ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ ᠠᠴᠠ ᠤᠶᠢᠯᠠᠭᠠᠭᠰᠠᠨ ᠢᠶᠠᠷ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠠᠴᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠬᠢᠩᠭᠠᠨ | ᠠᠶᠢᠮᠠᠭ ᠤᠨ ᠰᠢᠷ᠎ᠠ ᠪᠤᠷᠴᠠᠭ ᠤᠨ ᠴᠢᠨᠠᠷ ᠢ ᠳᠡᠭᠡᠭᠰᠢᠯᠡᠭᠦᠯᠦᠨ ᠠᠽᠣᠲ ᠢ ᠲᠣᠭᠲᠠᠪᠤᠷᠢᠵᠢᠭᠤᠯᠵᠤ ᠪᠣᠬᠢᠷᠲᠤᠯ ᠥᠬᠡᠶ | ᠤᠨᠠᠯᠲᠠ ᠶᠢ ᠨᠡᠮᠡᠭᠳᠡᠭᠦᠯᠬᠦ ARC ᠡᠪᠴᠡᠯᠳᠦᠯ ᠤᠨ ᠵᠠᠩᠭᠢᠯᠠᠭ᠎ᠠ ᠶᠢᠨ ᠮᠡᠷᠭᠡᠵᠢᠯ ᠢ ᠬᠡᠷᠡᠭᠯᠡᠭᠰᠡᠨ 10 ᠲᠦᠮᠡᠨ ᠮᠥ | ᠵᠢᠱᠢᠶ᠎ᠡ ᠦᠵᠡᠭᠦᠯᠬᠦ ᠭᠤᠤᠯ ᠣᠷᠣᠨ ᠤ ᠰᠢᠷ᠎ᠡ ᠪᠤᠷᠴᠠᠭ ᠤᠨ ᠤᠨᠠᠯᠲᠠ ᠳᠤ ᠬᠡᠮᠵᠢᠯᠲᠡ ᠬᠢᠵᠠᠢ᠃ ᠬᠡᠮᠵᠢᠯᠳᠡ ᠶᠢᠨ | ᠦᠷ᠎ᠠ ᠳ᠋ᠦᠩ ᠳᠤ ᠲᠤᠮᠳᠠᠴᠢ ᠪᠠᠷ ᠮᠥ ᠨᠢᠭᠡᠴᠢ ᠶᠢᠨ ᠤᠨᠠᠯᠲᠠ ᠨᠢ 229.63 ᠺᠢᠯᠣᠭ᠍ᠷᠠᠮ ᠳᠤ ᠬᠦᠷᠴᠦ᠂ ᠪᠥᠬᠦ | ᠤᠯᠤᠰ ᠤᠨ ᠰᠢᠷ᠎ᠠ ᠪᠤᠷᠴᠠᠭ ᠤᠨ ᠮᠥ ᠨᠢᠭᠡᠴᠢ ᠶᠢᠨ ᠤᠨᠠᠯᠲᠠ ᠠᠴᠠ 100 ᠰᠢᠬᠠᠮ ᠺᠢᠯᠣᠭ᠍ᠷᠠᠮ ᠳᠠᠪᠠᠪᠠ᠃ | ᠤᠶᠢᠯᠠᠭᠠᠭᠰᠠᠨ ᠢᠢᠡᠷ᠂ ARC ᠡᠪᠴᠡᠯᠳᠦᠯ ᠤᠨ ᠵᠠᠩᠭᠢᠯᠠᠭ᠎ᠠ ᠶᠢᠨ ᠮᠡᠷᠭᠡᠵᠢᠯ ᠪᠣᠯ ᠯᠢ ᠫᠸᠢ ᠦ᠋ ᠠᠺᠠᠳᠧᠮᠢᠴᠢ | ᠶᠢᠨ ᠪᠦᠯᠬᠦᠮ ᠤᠨ 20 ᠭᠠᠷᠤᠶ ᠵᠢᠯ ᠤᠨ ᠬᠤᠭᠤᠴᠠᠭ᠎ᠠ ᠵᠠᠷᠤᠴᠠᠭᠤᠯᠤᠨ ᠡᠭᠦᠳᠦᠭᠰᠡᠨ ᠨᠢᠭᠡ ᠵᠦᠢᠯ ᠤᠨ ᠠᠩᠬᠠᠨ ᠤ | ᠡᠭᠦᠳᠦᠯᠲᠡ ᠶᠢᠨ ᠴᠢᠨᠠᠷᠲᠠᠶ᠂ ᠳᠠᠬᠢᠨ ᠴᠤᠭᠴᠠᠯᠠᠬᠤ ᠴᠢᠨᠠᠷᠲᠠᠶ ᠰᠢᠨ᠎ᠡ ᠮᠡᠷᠭᠡᠵᠢᠯ ᠪᠤᠯᠤᠨ᠎ᠠ᠃ ᠲᠤᠰ ᠮᠡᠷᠭᠡᠵᠢᠯ ᠨᠢ | ᠬᠡᠷᠡᠯ ᠤᠨ ᠨᠡᠶᠢᠯᠡᠯᠭᠡ ᠶᠢ ᠢᠯᠡᠳᠲᠡ ᠴᠢᠩᠭᠠᠷᠠᠭᠤᠯᠵᠤ᠂ ᠤᠷᠭᠤᠮᠠᠯ ᠤᠨ ᠤᠷᠭᠤᠯᠳᠠ ᠶᠢ ᠠᠬᠢᠭᠤᠯᠤᠨ᠂ ᠡᠷᠲᠡ | ᠭᠤᠨᠢᠷᠠᠵᠤ ᠰᠢᠷᠠᠯᠠᠬᠤ ᠶᠢ ᠰᠡᠷᠭᠡᠶᠢᠯᠡᠵᠦ᠂ ᠮᠥᠬᠦᠯᠢᠭ ᠤᠨ ᠬᠦᠨᠳᠦ ᠶᠢ ᠨᠡᠮᠡᠭᠳᠡᠭᠦᠯᠦᠨ᠂ ᠶᠠᠰᠤ ᠴᠢᠨᠠᠷ ᠢ | ᠳᠡᠭᠡᠭᠰᠢᠯᠡᠭᠦᠯᠬᠦ ᠶᠢᠨ ᠬᠠᠮᠲᠤ ᠵᠢᠯ ᠳᠠᠷᠠᠭᠠᠯᠠᠨ ᠲᠠᠷᠢᠬᠤ ᠠᠴᠠ ᠪᠤᠯᠤᠭᠰᠠᠨ ᠨᠦᠯᠦᠭᠡ ᠶᠢ ᠪᠠᠭᠠᠰᠬᠠᠬᠤ ᠦᠢᠯᠡᠳᠦᠯ ᠲᠠᠢ | ᠶᠤᠮ᠃ 2020 ᠣᠨ ᠠᠴᠠ ᠡᠬᠢᠯᠡᠨ ᠲᠣᠰ ᠮᠡᠷᠭᠡᠵᠢᠯ ᠢ 5 ᠵᠢᠯ ᠳᠠᠷᠠᠭᠠᠯᠠᠨ ᠪᠥᠬᠦ ᠤᠯᠤᠰ ᠤᠨ ᠯᠣᠬᠠᠱᠧᠩ᠂ | ᠰᠢᠷ᠎ᠠ ᠪᠤᠷᠴᠠᠭ ᠵᠡᠷᠭᠡ ᠲᠠᠷᠢᠮᠠᠯ ᠤᠨ ᠭᠤᠤᠯ ᠭᠠᠷᠤᠯᠲᠠ ᠶᠢᠨ ᠣᠷᠣᠨ ᠳᠤ ᠵᠢᠱᠢᠶ᠎ᠡ ᠦᠵᠡᠭᠦᠯᠦᠨ ᠬᠡᠷᠡᠭᠯᠡᠵᠦ᠂ | ᠬᠢᠩᠭᠠᠨ ᠠᠶᠢᠮᠠᠭ 2022 ᠣᠨ ᠳᠤ ᠲᠣᠰ ᠮᠡᠷᠭᠡᠵᠢᠯ ᠢ ᠣᠷᠣᠭᠤᠯᠤᠨ ᠠᠪᠴᠢᠷᠠᠵᠤ ᠣᠲᠣ ᠬᠡᠷᠡᠭᠯᠡᠭᠡᠨ ᠤ | ᠲᠠᠯᠠᠪᠠᠶ ᠨᠢ 10 ᠲᠦᠮᠡᠨ ᠮᠦ ᠳᠤ ᠬᠦᠷᠴᠡᠶ᠃ |