ᠮᠠᠨ ᠤ ᠤᠷᠤᠨ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠬᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/10/29
   ᠮᠠᠨ ᠤ ᠣᠷᠣᠨ ᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠬᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠤᠨ ︵ᠪᠠᠷᠠᠭᠤᠨ ᠣᠷᠣᠨ ᠤ ᠬᠡᠰᠡᠭ ᠲᠣᠭᠤᠷᠢᠭ︶ ᠲᠤᠬᠠᠶ ᠶᠢᠨ ᠲᠠᠯᠠᠪᠠᠢ ᠶᠢᠨ ᠬᠤᠷᠠᠯ ᠣᠶᠢᠷ᠎ᠠ ᠳᠤ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠳᠤ ᠶᠠᠪᠤᠭᠳᠠᠵᠤ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠬᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠪᠣᠳᠠᠲᠠᠶ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠪᠥᠬᠦ ᠲᠠᠯ᠎ᠠ ᠪᠠᠷ ᠪᠠᠶᠢᠷᠢᠯᠠᠭᠤᠯᠤᠨ ᠲᠣᠬᠢᠷᠠᠭᠤᠯᠪᠠ᠃   ᠬᠤᠷᠠᠯ ᠠᠴᠠ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠬᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠢᠢ ᠪᠠᠲᠤ ᠴᠣᠭᠴᠠᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ᠂ ᠨᠤᠲᠤᠭ ᠪᠡᠯᠴᠢᠭᠡᠷ ᠤᠨ ᠥᠨᠢᠳᠡ ᠶᠢᠨ ᠬᠥᠭᠵᠢᠯᠲᠡ᠂ ᠮᠠᠯᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠢᠢ ᠠᠬᠢᠭᠤᠯᠬᠤ ᠦᠨᠳᠦᠰᠦᠨ ᠠᠷᠭ᠎ᠠ ᠪᠣᠳᠣᠯᠭ᠎ᠠ ᠮᠥᠨ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠢᠢ ᠪᠠᠲᠤ ᠴᠣᠭᠴᠠᠯᠠᠬᠤ ᠡᠨᠡ ᠬᠦ ︽ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠬᠡᠷᠯᠡᠬᠦᠯᠬᠦ ᠠᠰᠠᠭᠤᠳᠠᠯ ᠤᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠨᠵᠡᠭᠡᠶ ᠲᠠᠨᠢᠵᠤ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠬᠡᠷᠯᠡᠬᠦᠯᠬᠦ ᠶᠢ ᠭᠤᠤᠯᠳᠠᠯᠭ᠎ᠠ ᠲᠠᠢ ᠰᠠᠶᠢᠲᠤᠷ ᠰᠢᠢᠳᠪᠦᠷᠢᠯᠡᠨ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠨᠠᠩ ᠪᠠᠲᠤ ᠪᠠᠬᠢ ᠪᠣᠯᠭᠠᠬᠤ ᠪᠠᠷ ᠴᠢᠷᠮᠠᠶᠢᠵᠤ᠂ ᠲᠤᠷᠰᠢᠯᠲᠠ ᠶᠢᠨ ᠴᠡᠭ ᠤᠨ ᠳᠠᠷᠠᠭᠠᠬᠢ ᠠᠵᠢᠯ ᠢ ᠯᠠᠪᠳᠠᠭᠤᠨ ᠪᠠᠲᠤᠲᠠᠢ ᠬᠢᠵᠦ ᠪᠣᠳᠠᠲᠠᠢ ᠳᠤ ᠨᠠᠶᠢᠳᠠᠪᠤᠷᠢᠵᠢᠭᠤᠯᠤᠨ᠂ ᠦᠷ᠎ᠡ ᠪᠦᠲᠦᠮᠵᠢ ᠲᠤᠷᠰᠢᠯᠭ᠎ᠠ ᠰᠤᠷᠭᠠᠮᠵᠢ ᠢᠢ ᠰᠠᠶᠢᠲᠤᠷ ᠦᠨᠡᠯᠡᠵᠦ᠂ ᠰᠠᠶᠢᠲᠤᠷ ᠳ᠋ᠦᠩᠨᠡᠬᠦ ᠬᠡᠷᠡᠭᠲᠡᠢ ᠭᠡᠵᠦ ᠱᠠᠭᠠᠷᠳᠠᠪᠠ᠃   ᠬᠤᠷᠠᠯ ᠠᠴᠠ ᠪᠥᠬᠦ ᠣᠷᠣᠨ ᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠬᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠡᠯ᠎ᠡ ᠵᠦᠢᠯ ᠤᠨ ᠪᠡᠯᠡᠳᠭᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠮᠠᠯ ᠪᠡᠯᠴᠢᠭᠡᠷ ᠤᠨ ᠲᠡᠩᠴᠡᠭᠦᠷᠢ ᠢᠢ ᠪᠠᠲᠤᠯᠠᠬᠤ ᠪᠠ ᠪᠡᠯᠴᠢᠭᠡᠷᠯᠡᠭᠦᠯᠬᠦ ᠢᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠰᠡᠨ ᠮᠠᠯ ᠢ ᠳᠠᠷᠤᠢ ᠲᠦᠷᠭᠡᠨ ᠰᠢᠯᠵᠢᠭᠦᠯᠵᠦ᠂ ᠪᠡᠯᠴᠢᠭᠡᠷ ᠤᠨ ᠮᠠᠯ ᠠᠵᠤ ᠠᠬᠤᠶ ᠶᠢᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠨ᠂ ᠲᠠᠷᠠᠭᠠᠴᠢ ᠶᠢᠨ ᠡᠭᠡᠯᠵᠢ ᠶᠢᠨ ᠨᠤᠲᠤᠭ ᠪᠡᠯᠴᠢᠭᠡᠷ ᠤᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠲᠥᠯᠥᠪᠵᠢᠭᠦᠯᠵᠦ᠂ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠶ ᠬᠢᠵᠦ᠂ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠶ︔ ᠣᠯᠠᠨ ᠲᠦᠮᠡᠨ ᠤ ᠠᠵᠢᠯ ᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠢᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠮᠠᠯᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ ᠪᠠᠶᠠᠵᠢᠭᠤᠯᠬᠤ ᠢᠢ ᠪᠠᠲᠤᠯᠠᠬᠤ ᠬᠡᠷᠡᠭᠲᠡᠶ ᠭᠡᠵᠤ ᠱᠠᠭᠠᠷᠳᠠᠪᠠ᠃   ᠨᠢᠳᠤᠨᠤᠨ ᠠᠴᠠ ᠨᠠᠭᠠᠰᠢ ᠮᠠᠨ ᠤ ᠤᠷᠤᠨ ︽ᠲᠤᠷᠰᠢᠯᠲᠠ ᠶᠢᠨ ᠴᠡᠭ ᠤᠷᠢᠳ ᠢᠶᠠᠷ ᠬᠢᠵᠤ᠂ ᠳᠠᠷᠠᠭ᠎ᠠ ᠨᠢ ᠬᠡᠷᠡᠭᠵᠢᠭᠦᠯᠬᠦ︾ ᠰᠡᠳᠭᠢᠴᠡ ᠪᠠᠷ 11 ᠠᠶᠢᠮᠠᠭ ᠬᠤᠲᠠ ᠶᠢᠨ 17 ᠬᠤᠰᠢᠭᠤ ᠰᠢᠶᠠᠨ ᠢ ᠰᠣᠩᠭᠤᠨ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠬᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠬᠢᠵᠦ᠂ ᠡᠯ᠎ᠡ ᠭᠠᠵᠠᠷ ᠤᠨ ᠬᠢᠨ ᠢ ᠬᠥᠲᠥᠯᠦᠨ ᠵᠢᠯᠣᠭᠤᠳᠴᠤ ᠪᠠᠶᠢᠭᠠᠳ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠥᠪᠡᠷᠲᠡᠭᠡᠨ ᠵᠠᠰᠠᠬᠤ ᠣᠷᠣᠨ ᠠᠴᠠ ᠲᠠᠨᠢᠯᠴᠠᠭᠤᠯᠤᠭᠰᠠᠨ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠬᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ 10 ᠵᠦᠢᠯ ᠤᠨ ᠵᠠᠭᠪᠤᠷ ᠢ ᠬᠡᠷᠡᠭᠵᠢᠭᠦᠯᠤᠨ᠂ ᠲᠤᠷᠰᠢᠯᠲᠠ ᠶᠢᠨ ᠴᠡᠭ ᠤᠨ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠣᠯᠵᠤ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠲᠣᠰ ᠵᠠᠭᠤᠨ ᠠᠴᠠ ᠨᠠᠭᠠᠰᠢᠬᠢ ᠬᠠᠮᠤᠭ ᠤᠨ ᠰᠠᠶᠢᠨ ᠲᠦᠪᠰᠢᠨ ᠳᠤ ᠬᠦᠷᠴᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号