ᠰᠤᠷᠪᠤᠯᠵᠢᠯᠠᠭᠴᠢ 21 ᠤ ᠡᠳᠦᠷ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠠᠴᠠ ᠤᠢᠢᠯᠠᠭᠠᠭᠰᠠᠠ᠂ | ᠣᠳᠣᠬᠠᠨ ᠳᠤ᠂ ᠪᠥᠬᠦ ᠤᠯᠤᠰ ᠤᠨ ᠨᠠᠮᠤᠷ ᠤᠨ ᠬᠤᠷᠢᠶᠠᠯᠲᠠ ᠨᠠᠮᠤᠷ ᠤᠨ ᠲᠠᠷᠢᠶᠠᠯᠠᠭ᠎ᠠ ᠶᠠᠭ ᠯᠠᠪᠳᠠᠭᠤᠨ ᠢᠶᠠᠷ | ᠶᠠᠪᠤᠬᠳᠠᠵᠤ ᠪᠠᠶᠢᠨ᠎ᠠ᠃ 10 ᠰᠠᠷ᠎ᠠ ᠶᠢᠨ 20 ᠤ ᠡᠳᠦᠷ ᠪᠣᠯᠲᠠᠯ᠎ᠠ᠂ ᠪᠥᠬᠦ ᠤᠯᠤᠰ ᠤᠨ ᠨᠠᠮᠤᠷ ᠤᠨ ᠤᠯᠠᠷᠢᠯ ᠤᠨ | ᠠᠮᠤ ᠪᠤᠳᠠᠭᠠᠨ ᠤ ᠬᠤᠷᠢᠶᠠᠯᠲᠠ ᠨᠢᠭᠡᠨᠲᠡ 76.5% ᠳᠤ ᠬᠦᠷᠴᠦ᠂ ᠠᠬᠢᠴᠠ ᠨᠢ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 1.2 ᠬᠤᠪᠢ ᠲᠦᠷᠭᠡᠨ ᠪᠣᠯᠵᠠᠶ᠃ | ᠲᠠᠷᠢᠶᠠᠯᠠᠩ ᠤᠨ ᠪᠠᠶᠢᠳᠠᠯ ᠤᠨ ᠲᠣᠬᠢᠷᠠᠭᠤᠯᠤᠯᠲᠠ ᠠᠴᠠ ᠦᠵᠡᠪᠡᠯ᠂ 10 ᠰᠠᠷ᠎ᠠ ᠶᠢᠨ 20 ᠤ ᠡᠳᠦᠷ ᠪᠣᠯᠲᠠᠯ᠎ᠠ᠂ | ᠪᠥᠬᠦ ᠤᠯᠤᠰ ᠤᠨ ᠡᠷᠳᠡᠨᠢ ᠰᠢᠰᠢ ᠶᠢ ᠨᠢᠭᠡᠨᠲᠡ 81.2% ᠢ ᠨᠢ ᠬᠤᠷᠢᠶᠠᠵᠤ᠂ ᠵᠢᠯ ᠳᠤ ᠨᠢᠬᠡ ᠤᠳᠠᠭ᠎ᠠ ᠲᠠᠷᠢᠬᠤ | ᠲᠤᠲᠤᠷᠭ᠎ᠠ ᠶᠢ ᠨᠢᠭᠡᠨᠲᠡ 76% ᠶᠢ ᠨᠢ ᠬᠤᠷᠢᠶᠠᠵᠤ᠂ ᠰᠢᠷ᠎ᠠ ᠪᠤᠷᠴᠠᠭ ᠢ ᠨᠢᠭᠡᠨᠲᠡ 92.3% ᠶᠢ ᠨᠢ ᠬᠤᠷᠢᠶᠠᠵᠤ᠂ | ᠬᠤᠤᠰ ᠤᠯᠠᠷᠢᠯ ᠤᠨ ᠣᠷᠣᠶ ᠶᠢᠨ ᠲᠤᠲᠤᠷᠭ᠎ᠠ ᠶᠢ ᠨᠢᠭᠡᠨᠲᠡ 16.6% ᠬᠤᠷᠢᠶᠠᠪᠠ᠃ ᠭᠠᠵᠠᠷ ᠣᠷᠣᠨ | ᠬᠤᠪᠢᠶᠠᠵᠤ ᠦᠵᠡᠪᠡᠯ᠂ ᠪᠠᠷᠠᠭᠤᠨ ᠬᠤᠶᠢᠲᠤ ᠣᠷᠣᠨ ᠨᠢᠭᠡᠨᠲᠡ ᠠᠷᠪᠠᠨ ᠤ ᠵᠢᠰᠦᠨ ᠬᠤᠪᠢ ᠶᠢ ᠬᠤᠷᠢᠶᠠᠵᠤ᠂ | ᠪᠠᠷᠠᠭᠤᠨ ᠡᠮᠦᠨᠡᠲᠦ ᠣᠷᠣᠨ᠂ ᠬᠠᠳᠤᠨ ᠭᠤᠣᠯ ᠬᠤᠸᠠᠶᠢᠾᠧ ᠭᠤᠣᠯ ᠬᠠᠶᠢᠾᠧ ᠭᠤᠣᠯ ᠤᠨ ᠬᠡᠰᠡᠭ ᠲᠠᠬᠢ ᠭᠠᠵᠠᠷ | ᠤᠷᠤᠨ ᠠᠷᠪᠠᠨ ᠤ ᠨᠠᠢᠮᠠᠨ ᠬᠤᠪᠢ ᠶᠢ ᠬᠤᠷᠢᠶᠠᠵᠤ᠂ ᠵᠡᠭᠦᠨ ᠬᠤᠶᠢᠲᠤ ᠣᠷᠣᠨ ᠠᠷᠪᠠᠨ ᠤ ᠲᠤᠯᠤᠭᠠᠨ ᠬᠤᠪᠢ ᠶᠢ | ᠬᠤᠷᠢᠶᠠᠵᠤ᠂ ᠬᠥᠬᠡᠮᠥ᠋ᠷᠡᠨ ᠤ ᠳᠤᠮᠳᠠᠳᠤ ᠲᠤᠤᠷᠠᠳᠤ ᠤᠷᠤᠰᠬᠠᠯ ᠪᠠ ᠡᠮᠦᠨᠡᠲᠦ ᠣᠷᠣᠨ ᠠᠷᠪᠠᠨ ᠤ ᠵᠢᠷᠭᠤᠭᠠᠨ | ᠬᠤᠪᠢ ᠶᠢ ᠬᠤᠷᠢᠶᠠᠪᠠ᠃ | ᠡᠭᠦᠨ ᠤ ᠬᠠᠮᠲᠤ᠂ ᠡᠯ᠎ᠡ ᠭᠠᠵᠠᠷ ᠤᠨ ᠨᠠᠮᠤᠷ ᠤᠨ ᠲᠠᠷᠢᠶᠠᠯᠠᠭ᠎ᠠ ᠶᠢᠨ ᠠᠵᠢᠯ ᠤᠷᠤᠭᠰᠢᠲᠠᠶ ᠶᠠᠪᠤᠭᠳᠠᠵᠤ ᠪᠠᠶᠢᠨ᠎ᠠ᠃ | ᠪᠥᠬᠦ ᠤᠯᠤᠰ ᠤᠨ ᠡᠪᠦᠯ ᠤᠨ ᠪᠣᠭᠤᠳᠠᠶ ᠶᠢ ᠨᠢᠭᠡᠨᠲᠡ 43% ᠶᠢ ᠨᠢ ᠳᠠᠷᠢᠪᠠ᠂ ᠡᠭᠦᠨ ᠳᠤ ᠪᠠᠷᠠᠭᠤᠨ ᠬᠤᠶᠢᠲᠤ | ᠣᠷᠣᠨ ᠳᠤ ᠨᠢᠭᠡᠨᠲᠡ ᠠᠷᠪᠠᠨ ᠤ ᠵᠢᠰᠦᠨ ᠬᠤᠪᠢ ᠰᠢᠬᠠᠮ ᠢ ᠳᠠᠷᠢᠵᠤ᠂ ᠬᠠᠲᠤᠨ ᠭᠤᠤᠯ ᠬᠤᠸᠠᠶᠢᠾᠧ ᠭᠤᠤᠯ | ᠬᠠᠶᠢᠾᠧ ᠭᠤᠤᠯ ᠤᠨ ᠭᠠᠵᠠᠷ ᠤᠷᠤᠨ ᠠᠷᠪᠠᠨ ᠤ ᠳᠥᠷᠪᠡᠨ ᠬᠤᠪᠢ ᠢᠯᠡᠭᠦᠦ ᠶᠢ ᠲᠠᠷᠢᠵᠠᠢ︔ ᠡᠪᠦᠯ ᠤᠨ | ᠰᠢᠯᠢᠮᠳᠡᠭ ᠢ ᠨᠢᠭᠡᠨᠲᠡ 56.7% ᠶᠢ ᠨᠢ ᠳᠠᠷᠢᠪᠠ᠂ ᠡᠭᠦᠨ ᠳᠤ ᠬᠥᠬᠡᠮᠥ᠋ᠷᠡᠨ ᠤ ᠳᠤᠮᠳᠠᠳᠤ ᠳᠤᠤᠷᠠᠳᠤ ᠤᠷᠤᠰᠬᠠᠯ | ᠪᠠ ᠬᠠᠲᠤᠨ ᠭᠤᠤᠯ ᠬᠤᠸᠠᠶᠢᠾᠧ ᠭᠤᠤᠯ ᠬᠠᠶᠢᠾᠧ ᠭᠤᠤᠯ ᠤᠨ ᠭᠠᠵᠠᠷ ᠤᠷᠤᠨ ᠨᠢᠭᠡᠨᠲᠡ ᠠᠷᠪᠠᠨ ᠤ ᠵᠢᠷᠭᠤᠭᠠᠨ | ᠬᠤᠪᠢ ᠶᠢ ᠳᠠᠷᠢᠵᠤ᠂ ᠪᠠᠷᠠᠭᠤᠨ ᠡᠮᠦᠨᠡᠲᠦ ᠣᠷᠤᠨ ᠠᠷᠪᠠᠨ ᠤ ᠳᠥᠷᠪᠡᠨ ᠬᠤᠪᠢ ᠬᠠᠭᠠᠰ ᠢ ᠳᠠᠷᠢᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 21 ᠤ ᠴᠠᠬᠢᠯᠭᠠᠨ ᠮᠡᠳᠡᠭᠡ︶ |