10 ᠰᠠᠷ᠎ᠠ ᠶᠢᠨ 27 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠬᠤᠷᠴᠢᠨ ᠤ | ᠰᠤᠷᠲᠠᠯ ᠤᠬᠠᠭᠤᠯᠭ᠎ᠠ ᠰᠣᠶᠣᠯ ᠤᠨ ᠲᠥᠪ ᠤᠨ ᠶᠣᠰᠣᠯᠠᠯ ᠤᠨ ᠲᠠᠩᠬᠢᠮ ᠳᠤ ᠬᠤᠷᠠᠯᠳᠤᠪᠠ᠃ ᠪᠦᠦ ᠬᠦᠭᠵᠢᠯᠲᠦ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ | ᠳᠠᠷᠤᠭ᠎ᠠ ᠪᠠᠷ ᠰᠣᠩᠭᠤᠭᠳᠠᠪᠠ᠃ | ᠼᠠᠢ ᠪᠦᠦ ᠵᠢᠶᠦ᠋ᠨ᠂ ᠪᠦᠦ ᠬᠦᠭᠵᠢᠯᠲᠦ᠂ ᠴᠡᠩᠭᠡᠯᠳᠦ᠂ ᠲᠦᠩ ᠬᠤᠩ ᠶᠠᠨ᠂ ᠵᠤᠤ ᠯᠢᠶᠠᠨ ᠰᠢ᠂ ᠬᠠᠰ᠂ | ᠵᠠᠩ ᠶᠢᠨ ᠱᠤᠸᠠᠩ᠂ ᠯᠢ ᠬᠤᠩ ᠢᠦᠢ ᠵᠡᠷᠭᠡ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ | ᠶᠡᠭᠡ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠠᠢ᠃ | ᠴᠧᠨ ᠴᠢᠩ ᠬᠤᠸᠠ᠂ ᠮᠠᠨᠳᠤᠯ᠂ ᠹᠧᠩ ᠵᠢᠶᠠᠨ ᠵᠦᠩ᠂ ᠴᠧᠨ ᠰᠢᠦᠸᠡᠢ ᠵᠢᠶᠣᠤ᠂ ᠵᠢᠶᠠᠩ ᠪᠧᠢ ᠫᠢᠩ᠂ ᠸᠠᠩ | ᠵᠢᠶᠠ ᠵᠢᠢ ᠵᠡᠷᠭᠡ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠲᠡᠷᠢᠭᠦᠯᠡᠭᠴᠢ ᠶᠢᠨ | ᠲᠠᠶᠢᠰᠠᠨ ᠳᠤ ᠰᠠᠭᠠᠲᠠᠪᠠ᠃ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 195 ᠬᠥᠮᠦᠨ᠂ ᠪᠣᠳᠠᠲᠠᠢ | ᠣᠷᠣᠯᠴᠠᠭᠰᠠᠨ ᠲᠥᠯᠥᠭᠡᠯᠡᠭᠴᠢ 167 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ | ᠨᠡᠶᠢᠴᠡᠪᠡ᠃ | ᠦᠳᠡ ᠶᠢᠨ ᠡᠮᠦᠨᠡᠬᠢ 9 ᠴᠠᠭ ᠲᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ | ᠲᠡᠷᠢᠭᠦᠯᠡᠭᠴᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠴᠡᠩᠭᠡᠯᠳᠦ ᠬᠤᠷᠠᠯ ᠢ ᠡᠷᠬᠢᠯᠡᠭᠰᠡᠨ ᠪᠥᠭᠡᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯ ᠡᠬᠢᠯᠡᠭᠰᠡᠨ ᠢ ᠵᠠᠷᠯᠠᠪᠠ᠃ ᠳᠠᠷᠠᠭ᠎ᠠ ᠨᠢ᠂ ᠪᠦᠭᠦᠳᠡᠭᠡᠷ ᠢᠶᠠᠨ ᠪᠣᠰᠴᠤ ᠵᠣᠭᠰᠣᠨ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠳᠠᠭᠤᠤ︾ ᠶᠢ ᠬᠥᠭᠵᠢᠮᠳᠡᠨ ᠳᠠᠭᠤᠯᠠᠪᠠ᠃ | ᠠᠩᠬᠠᠳᠤᠭᠠᠷ ᠤᠳᠠᠭᠠᠨ ᠤ ᠪᠦᠭᠦᠳᠡ ᠬᠤᠷᠠᠯ ᠳᠡᠭᠡᠷ᠎ᠡ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ | ᠪᠠᠶᠢᠩᠭᠤ ᠶᠢᠨ ᠲᠡᠷᠢᠭᠦᠯᠡᠭᠴᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠵᠠᠩ ᠶᠢᠨ ᠱᠤᠸᠠᠩ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ︵ᠲᠥᠰᠦᠯ︶ ᠶᠢᠨ ᠲᠤᠬᠠᠢ ᠲᠣᠳᠣᠷᠬᠠᠶᠢᠯᠠᠯᠲᠠ︾ ᠬᠢᠪᠡ᠃ | ᠦᠳᠡ ᠶᠢᠨ ᠬᠤᠶᠢᠨᠠᠬᠢ 3 ᠴᠠᠭ 10 ᠮᠢᠨᠦ᠋ᠲ ᠲᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠤ ᠬᠤᠶᠠᠳᠤᠭᠠᠷ ᠪᠦᠭᠦᠳᠡ ᠬᠤᠷᠠᠯ ᠢ ᠬᠤᠷᠠᠯᠳᠤᠭᠤᠯᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠡᠩᠭᠡᠯᠳᠦ ᠬᠤᠷᠠᠯ ᠡᠷᠬᠢᠯᠡᠪᠡ᠃ ᠶᠡᠭᠡ ᠬᠤᠷᠠᠯ ᠠᠴᠠ ᠰᠣᠩᠭᠤᠭᠤᠯᠢ ᠶᠢᠨ | ᠠᠷᠭ᠎ᠠ ᠶᠢ ᠪᠠᠲᠤᠯᠠᠵᠤ᠂ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ ᠪᠢᠯᠧᠲ | ᠬᠢᠨᠠᠭᠴᠢ ᠶᠢᠨ ᠨᠡᠷᠡᠰ ᠢ ᠪᠠᠲᠤᠯᠠᠵᠤ᠂ ᠳᠠᠷᠠᠭ᠎ᠠ ᠨᠢ ᠶᠡᠭᠡ ᠬᠤᠷᠠᠯ ᠤᠨ ᠰᠣᠩᠭᠤᠭᠤᠯᠢ ᠶᠠᠪᠤᠭᠤᠯᠪᠠ᠃ | ᠪᠦᠦ ᠬᠦᠭᠵᠢᠯᠲᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠬᠤᠰᠢᠭᠤᠨ ᠳᠠᠷᠤᠭ᠎ᠠ ᠪᠠᠷ ᠰᠣᠩᠭᠤᠭᠳᠠᠪᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠠᠷ ᠰᠣᠩᠭᠤᠭᠳᠠᠭᠰᠠᠨ ᠤ ᠳᠠᠷᠠᠭ᠎ᠠ᠂ ᠪᠦᠦ ᠬᠦᠭᠵᠢᠯᠲᠦ ᠣᠪᠣᠷ ᠢᠶᠠᠨ | ᠢᠯᠡᠳᠬᠡᠬᠦ ᠦᠭᠡ ᠬᠡᠯᠡᠪᠡ᠃ ᠲᠡᠷᠡ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ | ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠴᠠᠭ ᠦᠶ᠎ᠡ ᠶᠢᠨ ᠬᠦᠨᠳᠦ ᠡᠭᠦᠷᠭᠡ᠂ ᠠᠷᠠᠳ | ᠲᠦᠮᠡᠨ ᠤ ᠬᠦᠨᠳᠦ ᠨᠠᠶᠢᠳᠠᠯᠭ᠎ᠠ ᠶᠢ ᠡᠷᠡᠰ ᠡᠭᠦᠷᠭᠡᠯᠡᠵᠦ᠂ ᠰᠢᠷᠭᠠᠭᠤ ᠬᠢᠴᠢᠶᠡᠩᠭᠦ᠋ᠢᠯᠡᠨ ᠠᠵᠢᠯᠯᠠᠵᠤ᠂ ᠠᠷᠠᠳ ᠤᠨ | ᠲᠥᠯᠥᠭᠡ ᠵᠢᠳᠬᠦᠵᠦ᠂ ᠵᠠᠰᠠᠭ ᠤᠨ ᠣᠷᠳᠣᠨ ᠤ ᠪᠠᠭ ᠬᠥᠮᠦᠰ ᠢ ᠪᠦᠯᠬᠦᠮᠳᠡᠭᠦᠯᠦᠨ ᠳᠠᠭᠠᠭᠤᠯᠵᠤ᠂ ᠪᠦᠬᠦ | ᠬᠦᠴᠦᠨ ᠢᠶᠠᠷ ᠢᠶᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠪᠠ | ᠬᠥᠭᠵᠢᠯᠲᠡ ᠶᠢ ᠠᠬᠢᠭᠤᠯᠵᠤ᠂ ᠦᠨᠡᠨ ᠪᠣᠳᠠᠲᠠᠢ ᠠᠵᠢᠯᠯᠠᠭ᠎ᠠ ᠪᠠ ᠠᠮᠵᠢᠯᠲᠠ ᠪᠦᠲᠦᠮᠵᠢ ᠪᠠᠷ ᠪᠦᠬᠦ ᠬᠤᠰᠢᠭᠤᠨ ᠤ | ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠠᠷᠢᠭᠤᠯᠤᠨ᠎ᠠ ᠭᠡᠵᠡᠢ᠃ ᠬᠤᠶᠢᠰᠢᠳᠠ ᠶᠢᠨ ᠠᠵᠢᠯ ᠤᠨ ᠳᠤᠮᠳᠠ᠂ ᠪᠦᠦ | ᠬᠦᠭᠵᠢᠯᠲᠦ᠄ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠦᠨᠡᠨᠴᠢ ᠰᠢᠳᠤᠷᠭᠤ ᠶᠢ ᠱᠤᠭᠤᠪᠠ᠃ ᠪᠢ | ᠨᠠᠮ ᠳᠠᠭᠠᠨ ᠦᠨᠡᠨᠴᠢ ᠰᠢᠳᠤᠷᠭᠤ᠂ ᠠᠵᠢᠯ ᠦᠢᠯᠡᠰ ᠲᠡᠭᠡᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ | ᠦᠨᠡᠨᠴᠢ ᠰᠢᠳᠤᠷᠭᠤ ᠪᠠᠶᠢᠬᠤ ᠶᠢ ᠣᠷᠣᠰᠢᠨ ᠲᠣᠭᠲᠠᠨᠢᠬᠤ ᠶᠢᠨ ᠦᠨᠳᠦᠰᠦ ᠪᠣᠯᠭᠠᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ | ᠴᠡᠭᠡᠵᠢᠯᠡᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠳᠥᠷᠪᠡᠨ ᠤᠬᠠᠮᠰᠠᠷ | ︾ ᠢᠶᠠᠨ ᠦᠨᠡᠨᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢ᠊ ᠡᠶ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ ᠡᠶ᠎ᠡ᠂ | ᠠᠶᠢᠮᠠᠭ ᠤᠨ ᠨᠠᠮ ᠤᠨ ᠬᠤᠷᠢ᠊ ᠡᠶ᠎ᠡ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠮᠠᠭᠲᠠ ᠨᠠᠮ ᠤᠨ | ᠰᠢᠨ᠎ᠡ ᠶᠢ ᠡᠭᠦᠳᠬᠦ ᠣᠨᠣᠯ ᠤᠨ ᠡᠷᠡᠰ ᠪᠠᠲᠤ ᠰᠢᠲᠦᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ | ᠪᠣᠯᠤᠨ᠎ᠠ ᠭᠡᠪᠡ᠃ | ᠵᠣᠷᠢᠯᠲᠠ ᠪᠠᠨ ᠦᠢᠯᠡᠳᠦᠯᠭᠡᠵᠢᠭᠦᠯᠵᠦ ᠠᠷᠠᠳ ᠤᠨ ᠠᠮᠢᠳᠤᠷᠠᠯ ᠢ ᠬᠠᠷᠠᠭᠠᠯᠵᠠᠨ᠎ᠠ᠃ ᠪᠢ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠲᠥᠯᠥᠭᠡ | ᠲᠥᠷᠥ ᠪᠠᠷᠢᠵᠤ᠂ ᠠᠷᠠᠳ ᠢᠶᠠᠷ ᠦᠨᠳᠦᠰᠦ ᠪᠣᠯᠭᠠᠵᠤ᠂ ᠢᠮᠠᠭᠲᠠ 25 ᠲᠦᠮᠡᠨ ᠨᠤᠲᠤᠭ ᠤᠨ ᠠᠬ᠎ᠠ ᠳᠡᠭᠦᠦ | ᠨᠡᠷ ᠤᠨ ᠲᠤᠰ ᠪᠡᠶ᠎ᠡ ᠶᠢᠨ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠦᠨᠳᠦᠰᠦᠨ ᠱᠠᠲᠤᠨ ᠳᠤ | ᠭᠦᠨᠵᠡᠭᠡᠶᠢᠷᠡᠬᠦ ᠶᠢ ᠪᠠᠷᠢᠮᠲᠠᠯᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠣᠯᠠᠨ ᠲᠦᠮᠡᠨ ᠤ | ᠵᠣᠪᠠᠭᠤᠷᠢ ᠵᠦᠳᠡᠭᠦᠷᠢ ᠶᠢ ᠣᠶᠢᠯᠠᠭᠠᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠠᠷᠠᠳ ᠤᠨ ᠲᠥᠯᠥᠭᠡ ᠪᠣᠳᠠᠲᠠᠢ | ᠠᠵᠢᠯ ᠬᠢᠵᠦ᠂ ᠠᠷᠠᠳ ᠲᠦᠮᠡᠨ ᠳᠤ ᠠᠰᠢᠭ ᠬᠦᠷᠲᠡᠭᠡᠵᠦ᠂ ᠠᠷᠠᠳ ᠲᠦᠮᠡᠨ ᠤ ᠲᠥᠯᠥᠭᠡ ᠪᠤᠶᠠᠨ ᠵᠢᠷᠭᠠᠯ | ᠡᠳ᠋ᠯᠡᠭᠦᠯᠬᠦ ᠪᠠᠷ ᠴᠢᠷᠮᠠᠶᠢᠨ᠎ᠠ᠃ ᠪᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠵᠠᠰᠠᠭ ᠤᠨ | ᠣᠷᠳᠣᠨ ᠤ ᠴᠢᠬᠤᠯᠠ ᠠᠴᠠ ᠴᠢᠬᠤᠯᠠ ᠵᠦᠢᠯ ᠪᠣᠯᠭᠠᠨ ᠠᠳᠬᠤᠵᠤ᠂ ᠠᠷᠠᠳ ᠤᠨ ᠠᠮᠢᠳᠤᠷᠠᠯ ᠳᠠᠬᠢ | ᠣᠷᠣᠭᠤᠯᠤᠯᠲᠠ ᠪᠠᠨ ᠪᠦᠬᠦ ᠬᠦᠴᠦᠨ ᠢᠶᠠᠷ ᠢᠶᠠᠨ ᠨᠡᠮᠡᠭᠳᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ | ᠪᠦᠲᠦᠭᠡᠯ ᠢ ᠡᠭᠡᠯ ᠠᠷᠠᠳ ᠲᠤ ᠨᠡᠩ ᠣᠯᠠᠨ ᠬᠦᠷᠲᠡᠭᠡᠨ᠎ᠡ᠃ | ᠪᠦᠬᠦ ᠲᠠᠯ᠎ᠠ ᠶᠢ ᠬᠠᠷᠠᠭᠠᠯᠵᠠᠨ ᠪᠦᠯᠬᠦᠮᠳᠡᠯ ᠢ ᠡᠷᠬᠢᠮᠯᠡᠨ᠎ᠡ᠃ ᠪᠢ ᠯᠠᠪᠲᠠᠢ ᠪᠦᠬᠦ ᠬᠤᠰᠢᠭᠤᠨ ᠤ ᠡᠶ᠎ᠡ | ᠵᠣᠬᠢᠴᠠᠩᠭᠤᠢ ᠲᠣᠭᠲᠠᠭᠤᠨ ᠤ ᠶᠡᠭᠡ ᠲᠠᠯ᠎ᠠ ᠶᠢ ᠨᠠᠨᠳᠢᠩᠨᠠᠨ ᠬᠠᠮᠠᠭᠠᠯᠠᠵᠤ᠂ ᠬᠤᠰᠢᠭᠤᠨ ᠤ ᠨᠠᠮ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢ ᠡᠷᠡᠰ ᠬᠠᠮᠠᠭᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠥ ᠶᠢᠨ ᠵᠥᠪᠯᠡᠯᠭᠡᠨ ᠤ ᠠᠵᠢᠯ ᠤᠨ ᠬᠢᠨᠠᠯᠲᠠ ᠪᠠ ᠠᠷᠠᠳᠴᠢᠯᠠᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠨᠡᠶᠢᠭᠡᠮ ᠤᠨ ᠡᠯ᠎ᠡ ᠡᠲᠡᠭᠡᠳ ᠤᠨ ᠠᠷᠠᠳ ᠣᠯᠠᠨ ᠤ ᠬᠢᠨᠠᠯᠲᠠ ᠶᠢ ᠥᠷᠭᠡᠨ ᠢᠶᠠᠷ ᠬᠦᠯᠢᠶᠡᠵᠦ᠂ ᠬᠠᠤᠯᠢ | ᠶᠣᠰᠣᠭᠠᠷ ᠵᠠᠰᠠᠭ ᠶᠠᠪᠤᠭᠤᠯᠵᠤ᠂ ᠵᠠᠰᠠᠭ ᠤᠨ ᠣᠷᠳᠣᠨ ᠢ ᠪᠦᠯᠬᠦᠮᠳᠡᠭᠦᠯᠦᠨ ᠳᠠᠭᠠᠭᠤᠯᠵᠤ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠨ᠎ᠠ᠃ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠪᠢ | ᠨᠡᠩ ᠡᠷᠡᠰ ᠰᠢᠭᠤᠷᠬᠠᠢ ᠣᠪᠣᠷ᠂ ᠨᠡᠩ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ᠂ ᠨᠡᠩ ᠯᠠᠪᠳᠠᠭᠤᠨ ᠪᠠᠲᠤᠲᠠᠢ | ᠰᠤᠷᠲᠠᠯ ᠢᠶᠠᠷ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠬᠥᠭᠵᠢᠯᠲᠡ ᠶᠢᠨ ᠲᠡᠷᠢᠭᠦᠨ | ᠴᠢᠬᠤᠯᠠ ᠡᠭᠦᠷᠭᠡ ᠶᠢ ᠪᠠᠲᠤ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ | ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠢᠵᠦ᠂ ︽ᠭᠤᠷᠪᠠ ᠶᠢ ᠲᠣᠭᠲᠠᠪᠤᠷᠢᠵᠢᠭᠤᠯᠵᠤ ᠲᠠᠪᠤ ᠶᠢ ᠠᠬᠢᠭᠤᠯᠬᠤ | ︾ ᠠᠵᠢᠯ ᠤᠨ ᠰᠡᠳᠬᠢᠴᠡ ᠶᠢ ᠰᠠᠶᠢᠲᠤᠷ ᠨᠠᠶᠢᠳᠠᠪᠤᠷᠢᠵᠢᠭᠤᠯᠵᠤ᠂ ︽ᠲᠠᠪᠤᠨ ᠬᠤᠰᠢᠭᠤᠨ ᠤ ᠪᠠᠶᠢᠯᠳᠤᠬᠤ ᠪᠣᠳᠣᠯᠭ᠎ᠠ︾ | ᠶᠢ ᠰᠠᠶᠢᠲᠤᠷ ᠠᠳᠬᠤᠵᠤ᠂ ᠥᠪᠡᠷ ᠤᠨ ᠳᠠᠷᠤᠯᠲᠠ ᠪᠠᠨ ᠨᠡᠮᠡᠵᠦ᠂ ᠬᠦᠴᠢᠷ ᠢ ᠰᠥᠷᠦᠨ ᠤᠷᠤᠭᠰᠢᠯᠠᠵᠤ᠂ ᠦᠨᠡᠨᠬᠦ | ᠠᠳᠬᠤᠨ ᠪᠣᠳᠠᠲᠠᠢ ᠠᠵᠢᠯᠯᠠᠵᠤ᠂ ᠶᠡᠬᠡᠪᠡᠷ ᠠᠵᠢᠯᠯᠠᠵᠤ᠂ ᠪᠦᠬᠦ ᠬᠦᠴᠦᠨ ᠢᠶᠠᠷ ᠢᠶᠠᠨ ᠰᠠᠭᠤᠷᠢ ᠪᠠᠨ ᠪᠠᠲᠤᠳᠬᠠᠨ᠂ | ᠳᠤᠲᠠᠭᠤᠳᠠᠯ ᠢᠶᠠᠨ ᠨᠥᠬᠦᠪᠥᠷᠢᠯᠡᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠬᠥᠭᠵᠢᠯᠲᠡ ᠶᠢ ᠠᠬᠢᠭᠤᠯᠵᠤ᠂ ᠡᠯ᠎ᠡ | ᠵᠦᠢᠯ ᠤᠨ ᠠᠵᠢᠯ ᠤᠨ ᠰᠢᠨ᠎ᠡ ᠰᠢᠪᠲᠤᠯᠤᠯᠲᠠ ᠲᠠᠢ ᠪᠣᠯᠵᠤ᠂ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ | ᠃ | ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠳᠦᠷᠢ ᠲᠥᠷᠬᠦ ᠶᠢ ᠪᠤᠢ ᠪᠤᠯᠭᠠᠨ᠎ᠠ᠃ ᠪᠢ ᠡᠷᠬᠡ ᠪᠠᠨ ᠠᠷᠠᠳ ᠤᠨ | ᠲᠥᠯᠥᠭᠡ ᠬᠡᠷᠡᠭᠯᠡᠬᠦ᠂ ᠬᠠᠶᠢᠷ᠎ᠠ ᠰᠡᠳᠬᠢᠯᠭᠡ ᠪᠠᠨ ᠠᠷᠠᠳ ᠤᠨ ᠲᠥᠯᠥᠭᠡ ᠬᠡᠷᠡᠭᠯᠡᠬᠦ᠂ ᠠᠰᠢᠭ ᠲᠤᠰᠠ ᠶᠢ | ᠪᠣᠳᠣᠯᠬᠢᠯᠠᠬᠤ ᠶᠢ ᠢᠮᠠᠭᠲᠠ ᠪᠠᠲᠤ ᠴᠡᠭᠡᠵᠢᠯᠡᠵᠦ᠂ ᠨᠠᠮ ᠤᠨ ᠰᠠᠬᠢᠯᠭ᠎ᠠ ᠤᠯᠤᠰ ᠤᠨ ᠬᠠᠤᠯᠢ ᠪᠣᠯᠤᠨ ᠠᠷᠢᠭᠤᠨ | ᠴᠢᠬᠡᠴᠢ ᠪᠠᠷ ᠪᠡᠶ᠎ᠡ ᠪᠠᠨ ᠱᠠᠭᠠᠷᠳᠠᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠨ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠪᠠᠭ ᠢᠶᠠᠨ ᠰᠠᠶᠢᠲᠤᠷ | ᠬᠠᠮᠢᠶᠠᠷᠴᠤ᠂ ᠡᠩᠨᠡᠭᠡ ᠪᠠᠨ ᠰᠠᠶᠢᠲᠤᠷ ᠳᠠᠭᠠᠭᠤᠯᠵᠤ᠂ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ | ᠡᠭᠦᠷᠭᠡᠯᠡᠬᠦ᠂ ᠬᠤᠪᠢ ᠨᠡᠮᠡᠷᠢ ᠦᠵᠡᠭᠦᠯᠬᠦ ᠺᠠᠳ᠋ᠷ ᠤᠨ ᠡᠩᠨᠡᠭᠡ ᠶᠢ ᠴᠢᠷᠮᠠᠶᠢᠨ ᠳᠠᠪᠲᠠᠨ ᠪᠣᠯᠪᠠᠰᠤᠷᠠᠭᠤᠯᠵᠤ᠂ ᠦᠨᠡᠨ | ᠪᠣᠳᠠᠲᠠᠢ ᠠᠵᠢᠯ ᠤᠨ ᠠᠮᠵᠢᠯᠲᠠ ᠪᠠᠷ ᠢᠶᠠᠨ ᠵᠣᠬᠢᠶᠠᠨ ᠪᠠᠶᠢᠭᠤᠯᠤᠯᠲᠠ ᠶᠢᠨ ᠠᠴᠢ ᠶᠢ ᠬᠠᠷᠢᠭᠤᠯᠵᠤ᠂ ᠠᠷᠠᠳ | ᠲᠦᠮᠡᠨ ᠳᠤ ᠠᠴᠢ ᠬᠠᠷᠢᠭᠤᠯᠤᠨ᠎ᠠ᠃ | ᠪᠦᠦ ᠬᠦᠭᠵᠢᠯᠲᠦ ᠢᠯᠡᠷᠬᠡᠶᠢᠯᠡᠬᠦ ᠳᠡᠭᠡᠨ᠂ ᠠᠷᠠᠳ ᠲᠦᠮᠡᠨ ᠨᠠᠮᠠᠶᠢ ᠬᠤᠰᠢᠭᠤᠨ ᠳᠠᠷᠤᠭ᠎ᠠ ᠪᠣᠯᠬᠤ ᠪᠠᠷ ᠰᠣᠩᠭᠤᠪᠠ | ᠂ ᠪᠢ ᠬᠤᠰᠢᠭᠤᠨ ᠳᠠᠷᠤᠭ᠎ᠠ ᠪᠣᠯᠤᠭᠰᠠᠨ ᠤ ᠬᠤᠪᠢ ᠳᠤ᠂ ︽ᠰᠠᠶᠢᠨ ᠡᠬᠢᠯᠡᠯᠲᠡ ᠲᠠᠢ ᠪᠣᠯ ᠰᠠᠶᠢᠨ ᠲᠡᠭᠦᠰᠬᠦ︾ ᠵᠠᠩ | ᠴᠢᠨᠠᠷ᠂ ︽ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ︾ ᠴᠢᠳᠠᠪᠤᠷᠢ ᠪᠠᠷ ᠴᠠᠭ ᠦᠶ᠎ᠡ ᠶᠢᠨ ᠬᠦᠨᠳᠦ | ᠡᠭᠦᠷᠭᠡ ᠶᠢ ᠡᠭᠦᠷᠭᠡᠯᠡᠵᠦ᠂ ᠦᠨᠡᠨ ᠪᠣᠳᠠᠲᠠᠢ ᠠᠵᠢᠯ ᠤᠨ ᠠᠮᠵᠢᠯᠲᠠ ᠪᠦᠲᠦᠮᠵᠢ ᠪᠠᠷ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ | ᠡᠷᠭᠦᠵᠦ᠂ ᠡᠯ᠎ᠡ ᠱᠠᠲᠤᠨ ᠤ ᠺᠠᠳ᠋ᠷᠴᠤᠳ ᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠵᠠᠮ ᠨᠡᠭᠡᠭᠡᠨ | ᠤᠷᠤᠭᠰᠢᠯᠠᠵᠤ᠂ ᠪᠦᠬᠦ ᠬᠤᠰᠢᠭᠤᠨ ᠤ ᠠᠷᠠᠳ ᠲᠦᠮᠡᠨ ᠤ ᠡᠳᠦᠷ ᠢᠷᠡᠬᠦᠶ᠎ᠡ ᠴᠢᠩᠭᠠᠷᠠᠵᠤ ᠪᠠᠶᠢᠭ᠎ᠠ ᠢᠲᠡᠭᠡᠯ ᠵᠣᠷᠢᠭ᠂ | ᠨᠢᠭᠲᠠᠷᠠᠯ ᠤᠨ ᠬᠦᠴᠦᠨ ᠲᠠᠢ ᠪᠠᠶᠢᠬᠤ ᠶᠢ ᠪᠠᠲᠤ ᠢᠲᠡᠭᠡᠵᠦ ᠪᠠᠶᠢᠨ᠎ᠠ ᠭᠡᠵᠡᠢ᠃ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ ᠶᠡᠭᠡ ᠬᠤᠷᠠᠯ ᠤᠨ ᠵᠥᠪᠯᠡᠬᠦ ᠵᠦᠢᠯ ᠤᠳ ᠢᠶᠠᠨ ᠲᠡᠭᠦᠰ ᠠᠮᠵᠢᠯᠲᠠ ᠲᠠᠢ | ᠪᠡᠶᠡᠯᠡᠭᠦᠯᠦᠭᠰᠡᠨ ᠤ ᠳᠠᠷᠠᠭ᠎ᠠ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ | ᠠᠮᠵᠢᠯᠲᠠ ᠲᠠᠢ ᠪᠠᠷ ᠲᠡᠭᠦᠰᠪᠡ᠃ |