ᠡᠨᠡ ᠬᠤᠶᠠᠷ ᠲᠣᠪᠴᠢᠶ᠎ᠠ ᠤᠯᠤᠰ ᠤᠨ ᠠᠵᠤ ᠦᠢᠯᠡᠳᠪᠦᠷᠢ ᠶᠢᠨ ᠥᠪ ᠤᠨ ᠨᠡᠷᠡᠰ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/10/29
   10 ᠰᠠᠷ᠎ᠠ ᠶᠢᠨ 23 ᠤ ᠡᠳᠦᠷ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠵᠢᠷᠭᠤᠳᠤᠭᠠᠷ ᠪᠦᠯᠦᠭ ᠤᠨ ᠤᠯᠤᠰ ᠤᠨ ᠠᠵᠤ ᠦᠢᠯᠡᠳᠪᠦᠷᠢ ᠶᠢᠨ ᠥᠪ ᠤᠨ ᠨᠡᠷᠡᠰ ᠢ ᠨᠡᠶᠢᠲᠡᠯᠡᠵᠦ᠂ ᠪᠥᠬᠦ ᠤᠯᠤᠰ ᠤᠨ 37 ᠨᠢᠭᠡᠴᠢ ᠰᠤᠩᠭᠤᠭᠳᠠᠪᠠ᠂ ᠡᠭᠦᠨ ᠳᠤ ᠮᠠᠨ ᠤ ᠤᠷᠤᠨ ᠤ ᠦᠬᠠᠢ ᠬᠤᠲᠠ ᠶᠢᠨ ᠤᠳᠠ ᠠᠭᠤᠷᠬᠠᠢ ᠶᠢᠨ ᠶᠠᠪᠤᠳᠠᠯ ᠤᠨ ᠲᠣᠪᠴᠢᠶ᠎ᠠ ᠪᠠ ᠬᠠᠶᠢᠷᠤᠪ ᠤᠨ ᠲᠣᠬᠤᠢ ᠠᠭᠤᠷᠬᠠᠢ ᠶᠢᠨ ᠶᠠᠪᠤᠳᠠᠯ ᠤᠨ ᠲᠣᠪᠴᠢᠶ᠎ᠠ ᠰᠤᠩᠭᠤᠭᠳᠠᠵᠦ᠂ ᠮᠠᠨ ᠤ ᠣᠷᠣᠨ ᠤ ᠨᠡᠭᠦᠷᠡᠰᠦᠨ ᠤ ᠬᠦᠷᠢᠶᠡᠨ ᠳᠠᠬᠢ ᠤᠯᠤᠰ ᠤᠨ ᠠᠵᠤ ᠦᠢᠯᠡᠳᠪᠦᠷᠢ ᠶᠢᠨ ᠥᠪ ᠲᠤ ᠰᠤᠩᠭᠤᠭᠳᠠᠭ᠎ᠠ ᠦᠭᠡᠢ ᠪᠠᠶᠢᠭᠰᠠᠨ ᠪᠠᠶᠢᠳᠠᠯ ᠢ ᠡᠴᠦᠰᠯᠡᠭᠦᠯᠵᠡᠢ᠃   ᠤᠤᠯ ᠤᠨ ᠤᠳᠠ ᠠᠭᠤᠷᠬᠠᠢ ᠶᠢᠨ ᠶᠠᠪᠤᠳᠠᠯ ᠤᠨ ᠲᠣᠪᠴᠢᠶ᠎ᠠ ᠪᠣᠯᠣᠨ ᠬᠠᠶᠢᠷᠤᠪ ᠤᠨ ᠲᠣᠬᠤᠢ ᠠᠭᠤᠷᠬᠠᠢ ᠶᠢᠨ ᠶᠠᠪᠤᠳᠠᠯ ᠤᠨ ᠲᠣᠪᠴᠢᠶ᠎ᠠ ᠶᠢᠨ ᠠᠵᠤ ᠦᠢᠯᠡᠳᠪᠦᠷᠢ ᠶᠢᠨ ᠥᠪ ᠤᠨ ᠪᠣᠳᠠᠲᠤ ᠴᠣᠭᠴᠠ ᠶᠢᠨ ᠪᠠᠷᠢᠯᠭ᠎ᠠ ᠨᠢ 12 ᠬᠤᠪᠢᠶᠠᠷᠢ ᠪᠣᠳᠠᠰ ᠤᠨ ᠲᠦᠷᠦᠯ ᠵᠦᠢᠯ ︵30 ᠭᠠᠷᠤᠢ ᠵᠦᠢᠯ ᠤᠨ ᠭᠤᠣᠯ ᠪᠣᠳᠠᠰ ᠤᠨ ᠲᠦᠷᠦᠯ ᠵᠦᠢᠯ︶ ᠲᠠᠢ ᠪᠠᠶᠢᠵᠤ᠂ ᠳᠡᠭᠡᠷ᠎ᠡ ᠵᠠᠭᠤᠨ ᠤ ᠲᠠᠪᠢᠭᠠᠳ ᠣᠨ ᠠᠴᠠ ᠲᠠᠯᠠᠭᠠᠳ ᠣᠨ ᠪᠣᠯᠲᠠᠯ᠎ᠠ ᠪᠠᠶᠢᠭᠤᠯᠤᠭᠳᠠᠵᠦ᠂ ᠡᠨᠡ ᠨᠢ ᠴᠢᠬᠤᠯᠠ ᠲᠥᠯᠥᠭᠡᠯᠡᠬᠦ ᠴᠢᠨᠠᠷᠲᠠᠢ ᠠᠵᠤ ᠦᠢᠯᠡᠳᠪᠦᠷᠢ ᠶᠢᠨ ᠪᠣᠳᠠᠰ ᠤᠨ ᠥᠪ ᠪᠣᠯᠣᠨ᠎ᠠ᠃ᠤᠤᠯ ᠤᠨ ᠤᠳᠠ ᠠᠭᠤᠷᠬᠠᠢ ᠶᠢᠨ ᠶᠠᠪᠤᠳᠠᠯ ᠤᠨ ᠲᠣᠪᠴᠢᠶ᠎ᠠ ᠪᠣᠯᠣᠨ ᠬᠠᠶᠢᠷᠤᠪ ᠤᠨ ᠲᠣᠬᠤᠢ ᠠᠭᠤᠷᠬᠠᠢ ᠶᠢᠨ ᠶᠠᠪᠤᠳᠠᠯ ᠤᠨ ᠲᠣᠪᠴᠢᠶ᠎ᠠ ᠵᠡᠷᠭᠡ ᠠᠵᠤ ᠦᠢᠯᠡᠳᠪᠦᠷᠢ ᠶᠢᠨ ᠥᠪ ᠨᠢ ᠦᠬᠠᠢ ᠬᠤᠲᠠ ᠶᠢᠨ ᠠᠵᠤ ᠦᠢᠯᠡᠳᠪᠦᠷᠢ ᠶᠢᠨ ᠪᠣᠯᠪᠠᠰᠤᠨ ᠤ ᠬᠥᠭᠵᠢᠯᠲᠡ ᠶᠢᠨ ᠲᠡᠦᠬᠡ ᠶᠢ ᠲᠡᠮᠳᠡᠭᠯᠡᠵᠦ᠂ ᠬᠤᠲᠠ ᠶᠢᠨ ᠰᠣᠶᠣᠯ ᠤᠨ ᠥᠪ ᠤᠨ ᠴᠢᠬᠤᠯᠠ ᠪᠦᠷᠢᠯᠳᠦᠭᠦᠨ ᠬᠡᠰᠡᠭ ᠪᠣᠯᠵᠤ᠂ ᠢᠯᠡ ᠲᠣᠳᠣ ᠠᠵᠢᠯ ᠲᠥᠷᠥᠯ ᠤᠨ ᠲᠡᠦᠬᠡᠨ ᠣᠨᠴᠠᠯᠢᠭ᠂ ᠭᠠᠵᠠᠷ ᠣᠷᠣᠨ ᠤ ᠣᠨᠴᠠᠯᠢᠭ ᠲᠠᠢ ᠪᠠᠶᠢᠬᠤ ᠶᠢᠨ ᠬᠠᠮᠲᠤ ᠪᠦᠷᠢᠨ ᠪᠦᠲᠦᠨ ᠬᠠᠳᠠᠭᠠᠯᠠᠭᠳᠠᠵᠤ᠂ ᠥᠮᠴᠢᠯᠡᠯ ᠤᠨ ᠡᠷᠬᠡ ᠲᠣᠳᠣᠷᠬᠠᠢ ᠪᠠᠶᠢᠵᠦ᠂ ᠬᠤᠪᠣᠷ ᠨᠠᠨᠳᠢᠨ ᠲᠡᠦᠬᠡ ᠶᠢᠨ ᠦᠨ᠎ᠡ ᠴᠡᠨ᠎ᠡ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠨ᠎ᠡ ᠥᠷᠲᠡᠭ᠂ ᠨᠡᠶᠢᠭᠡᠮ ᠤᠨ ᠦᠨ᠎ᠡ ᠥᠷᠲᠡᠭ ᠪᠠ ᠤᠷᠠᠯᠢᠭ ᠤᠨ ᠦᠨ᠎ᠡ ᠦᠷᠲᠡᠭ ᠲᠠᠢ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号