ᠰᠢ ᠶᠢᠨ ᠫᠢᠩ ᠪᠣᠯᠤᠨ ᠤᠷᠤᠰ ᠤᠨ ᠶᠡᠷᠦᠩᠬᠡᠶᠢᠯᠡᠭᠴᠢ ᠫᠦᠲ᠋ᠢᠨ ᠳᠤᠮᠳᠠᠳᠤ ᠤᠷᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/10/6
   10 ᠰᠠᠷ᠎ᠠ ᠶᠢᠨ 2 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠣᠷᠣᠰ ᠤᠨ ᠶᠡᠷᠦᠩᠬᠡᠶᠢᠯᠡᠭᠴᠢ ᠫᠦᠲ᠋ᠢᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠪᠡ᠃   ᠰᠢ ᠶᠢᠨ ᠫᠢᠩ᠂ ᠳᠤᠮᠳᠠᠳᠤ ᠤᠷᠤᠰ ᠪᠣᠯ ᠬᠠᠷᠢᠯᠴᠠᠨ ᠬᠠᠮᠤᠭ ᠤᠨ ᠶᠡᠭᠡ ᠬᠥᠷᠰᠢ ᠤᠯᠤᠰ ᠮᠥᠨ᠂ ᠴᠥᠮ ᠳᠡᠯᠡᠬᠡᠢ ᠶᠢᠨ ᠲᠤᠮᠤ ᠤᠯᠤᠰ ᠪᠤᠯᠬᠤ ᠪᠦᠭᠡᠳ ᠭᠤᠣᠯ ᠪᠣᠯᠬᠤ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠤᠨ᠎ᠠ᠃ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠠᠴᠠ ᠡᠭᠦᠰᠴᠦ᠂ ᠲᠡᠦᠬᠡᠨ ᠲᠤᠷᠰᠢᠯᠭ᠎ᠠ ᠪᠠᠨ ᠭᠦᠨᠵᠡᠭᠡᠶ ᠳ᠋ᠦᠩᠨᠡᠭᠰᠡᠨ ᠰᠠᠭᠤᠷᠢᠨ ᠳᠡᠭᠡᠷ᠎ᠡ᠂ ᠳᠤᠮᠳᠠᠳᠤ ᠣᠷᠣᠰ ᠤᠨ ᠬᠠᠷᠢᠯᠴᠠᠭ᠎ᠠ ᠶᠢᠨ ᠲᠠᠰᠤᠷᠠᠯᠲᠠ ᠥᠬᠡᠶ ᠶᠠᠰᠤ ᠴᠢᠨᠠᠷ ᠢᠶᠠᠨ ᠳᠡᠭᠡᠭᠰᠢᠯᠡᠭᠦᠯᠦᠨ ᠲᠠᠰ ᠳᠡᠪᠰᠢᠬᠦ ᠶᠢ ᠠᠬᠢᠭᠤᠯᠵᠤ᠂ ᠥᠨᠢ ᠡᠭᠦᠷᠢᠳᠡ ᠡᠶᠡᠯᠳᠡᠭ ᠬᠥᠷᠰᠢ ᠶᠢᠨ ᠨᠥᠬᠦᠷᠰᠡᠭ ᠶᠠᠪᠤᠯᠴᠠᠭ᠎ᠠ᠂ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ᠂ ᠬᠠᠷᠢᠯᠴᠠᠨ ᠠᠰᠢᠭᠲᠠᠶ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠥᠷᠳᠡᠬᠦ ᠨᠢ ᠬᠤᠶᠠᠷ ᠤᠯᠤᠰ ᠤᠨ ᠬᠠᠷᠢᠯᠴᠠᠭ᠎ᠠ ᠶᠢᠨ ᠬᠠᠮᠤᠭ ᠤᠨ ᠮᠥᠨ ᠴᠢᠨᠠᠷ ᠤᠨ ᠣᠨᠴᠠᠯᠢᠭ ᠪᠣᠯᠵᠠᠶ᠃ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢ᠂ ᠪᠢ ᠪᠤᠯᠤᠨ ᠶᠡᠷᠦᠩᠬᠡᠶᠢᠯᠡᠭᠴᠢ ᠫᠦᠲ᠋ᠢᠨ ᠤ ᠬᠠᠮᠲᠤ ᠶᠢᠨ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠳᠣᠣᠷ᠎ᠠ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠡᠮᠦᠨ᠎ᠡ᠂ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠢᠯᠡᠳᠲᠡ ᠦᠷ᠎ᠡ ᠪᠦᠲᠦᠭᠡᠯ ᠣᠯᠵᠤ᠂ ᠦᠶ᠎ᠡ ᠶᠢᠨ ᠦᠶ᠎ᠡ ᠶᠢᠨ ᠨᠥᠬᠦᠷᠰᠡᠭ ᠶᠠᠪᠤᠯᠴᠠᠭ᠎ᠠ ᠨᠢ ᠬᠥᠮᠦᠰ ᠤᠨ ᠰᠡᠳᠭᠢᠯ ᠳᠤ ᠭᠦᠨ ᠰᠠᠭᠤᠭᠳᠠᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠰᠢᠷᠡᠯ ᠪᠠ ᠲᠦᠭᠡᠮᠡᠯ ᠬᠠᠷᠠᠭᠠᠯᠵᠠᠯᠳᠤ ᠪᠠᠭᠲᠠᠭᠠᠮᠵᠢᠲᠠᠶ ᠪᠠᠶᠢᠬᠤ ᠠᠵᠤ ᠠᠬᠤᠢ ᠶᠢᠨ ᠳᠡᠯᠡᠬᠡᠶᠢᠴᠢᠯᠡᠯᠳᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠪᠢ ᠳᠤᠮᠳᠠᠳᠤ ᠣᠷᠣᠰ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠤᠷᠤᠭᠰᠢᠯᠠᠬᠤ ᠴᠢᠭᠯᠡᠯ ᠢ ᠪᠠᠲᠤ ᠡᠵᠡᠮᠳᠡᠵᠦ᠂ ᠳᠤᠮᠳᠠᠳᠤ ᠣᠷᠣᠰ ᠤᠨ ᠪᠥᠬᠦ ᠲᠠᠯ᠎ᠠ ᠶᠢᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠲᠠᠰᠤᠷᠠᠯᠲᠠ ᠥᠬᠡᠶ ᠥᠷᠭᠡᠳᠭᠡᠵᠦ᠂ ᠬᠤᠶᠠᠷ ᠤᠯᠤᠰ ᠤᠨ ᠴᠢᠨᠠᠷ ᠰᠠᠶᠢᠲᠠᠶ ᠬᠥᠭᠵᠢᠯᠲᠡ ᠪᠣᠯᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠵᠤ᠂ ᠳᠡᠯᠡᠬᠡᠶ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃   ᠫᠦᠲ᠋ᠢᠨ᠂ ᠤᠷᠤᠰ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠳᠤ ᠴᠢᠩ ᠰᠡᠳᠭᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠃ 75 ᠵᠢᠯ ᠤᠨ ᠡᠮᠦᠨ᠎ᠡ᠂ ᠮᠠᠨ ᠤ ᠤᠯᠤᠰ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠳᠡᠯᠡᠬᠡᠢ ᠳᠡᠭᠡᠷ᠎ᠡ ᠬᠠᠮᠤᠭ ᠤᠨ ᠠᠩᠬ᠎ᠠ ᠮᠡᠳᠡᠷᠡᠵᠤ᠂ ᠰᠢᠨ᠎ᠡ ᠳᠤᠮᠳᠠᠳᠤ ᠤᠯᠤᠰ ᠲᠠᠢ ᠨᠢᠭᠲᠠ ᠬᠠᠮᠵᠢᠯᠴᠠᠬᠤ ᠬᠠᠷᠢᠯᠴᠠᠭ᠎ᠠ ᠪᠠᠶᠢᠭᠤᠯᠤᠭᠰᠠᠨ ᠶᠤᠮ᠃ ᠤᠷᠤᠰ ᠳᠤᠮᠳᠠᠳᠤ ᠶᠢᠨ ᠨᠢᠭᠲᠠ᠂ ᠬᠠᠷᠢᠯᠴᠠᠨ ᠠᠰᠢᠭᠲᠠᠢ ᠬᠠᠷᠢᠯᠴᠠᠭ᠎ᠠ ᠴᠠᠭ ᠬᠤᠭᠤᠴᠠᠭᠠᠨ ᠤ ᠰᠢᠯᠭᠠᠯᠲᠠ ᠶᠢ ᠠᠮᠵᠢᠯᠲᠠ ᠲᠠᠢ ᠲᠤᠭᠤᠯᠵᠤ ᠢᠷᠡᠪᠠ᠃ ᠣᠳᠣᠬᠠᠨ ᠳᠤ ᠤᠷᠤᠰ ᠳᠤᠮᠳᠠᠳᠤ ᠶᠢᠨ ᠬᠠᠷᠢᠯᠴᠠᠭ᠎ᠠ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠣᠷᠣᠰᠢᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠤᠰ ᠲᠦᠷᠦ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠵᠡᠷᠭᠡ ᠡᠯ᠎ᠡ ᠬᠦᠷᠢᠶᠡᠨ ᠳᠤ ᠢᠳᠡᠪᠬᠢᠲᠡᠢ ᠬᠠᠮᠲᠤᠷᠠᠯᠴᠠᠭ᠎ᠠ ᠥᠷᠨᠢᠭᠦᠯᠵᠦ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤᠮᠳᠠ ᠥᠨᠳᠥᠷ ᠪᠦᠲᠦᠮᠵᠢᠲᠡᠢ ᠬᠠᠮᠵᠢᠯᠴᠠᠵᠤ᠂ ᠲᠥᠪ ᠭᠤᠣᠯᠴᠢ ᠤᠯᠠᠨ ᠲᠦᠢᠯᠲᠤ ᠳᠡᠯᠡᠬᠡᠢ ᠶᠢᠨ ᠪᠠᠶᠢᠷᠢᠰᠢᠯ ᠢ ᠪᠠᠶᠢᠭᠤᠯᠬᠤ ᠪᠠᠷ ᠬᠠᠮᠲᠤ ᠪᠠᠷ ᠴᠢᠷᠮᠠᠶᠢᠪᠠ᠃ ᠬᠤᠶᠠᠷ ᠲᠠᠯ᠎ᠠ ᠪᠠᠷ ᠢᠶᠠᠨ ᠮᠢᠨᠤ ᠲᠡᠷᠢᠭᠦᠯᠡᠭᠴᠢ ᠰᠢ ᠶᠢᠨ ᠫᠢᠩ ᠯᠦᠭᠡ ᠶᠢᠨ ᠠᠭᠤᠯᠵᠠᠯᠲᠠ ᠬᠢᠵᠦ ᠲᠤᠬᠢᠷᠠᠯᠴᠠᠭᠰᠠᠨ ᠠᠯᠢ ᠤᠯᠠᠨ ᠬᠠᠮᠲᠤ ᠶᠢᠨ ᠲᠠᠨᠢᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠤᠰ ᠳᠤᠮᠳᠠᠳᠤ ᠶᠢᠨ ᠰᠢᠨ᠎ᠡ ᠴᠠᠭ ᠦᠶ᠎ᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠤᠯᠠᠮ ᠪᠠᠬᠢᠵᠢᠭᠦᠯᠵᠦ᠂ ᠧᠦ᠋ᠷᠣᠫᠠ ᠠᠽᠢᠶ᠎ᠠ ᠶᠢᠨ ᠡᠬᠡ ᠬᠠᠭᠤᠷᠠᠢ ᠵᠢᠴᠢ ᠪᠦᠬᠦ ᠪᠥᠮᠪᠥᠷᠴᠡᠭ ᠤᠨ ᠠᠮᠤᠷ ᠲᠦᠪᠰᠢᠨ ᠲᠣᠭᠲᠠᠭᠤᠨ ᠢ ᠠᠬᠢᠭᠤᠯᠬᠤ ᠶᠢ ᠪᠢ ᠢᠲᠡᠭᠡᠵᠦ ᠪᠠᠶᠢᠨ᠎ᠠ ᠭᠡᠵᠦ ᠢᠯᠡᠳᠭᠡᠪᠡ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 2 ᠤᠨ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号