ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠢᠰᠢᠪᠠ ᠰᠢᠭᠡᠷᠣ᠋ ᠶᠢᠨ ᠶᠠᠫᠣᠨ ᠤ ᠲᠡᠷᠢᠭᠦᠨ ᠰᠠᠶᠢᠳ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2024/10/6
   ᠯᠢ ᠴᠢᠶᠠᠩ ᠢᠰᠢᠪᠠ ᠰᠢᠭᠡᠷᠣ᠋ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ   10 ᠰᠠᠷ᠎ᠠ ᠶᠢᠨ 1 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠢᠰᠢᠪᠠ ᠰᠢᠬᠡᠷᠣ᠋ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠶᠠᠫᠣᠨ ᠤ ᠲᠡᠷᠢᠭᠦᠨ ᠰᠠᠶᠢᠳ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃   ᠰᠢ ᠶᠢᠨ ᠫᠢᠩ᠂ ᠳᠤᠮᠳᠠᠳᠤ ᠤᠯᠤᠰ ᠪᠣᠯᠤᠨ ᠶᠠᠫᠣᠨ ᠪᠣᠯ ᠲᠠᠯᠠᠢ ᠲᠠᠩᠬᠢᠰ ᠢᠶᠠᠷ ᠵᠠᠯᠭᠠᠯᠳᠤᠭᠰᠠᠨ ᠬᠥᠷᠰᠢ ᠤᠯᠤᠰ ᠶᠤᠮ᠃ ᠬᠤᠶᠠᠷ ᠤᠯᠤᠰ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠦᠶ᠎ᠡ ᠶᠢᠨ ᠦᠶ᠎ᠡ ᠳᠡᠭᠡᠨ ᠨᠥᠬᠦᠷᠰᠡᠭ ᠪᠠᠶᠢᠵᠤ᠂ ᠬᠠᠷᠢᠯᠴᠠᠨ ᠠᠰᠢᠭᠲᠠᠢ ᠪᠠᠷ ᠬᠠᠮᠲᠤᠷᠠᠯᠴᠠᠵᠤ᠂ ᠬᠠᠮᠲᠤ ᠪᠠᠷ ᠬᠥᠭᠵᠢᠬᠦ ᠵᠠᠮ ᠢᠶᠠᠷ ᠵᠠᠮᠨᠠᠬᠤ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠨ᠎ᠡ᠃ ᠶᠠᠫᠣᠨ ᠤ ᠬᠢᠨ ᠳᠤ ᠳᠤᠮᠳᠠᠳᠤ ᠤᠯᠤᠰ ᠲᠠᠢ ᠠᠳᠠᠯᠢ ᠴᠢᠭᠯᠡᠯ ᠢᠶᠠᠷ ᠤᠷᠤᠭᠰᠢᠯᠠᠵᠤ᠂ ᠳᠤᠮᠳᠠᠳᠤ ᠶᠠᠫᠣᠨ ᠤ ᠳᠥᠷᠪᠡᠨ ᠤᠯᠤᠰ ᠲᠥᠷᠥ ᠶᠢᠨ ᠪᠢᠴᠢᠭ ᠮᠠᠲ᠋ᠧᠷᠢᠶᠠᠯ ᠤᠨ ᠵᠠᠷᠴᠢᠮ ᠪᠠ ᠬᠠᠮᠲᠤ ᠶᠢᠨ ᠲᠠᠨᠢᠯᠲᠠ ᠶᠢ ᠬᠢᠴᠢᠶᠡᠩᠭᠦ᠋ᠯᠡᠨ ᠵᠢᠷᠤᠮᠯᠠᠵᠤ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠷᠢᠯᠴᠠᠨ ᠠᠰᠢᠭᠲᠠᠶ ᠬᠠᠷᠢᠯᠴᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠪᠦᠲᠦᠭᠡᠯᠴᠢ ᠴᠢᠨᠠᠷᠲᠠᠶ᠂ ᠲᠣᠭᠲᠠᠪᠤᠷᠢᠳᠠᠢ ᠳᠤᠮᠳᠠᠳᠤ ᠶᠠᠫᠣᠨ ᠤ ᠬᠠᠷᠢᠯᠴᠠᠭ᠎ᠠ ᠶᠢ ᠪᠠᠶᠢᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠠᠴᠠ ᠢᠰᠢᠪᠠ ᠰᠢᠭᠡᠷᠦ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭᠠᠨ ᠤ ᠤᠯᠤᠰ ᠲᠦᠷᠦ ᠶᠢᠨ ᠰᠠᠭᠤᠷᠢ ᠶᠢ ᠬᠠᠮᠠᠭᠠᠯᠠᠵᠤ᠂ ᠨᠥᠬᠦᠷᠯᠡᠯ᠂ ᠢᠲᠡᠭᠡᠯᠴᠡᠭᠡ ᠪᠣᠯᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠪᠡᠯ ᠵᠣᠬᠢᠨ᠎ᠠ ᠭᠡᠵᠦ ᠢᠯᠡᠳᠭᠡᠪᠡ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 2 ᠤᠨ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号