ᠮᠠᠨ ᠤ ᠤᠷᠤᠨ ᠤ ︽ᠪᠦᠷᠢᠨ ᠴᠢᠳᠠᠮᠵᠢᠳᠤ ᠺᠠᠷᠲ︾ ᠢᠶᠠᠷ ᠲᠠᠷᠬᠠᠭᠠᠭᠰᠠᠨ ᠡᠳ᠋ ᠤᠨ ᠵᠠᠰᠠᠭ ᠤᠨ ᠨᠥᠬᠦᠪᠥᠷᠢ 5200 ᠳ᠋ᠦᠩᠰᠢᠭᠤᠷ ᠲᠥᠭᠦᠷᠢᠭ ᠢ ᠲᠠᠪᠠᠪᠠ
ᠨᠡᠶᠢᠲᠡᠯᠡᠭᠰᠡᠨ ᠴᠠᠭ᠄
2024/10/29
   2008 ᠤᠨ ᠠᠴᠠ ᠮᠠᠨ ᠤ ᠤᠷᠤᠨ ᠪᠥᠬᠦ ᠤᠯᠤᠰ ᠲᠤ ᠲᠦᠷᠦᠬᠦᠯᠡᠨ ᠡᠳ᠋ ᠤᠨ ᠵᠠᠰᠠᠭ ᠤᠨ ᠨᠥᠬᠦᠪᠥᠷᠢ ᠣᠯᠭᠤᠬᠤ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠥᠷᠨᠢᠭᠦᠯᠦᠭᠰᠡᠨ ᠠᠴᠠ ᠨᠠᠭᠠᠰᠢ᠂ ︽ᠪᠦᠷᠢᠨ ᠴᠢᠳᠠᠮᠵᠢᠳᠤ ᠺᠠᠷᠲ︾ ᠤᠨ ᠲᠠᠪᠴᠠᠩ ᠢᠶᠠᠷ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢ ᠨᠢᠭᠡᠳᠦᠯᠲᠡᠶ ᠣᠯᠭᠤᠬᠤ ᠶᠢ ᠪᠡᠶᠡᠯᠡᠭᠦᠯᠪᠡ᠃ 2008 ᠣᠨ ᠠᠴᠠ 2023 ᠣᠨ ᠪᠣᠯᠲᠠᠯ᠎ᠠ ᠮᠠᠨ ᠤ ᠤᠷᠤᠨ ︽ᠪᠦᠷᠢᠨ ᠴᠢᠳᠠᠮᠵᠢᠳᠤ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠥᠷᠢ ᠶᠢ 5004.25 ᠳ᠋ᠦᠩᠰᠢᠭᠤᠷ ᠲᠥᠭᠦᠷᠢᠭ ᠲᠠᠷᠬᠠᠭᠠᠵᠤ᠂ ᠵᠢᠯ ᠪᠦᠷᠢ ᠳᠤᠮᠳᠠᠴᠢ ᠪᠠᠷ 40.24 % ᠪᠠᠷ ᠨᠡᠮᠡᠭᠳᠡᠪᠡ᠃ ᠡᠨᠡ ᠵᠢᠯ ᠤᠨ ᠲᠦᠷᠦᠬᠦᠦ 8 ᠰᠠᠷ᠎ᠠ ᠳᠤ ᠮᠠᠨ ᠤ ᠤᠷᠤᠨ ︽ᠪᠦᠷᠢᠨ ᠴᠢᠳᠠᠮᠵᠢᠳᠤ ᠺᠠᠷᠲ︾ ᠢᠶᠠᠷ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢ 209.37 ᠳ᠋ᠦᠩᠰᠢᠭᠤᠷ ᠲᠥᠭᠦᠷᠢᠭ ᠲᠠᠷᠬᠠᠭᠠᠪᠠ᠃ ᠢᠩᠭᠢᠭᠡᠳ ᠪᠥᠬᠦ ᠣᠷᠣᠨ ᠤ ︽ᠪᠦᠷᠢᠨ ᠴᠢᠳᠠᠮᠵᠢᠳᠤ ᠺᠠᠷᠲ︾ ᠢᠶᠠᠷ ᠲᠠᠷᠬᠠᠭᠠᠭᠰᠠᠨ ᠡᠳ᠋ ᠤᠨ ᠵᠠᠰᠠᠭ ᠤᠨ ᠨᠥᠬᠦᠪᠥᠷᠢ 5200 ᠳ᠋ᠦᠩᠰᠢᠭᠤᠷ ᠲᠥᠭᠦᠷᠢᠭ ᠢ ᠲᠡᠪᠡᠵᠡᠢ᠃   ᠪᠠᠯᠠ ᠮᠥᠩᠭᠦ ᠶᠢᠨ ᠭᠤᠤᠯ ᠢᠷᠡᠯᠲᠡ ᠠᠴᠠ ᠦᠵᠡᠪᠡᠯ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 4523.53 ᠳ᠋ᠦᠩᠰᠢᠭᠤᠷ ᠲᠥᠭᠦᠷᠢᠭ ᠤᠨ ᠨᠥᠬᠦᠪᠥᠷᠢ ᠲᠠᠷᠬᠠᠭᠠᠵᠤ᠂ ᠪᠦᠬᠦ ᠨᠦᠬᠦᠪᠤᠷᠢ ᠶᠢᠨ 90.40% ᠶᠢ ᠡᠵᠡᠯᠡᠵᠦ᠂ 5.76 ᠳ᠋ᠦᠩᠰᠢᠭᠤᠷ ᠬᠥᠮᠦᠨ ᠤᠳᠠᠭ᠎ᠠ ᠳ᠋ᠤ᠋ ᠠᠰᠢᠭ ᠬᠦᠷᠲᠡᠭᠡᠪᠡ︔ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠵᠡᠷᠭᠡ ᠦᠢᠯᠡᠳᠪᠦᠷᠢᠯᠡᠯ ᠤᠨ ᠴᠢᠨᠠᠷᠲᠠᠶ ᠨᠥᠬᠦᠪᠥᠷᠢ ᠶᠢ 1943.01 ᠳ᠋ᠦᠩᠰᠢᠭᠤᠷ ᠲᠥᠭᠦᠷᠢᠭ ᠲᠠᠷᠬᠠᠭᠠᠵᠤ᠂ ᠪᠦᠬᠦ ᠨᠦᠬᠦᠪᠤᠷᠢ ᠶᠢᠨ 38.83% ᠶᠢ ᠡᠵᠡᠯᠡᠵᠦ᠂ 1.13 ᠳ᠋ᠦᠩᠰᠢᠭᠤᠷ ᠬᠥᠮᠦᠨ ᠤᠳᠠᠭ᠎ᠠ ᠳ᠋ᠤ᠋ ᠠᠰᠢᠭ ᠬᠦᠷᠲᠡᠭᠡᠪᠡ᠃   ᠮᠠᠨ ᠤ ᠤᠷᠤᠨ ᠡᠳ᠋ ᠤᠨ ᠵᠠᠰᠠᠭ ᠤᠨ ᠨᠥᠬᠦᠪᠥᠷᠢ ᠣᠯᠭᠤᠬᠤ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠥᠷᠨᠢᠭᠦᠯᠦᠭᠰᠡᠨ ᠠᠴᠠ ᠨᠠᠭᠠᠰᠢ ︽ᠪᠦᠷᠢᠨ ᠴᠢᠳᠠᠮᠵᠢᠳᠤ ᠺᠠᠷᠲ︾ ᠤᠨ ᠲᠠᠪᠴᠠᠩ ᠢᠶᠠᠷ ᠳᠠᠮᠵᠢᠭᠤᠯᠤᠨ ᠡᠳ᠋ ᠤᠨ ᠵᠠᠰᠠᠭ ᠤᠨ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢ ᠥᠨᠳᠥᠷ ᠪᠦᠲᠦᠮᠵᠢᠲᠡᠶ᠂ ᠠᠮᠤᠷ ᠲᠦᠪᠰᠢᠨ᠂ ᠨᠠᠷᠢᠯᠢᠭ ᠣᠨᠣᠪᠴᠢᠲᠠᠶ᠂ ᠲᠥᠪ ᠭᠤᠤᠯᠴᠢ ᠪᠠᠷ ᠤᠯᠭᠤᠵᠤ᠂ ᠨᠥᠬᠦᠪᠥᠷᠢ ᠣᠯᠭᠤᠬᠤ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠵᠤ᠂ ᠲᠤᠪᠤᠶᠢᠮ᠎ᠠ ᠦᠷ᠎ᠡ ᠪᠦᠳᠦᠮᠵᠢ ᠪᠤᠯᠪᠡ᠃ ᠥᠪᠡᠷᠲᠡᠭᠡᠨ ᠵᠠᠰᠠᠬᠤ ᠣᠷᠣᠨ ᠠᠴᠠ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠨᠥᠬᠦᠪᠥᠷᠢ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠳᠡ ᠶᠢᠨ ᠴᠢᠨᠠᠷᠳᠡᠢ ᠲᠠᠷᠢᠮᠠᠯ ᠤᠨ ᠨᠥᠬᠦᠪᠥᠷᠢ᠂ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠨᠥᠬᠦᠪᠥᠷᠢ᠂ ᠲᠠᠷᠢᠶᠠᠨ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ ᠨᠥᠬᠦᠪᠥᠷᠢ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠨᠥᠬᠦᠪᠥᠷᠢ ᠵᠡᠷᠭᠡ 5 ᠵᠦᠢᠯ ᠤᠨ ᠪᠠᠯᠠ ᠮᠥᠩᠭᠦ ᠶᠢ ᠠᠶᠢᠮᠠᠭ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠣᠯᠠᠨ ᠲᠦᠮᠡᠨ ᠳᠤ ᠰᠢᠭᠤᠳ ᠤᠯᠭᠤᠬᠤ ᠪᠤᠯᠭᠠᠪᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠳ᠋ᠤ᠋ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢᠨ ᠰᠦᠯᠵᠢᠶ᠎ᠡ ᠪᠠᠷ ᠰᠠᠭᠤᠷᠢ ᠪᠣᠯᠭᠠᠵᠤ᠂ ᠮᠥᠩᠬᠡ ᠰᠤᠪᠠᠭ᠂ ᠡᠳ᠋ ᠤᠨ ᠵᠠᠰᠠᠭ ᠤᠨ ᠵᠢᠷᠬᠢᠶ᠎ᠡ ᠶᠢᠨ ᠲᠠᠪᠴᠠᠩ ᠳᠤ ᠮᠡᠳᠡᠭᠡ ᠵᠠᠩᠭᠢ ᠶᠢᠨ ᠪᠠᠶᠢᠴᠠᠭᠠᠨ ᠯᠠᠪᠯᠠᠬᠤ ᠴᠢᠳᠠᠮᠵᠢ ᠶᠢ ᠨᠠᠮᠠᠨ ᠳᠣᠭᠢᠷᠠᠭᠤᠯᠵᠤ᠂ ᠨᠥᠬᠦᠪᠥᠷᠢ ᠶᠢᠨ ᠲᠥᠷᠥᠯ ᠵᠦᠢᠯ ᠪᠠ ᠨᠥᠬᠦᠪᠥᠷᠢ ᠶᠢᠨ ᠵᠣᠭᠤᠰ ᠤᠨ ᠲᠤᠭ᠎ᠠ᠂ ᠣᠯᠭᠤᠬᠤ ᠴᠠᠭ ᠵᠢᠴᠢ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠬᠢᠨᠠᠯᠲᠠ ᠲᠠᠯᠪᠢᠬᠤ ᠤᠲᠠᠰᠤ ᠵᠡᠷᠭᠡ ᠶᠢ ᠴᠠᠬᠢᠮ ᠮᠡᠳᠡᠭᠡ ᠪᠠᠷ ᠳᠡᠮᠵᠢᠨ ᠨᠥᠬᠦᠪᠥᠷᠢ ᠭᠥᠷᠳᠡᠬᠦ ᠡᠲᠡᠭᠡᠳ ᠲᠤ ᠴᠠᠭ ᠲᠤᠬᠠᠶ ᠳᠤᠨᠢ ᠮᠡᠳᠡᠭᠳᠡᠵᠦ᠂ ᠨᠡᠶᠢᠭᠡᠮ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠱᠠᠳᠤᠨ ᠳᠤ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠲᠤᠰᠬᠠᠢ ᠲᠥᠪᠯᠡᠷᠡᠭᠦᠯᠦᠨ ᠲᠤᠬᠢᠷᠠᠭᠤᠯᠬᠤ ᠲᠣᠭᠲᠠᠴᠠ ᠶᠢ ᠪᠠᠶᠢᠭᠤᠯᠵᠤ᠂ ᠪᠡᠯᠡ ᠮᠥᠩᠭᠦ ᠬᠢᠭᠡᠳ ᠬᠥᠮᠥᠷᠭᠡ ᠶᠢᠨ ᠵᠣᠭᠤᠰ ᠤᠨ ᠪᠠᠲᠤᠯᠠᠭ᠎ᠠ ᠶᠢ ᠴᠢᠩᠭᠠᠷᠠᠭᠤᠯᠤᠨ᠂ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠬᠤ᠂ ᠳᠠᠷᠤᠮᠠᠯᠯᠠᠨ ᠲᠠᠷᠬᠠᠭᠠᠬᠤ ᠵᠡᠷᠭᠡ ᠪᠠᠷ ᠳᠠᠮᠵᠢᠭᠤᠯᠤᠨ ᠡᠯ᠎ᠡ ᠭᠠᠵᠠᠷ ᠢ ᠱᠠᠯᠠᠪᠳᠠᠭᠤᠯᠵᠤ ᠪᠠᠶᠢᠭᠠᠳ ᠨᠥᠬᠦᠪᠥᠷᠢ ᠶᠢ ᠲᠥᠪᠯᠡᠷᠡᠭᠦᠯᠦᠨ ᠤᠯᠭᠤᠪᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ︽ᠪᠦᠷᠢᠨ ᠴᠢᠳᠠᠮᠵᠢᠳᠤ ᠺᠠᠷᠲ︾ ᠤᠨ ᠰᠢᠰᠲ᠋ᠧᠮ᠂ ᠲᠥᠰᠦᠪ ᠢ ᠨᠢᠭᠡ ᠴᠣᠭᠴᠠᠵᠢᠭᠤᠯᠬᠤ ᠰᠢᠰᠲ᠋ᠧᠮ᠂ ᠡᠳ᠋ ᠤᠨ ᠵᠠᠰᠠᠭ ᠭᠠᠶᠢᠯᠢ ᠶᠢᠨ ᠬᠥᠮᠥᠷᠭᠡ ᠮᠥᠩᠭᠦ ᠶᠢᠨ ᠬᠤᠯᠪᠤᠭ᠎ᠠ ᠶᠢᠨ ᠰᠢᠰᠲ᠋ᠧᠮ ᠬᠢᠭᠡᠳ ᠳᠣᠲᠣᠭᠠᠳᠤ ᠶᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠮᠠᠯ ᠠᠵᠤ ᠠᠬᠤᠶ ᠲᠠᠷᠢᠶᠠᠯᠠᠨᠭ ᠤᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠯᠦᠭᠡ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠᠷ ᠳᠠᠮᠵᠢᠭᠤᠯᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠷᠢᠴᠠᠭᠤᠯᠬᠤ᠂ ᠬᠠᠷᠢᠯᠴᠠᠨ ᠰᠣᠯᠢᠯᠴᠠᠨ ᠭᠡᠷᠡᠴᠢᠯᠡᠬᠦ ᠶᠢ ᠪᠡᠶᠡᠯᠡᠭᠦᠯᠵᠦ᠂ ᠨᠥᠬᠦᠪᠥᠷᠢ ᠣᠯᠭᠤᠬᠤ ᠡᠲᠡᠭᠡᠳ᠂ ᠣᠯᠭᠤᠬᠤ ᠪᠠᠷᠢᠮᠵᠢᠶ᠎ᠠ ᠶᠢᠨ ᠵᠦᠶ ᠶᠣᠰᠣᠴᠢ ᠴᠢᠨᠠᠷ᠂ ᠣᠨᠣᠪᠴᠢᠲᠤ ᠴᠢᠨᠠᠷ ᠢ ᠦᠨᠡᠨ ᠬᠦ ᠪᠠᠲᠤᠯᠠᠪᠠ᠃   ᠮᠠᠨ ᠤ ᠤᠷᠤᠨ ᠤ ᠡᠳ᠋ ᠤᠨ ᠵᠠᠰᠠᠭ ᠤᠨ ᠠᠷᠠᠳ ᠲᠤ ᠠᠰᠢᠭ ᠬᠦᠷᠲᠡᠭᠡᠬᠦ ᠪᠠᠯᠠ ᠮᠥᠩᠭᠦ ᠣᠯᠭᠤᠬᠤ ᠲᠠᠯ᠎ᠠ ᠪᠠᠷ ᠴᠦ ᠰᠢᠨ᠎ᠡ ᠠᠬᠢᠴᠡ ᠲᠠᠢ ᠪᠤᠯᠵᠤ᠂ ᠡᠳ᠋ ᠤᠨ ᠵᠠᠰᠠᠭ ᠤᠨ ᠨᠥᠬᠦᠪᠥᠷᠢ ᠶᠢ ᠡᠯᠧᠺᠲᠷᠣᠨ ᠢᠶᠠᠷ ᠰᠢᠭᠤᠳ ᠣᠯᠭᠤᠬᠤ ᠪᠠ ᠰᠢᠭᠤᠳ ᠠᠷᠠᠳ ᠲᠤ ᠠᠰᠢᠭ ᠬᠦᠷᠲᠡᠭᠡᠬᠦ ᠶᠢ ᠪᠡᠶᠡᠯᠡᠭᠦᠯᠵᠦ᠂ ᠨᠥᠬᠦᠪᠥᠷᠢ ᠮᠥᠩᠭᠦ ᠶᠢ ᠲᠥᠪᠯᠡᠷᠡᠭᠦᠯᠦᠨ ᠬᠠᠮᠢᠶᠠᠷᠬᠤ᠂ ᠨᠢᠭᠡ ᠺᠠᠷᠲ ᠢᠶᠠᠷ ᠣᠯᠭᠤᠬᠤ᠂ ᠪᠢᠲᠡᠭᠦᠮᠵᠢᠯᠡᠨ ᠠᠵᠢᠯᠯᠠᠭᠤᠯᠬᠤ ᠶᠢ ᠪᠡᠶᠡᠯᠡᠭᠦᠯᠪᠡ᠃ ᠤᠳᠤ ᠪᠥᠬᠦ ᠣᠷᠣᠨ ᠤ ︽ᠪᠦᠷᠢᠨ ᠴᠢᠳᠠᠮᠵᠢᠳᠤ ᠺᠠᠷᠲ︾ ᠤᠨ ᠰᠢᠰᠲ᠋ᠧᠮ ᠳᠠᠬᠢ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠲᠠᠩᠰᠠᠯᠠᠭᠤᠯᠤᠭᠰᠠᠨ ᠨᠣᠷᠮ᠎ᠠ 89% ᠶᠢ ᠲᠠᠪᠠᠵᠤ᠂ ᠨᠢᠭᠡ ᠺᠠᠷᠲ ᠢᠶᠠᠷ ᠪᠦᠬᠦ᠋ᠯᠡ ᠨᠥᠬᠦᠪᠥᠷᠢ ᠮᠥᠩᠭᠦ ᠶᠢ ᠠᠪᠬᠤ ᠶᠢ ᠦᠨᠳᠦᠰᠦᠨ ᠳᠡᠭᠡᠨ ᠪᠡᠶᠡᠯᠡᠭᠦᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号