᠠᠨ ᠤ ᠬᠥᠮᠥᠷᠭᠡ︾ ᠳᠤ ᠣᠷᠣᠵᠤ᠂ ᠡᠷᠳᠡᠨᠢ ᠰᠢᠰᠢ ᠬᠤᠯᠢᠯᠳᠤᠵᠤ ᠬᠡᠮᠬᠡᠯᠦᠭᠰᠡᠨ ᠪᠣᠳᠠᠰ ᠢ ᠰᠢᠭᠤᠳ ᠲᠠᠷᠢᠶᠠᠨ ᠭᠠᠵᠠᠷ ᠲᠤ ᠠᠰᠬᠠᠵᠤ᠂ ᠲᠦᠷᠦᠭᠦᠦ ᠶᠢ ᠨᠢ ᠲᠡᠭᠦᠬᠦ᠂ ᠬᠠᠯᠢᠰᠤ ᠶᠢ ᠨᠢ ᠱᠠᠭᠠᠯᠬᠤ᠂ ᠮᠥᠯᠢᠬᠦ ᠵᠡᠷᠭᠡ ᠲᠡᠭᠡᠭᠡᠪᠦᠷᠢ ᠶᠢᠨ ᠶᠠᠪᠤᠴᠠ ᠶᠢ ᠨᠢᠭᠡ ᠯᠡ ᠠᠮᠢᠰᠬᠤᠭ᠎ᠠ ᠪᠠᠷ ᠪᠦᠲᠦᠭᠡᠵᠡᠢ᠃ ᠭᠡᠪᠡᠴᠦ ᠡᠨᠡ ᠨᠢ ᠨᠢᠭᠡ ᠤᠳᠠᠭᠠᠨ ᠤ ᠳᠥᠭᠦᠮᠬᠡᠨ ᠢᠶᠠᠷ ᠬᠠᠳᠤᠵᠤ ᠪᠠᠶᠢᠭ᠎ᠠ ᠶᠠᠪᠤᠳᠠᠯ ᠪᠢᠰᠢ᠂ ᠬᠠᠷᠢᠨ 2024 ᠣᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠯᠵᠢᠭᠦᠯᠦᠨ ᠬᠤᠪᠢᠷᠠᠭᠤᠯᠬᠤ ᠪᠡᠯᠡ ᠮᠥᠩᠭᠦ ᠶᠢᠨ ᠲᠥᠷᠥᠯ ᠵᠦᠢᠯ ᠤᠨ ᠡᠷᠳᠡᠨᠢ ᠰᠢᠰᠢ ᠶᠢᠨ ᠮᠠᠰᠢᠨ ᠢ ᠰᠢᠭᠤᠳ ᠬᠤᠷᠢᠶᠠᠬᠤ ᠦᠷ᠎ᠡ ᠶᠢᠨ ᠤᠨᠠᠯᠲᠠ ᠶᠢ ᠬᠡᠮᠵᠢᠬᠦ ᠦᠵᠡᠭᠦᠯᠦᠯᠭᠡ ᠶᠢᠨ ᠲᠤᠬᠠᠢ ᠶᠢᠨ ᠲᠠᠯᠠᠪᠠᠢ ᠪᠣᠯᠤᠨ᠎ᠠ᠃ ᠬᠠᠳᠤᠵᠤ ᠬᠤᠷᠢᠶᠠᠬᠤ ᠮᠠᠰᠢᠨ ᠳᠦᠭᠦᠷᠲᠡᠯ᠎ᠡ ᠲᠡᠭᠡᠭᠡᠵᠦ ᠬᠤᠷᠢᠶᠠᠭᠰᠠᠨ ᠤ ᠳᠠᠷᠠᠭ᠎ᠠ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠨ ᠠᠴᠠ ᠢᠷᠡᠭᠰᠡᠨ ᠲᠤᠰᠬᠠᠢ ᠮᠡᠷᠭᠡᠵᠢᠯᠲᠡᠨ ᠲᠠᠷᠢᠶᠠᠨ ᠳᠤ ᠣᠷᠣᠵᠤ᠂ ᠡᠷᠳᠡᠨᠢ ᠰᠢᠰᠢ ᠶᠢ ᠲᠡᠭᠦᠵᠦ ᠲᠠᠷᠢᠶᠠᠨ ᠭᠠᠵᠠᠷ ᠤᠨ ᠬᠤᠬᠢᠷᠠᠯ ᠤᠨ ᠨᠣᠷᠮ᠎ᠠ ᠶᠢ ᠬᠡᠮᠵᠢᠨ ᠪᠣᠳᠣᠬᠤ ᠳᠤ ᠬᠡᠷᠡᠭᠯᠡᠨ᠎ᠡ᠃ ᠪᠣᠳᠠᠲᠠᠢ ᠬᠡᠮᠵᠢᠬᠦ ᠠᠯᠢ ᠣᠯᠠᠨ ᠵᠠᠩᠭᠢᠯᠠᠭ᠎ᠠ ᠪᠠᠷ᠂ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ ᠦᠶᠡᠷ ᠤᠰᠤᠲᠤᠯ ᠤᠨ ᠭᠠᠮᠰᠢᠭ᠂ ᠡᠪᠡᠳᠴᠢᠨ ᠬᠤᠷᠣᠬᠠᠢ ᠶᠢᠨ ᠭᠠᠮᠰᠢᠭ ᠣᠯᠠᠨ ᠭᠠᠷᠳᠠᠭ ᠪᠠᠶᠢᠳᠠᠯ ᠳᠣᠣᠷ᠎ᠠ᠂ 14% ᠶᠢᠨ ᠤᠰᠤ ᠠᠭᠤᠯᠬᠤ ᠨᠣᠷᠮ᠎ᠠ ᠶᠢᠨ ᠳᠤᠮᠳᠠᠴᠢ ᠪᠠᠷ ᠮᠦ ᠪᠦᠷᠢ ᠶᠢᠨ ᠤᠨᠠᠯᠲᠠ 815 ᠺᠢᠯᠣᠭ᠍ᠷᠠᠮ ᠳᠤ ᠬᠦᠷᠴᠦ᠂ ᠲᠠᠷᠢᠶᠠᠨ ᠭᠠᠵᠠᠷ ᠤᠨ ᠬᠤᠬᠢᠷᠠᠯ ᠤᠨ ᠨᠣᠷᠮ᠎ᠠ 1.2% ᠲᠤ ᠬᠦᠷᠴᠦ᠂ ᠤᠯᠤᠰ ᠤᠨ ᠪᠠᠷᠢᠮᠵᠢᠶ᠎ᠠ ᠳᠤ ᠬᠦᠷᠴᠡᠢ᠃    ᠬᠤᠯᠪᠣᠭ᠎ᠠ ᠭᠠᠴᠠᠭᠠᠨ ᠤ ᠲᠠᠷᠢᠶᠠᠴᠢᠨ ᠡᠷᠦᠬᠡ ᠾᠧ ᠪᠦᠦ ᠱᠠᠨ ᠤ ᠲᠠᠷᠢᠶᠠᠨ ᠳᠤ᠂ ᠠᠯᠲᠠᠨ ᠰᠢᠷᠭᠠᠯ ᠡᠷᠳᠡᠨᠢ ᠰᠢᠰᠢ ᠶᠢ ᠬᠠᠳᠤᠵᠤ ᠬᠤᠷᠢᠶᠠᠬᠤ ᠮᠠᠰᠢᠨ ᠢᠶᠠᠷ ᠴᠢᠳᠬᠤᠵᠤ ᠭᠠᠷᠭᠠᠨ᠂ ᠲᠠᠷᠢᠶᠠᠯᠠᠩ ᠳᠤ ᠬᠡᠷᠡᠭᠯᠡᠬᠦ ᠳᠥᠷᠪᠡᠨ ᠬᠦᠷᠳᠦᠲᠦ ᠲᠡᠷᠭᠡ ᠳᠤ ᠰᠠᠪᠠᠯᠠᠵᠤ᠂ ᠾᠧ ᠪᠦᠦ ᠱᠠᠨ ᠲᠡᠷᠭᠡᠨ ᠳᠤ ᠳᠦᠭᠦᠷᠡᠩ ᠡᠷᠳᠡᠨᠢ ᠰᠢᠰᠢ ᠶᠢᠨ ᠮᠥᠬᠦᠯᠢᠭ ᠢ ᠬᠠᠷᠠᠭᠠᠳ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠪᠢᠯᠬᠠᠵᠤ ᠪᠠᠶᠢᠯ᠎ᠠ᠃ ︽ᠦᠷ᠎ᠡ ᠶᠢᠨ ᠰᠢᠩᠭᠡᠨ ᠢ ᠰᠢᠭᠤᠳ ᠬᠤᠷᠢᠶᠠᠬᠤ ᠡᠨᠡ ᠬᠦ ᠲᠥᠷᠥᠯ ᠵᠦᠢᠯ ᠢ ᠮᠠᠨ ᠤ ᠭᠠᠴᠠᠭᠠᠨ ᠳᠤ ᠳᠡᠯᠭᠡᠷᠡᠭᠦᠯᠦᠭᠰᠡᠨ ᠤ ᠳᠠᠷᠠᠭ᠎ᠠ᠂ ᠡᠷᠳᠡᠨᠢ ᠰᠢᠰᠢ ᠶᠢᠨ ᠤᠨᠠᠯᠲᠠ ᠨᠡᠮᠡᠭᠳᠡᠵᠦ᠂ ᠣᠷᠣᠯᠭ᠎ᠠ ᠴᠤ ᠳᠡᠭᠡᠭᠰᠢᠯᠡᠵᠦ᠂ ᠨᠢᠳᠤᠨᠤᠨ ᠮᠢᠨᠦ ᠮᠦ ᠪᠦᠷᠢ ᠶᠢᠨ ᠤᠨᠠᠯᠲᠠ 1200 ᠵᠢᠩ᠂ ᠡᠨᠡ ᠵᠢᠯ 1500 ᠭᠠᠷᠤᠢ ᠵᠢᠩ ᠳᠤ ᠬᠦᠷᠴᠦ᠂ ᠡᠨᠡ ᠵᠢᠯ ᠪᠢ 80 ᠭᠠᠷᠤᠢ ᠮᠦ ᠲᠠᠷᠢᠵᠤ᠂ 10 ᠭᠠᠷᠤᠢ ᠲᠦᠮᠡᠨ ᠲᠥᠭᠦᠷᠢᠭ ᠬᠤᠳᠠᠯᠳᠤᠨ᠎ᠠ︾ ᠬᠡᠵᠤ ᠾᠧ ᠪᠦᠦ ᠱᠠᠨ ᠪᠠᠶᠠᠷᠲᠠᠢ ᠪᠠᠷ ᠬᠡᠯᠡᠪᠡ᠃    ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠠᠭᠤᠷᠢᠨ ᠭᠠᠵᠠᠷ ᠬᠤᠯᠪᠣᠭ᠎ᠠ ᠭᠠᠴᠠᠭ᠎ᠠ ᠶᠢᠨ ᠪᠣᠳᠠᠲᠠᠢ ᠨᠠᠶᠢᠳᠠᠪᠤᠷᠢᠵᠢᠭᠤᠯᠤᠯᠲᠠ ᠶᠢ ᠦᠨᠳᠦᠰᠦᠯᠡᠨ ᠂ ᠭᠠᠴᠠᠭ᠎ᠠ ᠳᠤ ︽ᠳᠠᠪᠠᠭᠠᠨ ᠤ ᠡᠮᠦᠨᠡᠬᠢ ᠳᠤᠯᠠᠭᠠᠨ ᠣᠷᠣᠨ ᠤ ᠡᠷᠳᠡᠨᠢ ᠰᠢᠰᠢ ᠶᠢᠨ ᠮᠥᠬᠦᠯᠢᠭ ᠬᠤᠷᠢᠶᠠᠬᠤ ᠪᠦᠬᠦ ᠶᠠᠪᠤᠴᠠ ᠶᠢᠨ ᠮᠠᠰᠢᠨᠴᠢᠯᠠᠭᠰᠠᠨ ᠦᠷ᠎ᠡ ᠶᠢᠨ ᠬᠤᠷᠢᠶᠠᠯᠲᠠ ᠶᠢ ᠰᠢᠭᠤᠳ ᠬᠤᠷᠢᠶᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠵᠠᠭᠪᠤᠷ ᠢᠶᠠᠷ ᠵᠢᠱᠢᠶ᠎ᠡ ᠦᠵᠡᠭᠦᠯᠦᠨ ᠳᠡᠯᠭᠡᠷᠡᠭᠦᠯᠬᠦ︾ ᠲᠥᠷᠥᠯ ᠵᠦᠢᠯ ᠢ ᠬᠡᠷᠡᠭᠵᠢᠭᠦᠯᠵᠦ᠂ 2022 ᠣᠨ ᠳᠤ ᠲᠠᠷᠢᠬᠤ ᠲᠠᠯᠠᠪᠠᠢ 2000 ᠮᠦ ᠪᠣᠯᠵᠤ᠂ ᠣᠷᠣᠯᠭ᠎ᠠ ᠪᠠᠨ ᠨᠡᠮᠡᠭᠳᠡᠭᠦᠯᠬᠦ ᠦᠷ᠎ᠡ ᠪᠦᠲᠦᠮᠵᠢ ᠢᠯᠡᠳᠲᠡ ᠪᠣᠯᠵᠣ᠂ ᠤᠯᠠᠮ ᠠᠴᠠ ᠤᠯᠠᠮ ᠣᠯᠠᠨ ᠲᠠᠷᠢᠶᠠᠴᠢᠨ ᠡᠷᠦᠬᠡ ᠣᠷᠣᠵᠤ ᠢᠷᠡᠪᠡ᠂ ᠣᠳᠣᠬᠠᠨ ᠳᠤ ᠲᠠᠷᠢᠬᠤ ᠲᠠᠯᠠᠪᠠᠢ ᠨᠢᠭᠡᠨᠲᠡ 4500 ᠮᠦ ᠪᠣᠯᠤᠭᠰᠠᠨ ᠪᠠᠶᠢᠨ᠎ᠠ᠃ ᠾᠧ ᠪᠦᠦ ᠱᠠᠨ ᠡᠯᠪᠡᠭ ᠬᠤᠷᠢᠶᠠᠯᠲᠠ ᠶᠢᠨ ᠡᠷᠳᠡᠨᠢ ᠰᠢᠰᠢ ᠶᠢ ᠦᠵᠡᠭᠡᠳ ᠠᠮᠠ ᠬᠠᠮᠬᠢᠯ ᠦᠭᠡᠢ ᠢᠨᠢᠶᠡᠪᠡ᠃ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠱᠢ ᠬᠠᠢ ᠪᠦᠸᠧ ᠬᠡᠯᠡᠬᠦ ᠳᠡᠭᠡᠨ᠄ ︽ᠮᠠᠨ ᠤ ᠲᠤᠰ ᠲᠥᠷᠥᠯ ᠵᠦᠢᠯ ᠨᠢ ᠨᠢᠭᠡᠨᠲᠡ ᠭᠤᠷᠪᠠᠨ ᠵᠢᠯ ᠪᠣᠯᠵᠤ᠂ ᠬᠡᠷᠡᠭᠵᠢᠭᠦᠯᠬᠦ ᠶᠠᠪᠤᠴᠠ ᠳᠤ᠂ ᠪᠢᠳᠡ ᠭᠡᠷ ᠳᠣᠲᠣᠷᠠᠬᠢ ᠮᠡᠷᠭᠡᠵᠢᠯ ᠤᠨ ᠪᠣᠯᠪᠠᠰᠤᠷᠠᠭᠤᠯᠤᠯ᠂ ᠲᠠᠷᠢᠶᠠᠨ ᠭᠠᠵᠠᠷ ᠤᠨ ᠥᠰᠥᠯᠲᠡ ᠶᠢᠨ ᠵᠠᠩᠭᠢᠯᠠᠭ᠎ᠠ ᠶᠢᠨ ᠬᠠᠮᠢᠶᠠᠷᠤᠯᠲᠠ ᠶᠢᠨ ᠭᠤᠭᠴᠤᠭ᠎ᠠ ᠶᠢᠨ ᠲᠤᠬᠠᠢ ᠶᠢᠨ ᠲᠠᠯᠠᠪᠤᠷ ᠤᠨ ᠵᠢᠯᠣᠭᠤᠳᠣᠯᠭ᠎ᠠ ᠪᠣᠯᠪᠠᠰᠤᠷᠠᠭᠤᠯᠤᠯ ᠢᠶᠠᠷ ᠳᠡᠮᠵᠢᠨ᠂ ᠨᠠᠮᠤᠷ ᠤᠨ ᠤᠯᠠᠷᠢᠯ ᠤᠨ ᠲᠣᠮᠣ ᠬᠡᠯᠪᠡᠷᠢ ᠶᠢᠨ ᠮᠥᠬᠦᠯᠢᠭᠲᠦ ᠮᠠᠰᠢᠨ ᠬᠤᠷᠢᠶᠠᠬᠤ ᠲᠤᠬᠠᠢ ᠶᠢᠨ ᠲᠠᠯᠠᠪᠤᠷ ᠤᠨ ᠪᠣᠳᠠᠲᠠᠢ ᠬᠡᠮᠵᠢᠯᠲᠡ ᠶᠢᠨ ᠦᠵᠡᠭᠦᠯᠦᠯᠭᠡ ᠶᠢᠨ ᠴᠤᠭᠯᠠᠭᠠᠨ ᠵᠡᠷᠭᠡ ᠬᠡᠯᠪᠡᠷᠢ ᠪᠠᠷ ᠠᠷᠠᠳ ᠣᠯᠠᠨ ᠳᠤ ᠲᠤᠰ ᠮᠡᠷᠭᠡᠵᠢᠯ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠦᠭᠰᠡᠨ ᠦᠷ᠎ᠡ ᠪᠦᠲᠦᠮᠵᠢ ᠶᠢ ᠨᠢᠳᠦ ᠪᠠᠷ ᠢᠶᠠᠨ ᠦᠵᠡᠭᠦᠯᠵᠦ᠂ ᠲᠡᠳᠡᠨ ᠤ ᠲᠤᠰ ᠮᠡᠷᠭᠡᠵᠢᠯ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠪᠡ︾ ᠭᠡᠵᠡᠢ᠃    ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠡᠷᠳᠡᠨᠢ ᠰᠢᠰᠢ ᠶᠢᠨ ᠦᠷ᠎ᠡ ᠶᠢᠨ ᠰᠢᠭᠤᠳ ᠬᠤᠷᠢᠶᠠᠯᠲᠠ ᠨᠢ ᠡᠷᠳᠡᠨᠢ ᠰᠢᠰᠢ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢ ᠮᠠᠰᠢᠨᠴᠢᠯᠠᠬᠤ ︽ᠡᠴᠦᠰ ᠤᠨ ᠨᠢᠭᠡ ᠺᠢᠯᠤᠮᠧᠲᠷ︾ ᠤᠨ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ ᠦᠷ᠎ᠡ ᠶᠢᠨ ᠰᠢᠭᠤᠳ ᠬᠤᠷᠢᠶᠠᠬᠤ ᠠᠵᠢᠯ ᠤᠨ ᠦᠷ᠎ᠡ ᠪᠦᠲᠦᠮᠵᠢ ᠥᠨᠳᠥᠷ᠂ ᠥᠪᠡᠷ ᠤᠨ ᠥᠷᠲᠡᠭ ᠳᠣᠣᠷ᠎ᠠ᠂ ᠬᠠᠮᠤᠭ ᠤᠨ ᠶᠡᠭᠡ ᠬᠡᠮᠵᠢᠶ᠎ᠡ ᠪᠠᠷ ᠬᠥᠳᠡᠯᠮᠦᠷᠢ ᠬᠦᠴᠦᠨ ᠢ ᠠᠷᠪᠢᠯᠠᠵᠤ ᠴᠢᠳᠠᠨ᠎ᠠ᠃ ᠡᠭᠦᠨ ᠤ ᠬᠠᠮᠲᠤ᠂ ᠡᠷᠳᠡᠨᠢ ᠰᠢᠰᠢ ᠶᠢᠨ ᠤᠨᠠᠯᠲᠠ ᠶᠢ ᠰᠢᠭᠤᠳ ᠬᠤᠷᠢᠶᠠᠬᠤ ᠡᠷᠳᠡᠨᠢ ᠰᠢᠰᠢ ᠶᠢᠨ ᠤᠨᠠᠯᠲᠠ ᠥᠨᠳᠥᠷ᠂ ᠤᠰᠤᠨ ᠤ ᠬᠤᠪᠢᠶᠠᠷᠢᠯᠠᠯ ᠳᠣᠣᠷ᠎ᠠ᠂ ᠬᠠᠳᠠᠭᠠᠯᠠᠬᠤ ᠳᠤ ᠬᠢᠯᠪᠠᠷ᠂ ᠵᠥᠭᠡᠭᠡᠪᠦᠷᠢᠯᠡᠬᠦ ᠳᠤ ᠰᠠᠶᠢᠨ ᠪᠠᠶᠢᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ ᠪᠣᠯᠤᠨ᠎ᠠ᠃ ᠠᠯᠲᠠᠨ ᠰᠢᠷᠭᠠᠯ ᠡᠷᠳᠡᠨᠢ  ᠰᠢᠰᠢ ᠬᠠᠳᠤᠵᠤ ᠬᠤᠷᠢᠶᠠᠬᠤ ᠶᠢ ᠬᠦᠯᠢᠶᠡᠨ᠎ᠡ᠃ ᠰᠢᠨᠡᠵᠠᠮ ᠰᠤᠮᠤ ᠶᠢᠨ ᠨᠠᠮ ᠤᠨ ᠬᠤᠷᠢᠶᠠᠨ ᠤ ᠱᠦᠵᠢ ᠰᠢᠦᠢ ᠲᠢᠶᠠᠨ ᠬᠡᠯᠡᠭᠰᠡᠨ ᠨᠢ᠄ ︽ᠲᠤᠰ ᠲᠥᠷᠥᠯ ᠵᠦᠢᠯ ᠢ 2022 ᠣᠨ ᠠᠴᠠ ᠬᠡᠷᠡᠭᠵᠢᠭᠦᠯᠦᠭᠰᠡᠨ ᠠᠴᠠ ᠨᠠᠰᠢ᠂ ᠤᠨᠠᠯᠲᠠ ᠶᠢ ᠬᠡᠮᠵᠢᠭᠰᠡᠨ ᠠᠮᠵᠢᠯᠲᠠ ᠵᠢᠯ ᠳᠠᠷᠠᠭᠠᠯᠠᠨ ᠳᠡᠭᠡᠭᠰᠢᠯᠡᠵᠦ᠂ ᠳᠡᠯᠭᠡᠷᠡᠭᠦᠯᠬᠦ ᠲᠠᠯᠠᠪᠠᠢ ᠴᠤ ᠵᠢᠯ ᠳᠠᠷᠠᠭᠠᠯᠠᠨ ᠥᠷᠭᠡᠳᠴᠦ᠂ ᠮᠠᠨ ᠤ ᠣᠯᠠᠨ ᠲᠦᠮᠡᠨ ᠤ ᠮᠡᠳᠡᠷᠡᠮᠵᠢ ᠶᠢᠨ ᠬᠡᠮᠵᠢᠶ᠎ᠡ ᠴᠦ ᠤᠯᠠᠮ ᠠᠴᠠ ᠤᠯᠠᠮ ᠥᠨᠳᠥᠷ ᠪᠣᠯᠵᠤ᠂ ᠳᠠᠷᠠᠭᠠᠴᠢ ᠶᠢᠨ ᠠᠯᠬᠤᠮ ᠳᠤ ᠪᠢᠳᠡ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠲᠠᠷᠢᠶᠠᠯᠠᠩ ᠳᠤ ᠦᠢᠯᠡᠴᠢᠯᠡᠬᠦ᠂ ᠲᠠᠷᠢᠶᠠᠴᠢᠳ ᠲᠤ ᠦᠢᠯᠡᠴᠢᠯᠡᠬᠦ ᠣᠷᠣᠯᠭ᠎ᠠ ᠶᠢ ᠨᠡᠮᠡᠭᠳᠡᠭᠦᠯᠬᠦ ᠵᠠᠭᠪᠤᠷ ᠢ ᠬᠠᠶᠢᠨ ᠰᠦᠪᠡᠭᠴᠢᠯᠡᠨ᠎ᠡ ᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号