ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠠᠷᠠᠳ ᠤᠨ ᠪᠠᠭᠠᠲᠤᠷᠴᠤᠳ ᠲᠤ ᠰᠠᠭᠰᠤᠳᠤ ᠴᠡᠴᠡᠭ ᠬᠦᠷᠭᠡᠬᠦ ᠶᠣᠰᠣᠯᠠᠯ ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2024/10/6
   ᠦᠷᠡᠭᠳᠡᠭᠰᠡᠨ ᠪᠠᠭᠠᠲᠤᠷᠴᠤᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠪᠠᠲᠤ ᠴᠡᠭᠡᠵᠢᠯᠡᠵᠦ ᠴᠠᠭ ᠦᠶ᠎ᠡ ᠶᠢᠨ ᠰᠢᠨ᠎ᠡ ᠬᠠᠭᠤᠳᠠᠰᠤ ᠶᠢ ᠰᠡᠳᠭᠢᠯ ᠨᠢᠭᠡᠳᠦᠨ ᠪᠢᠴᠢᠭᠯᠡᠨ᠎ᠠ   ᠰᠢ ᠶᠢᠨ ᠫᠢᠩ ᠯᠢ ᠴᠢᠶᠠᠩ ᠵᠤᠤ ᠯᠤ᠋ ᠵᠢᠢ ᠸᠠᠩ ᠬᠤ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠪᠠ   ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠲᠠᠰᠢᠷᠠᠮ ᠢᠶᠠᠷ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠠᠷᠠᠳ ᠤᠨ ᠪᠠᠭᠠᠲᠤᠷᠴᠤᠳ ᠲᠤ ᠰᠠᠭᠰᠤᠳᠤ ᠴᠡᠴᠡᠭ ᠬᠦᠷᠭᠡᠬᠦ ᠶᠣᠰᠣᠯᠠᠯ 30 ᠤ ᠦᠳᠡ ᠶᠢᠨ ᠡᠮᠦᠨ᠎ᠡ ᠪᠡᠭᠡᠵᠢᠩ ᠤᠨ ᠲᠢᠶᠠᠨ ᠠᠨ ᠮᠤᠨ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠪᠣᠯᠤᠨ ᠲᠦᠷᠦ ᠶᠢᠨ ᠤᠳᠤᠷᠢᠳᠬᠤ ᠬᠥᠮᠦᠨ ᠰᠢ ᠶᠢᠨ ᠫᠢᠩ᠂ ᠯᠢ ᠴᠢᠶᠠᠩ᠂ ᠵᠤᠤ ᠯᠤ᠋ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠡᠷ ᠡᠯ᠎ᠡ ᠡᠲᠡᠭᠡᠳ ᠤᠨ ᠲᠥᠯᠥᠭᠡᠯᠡᠭᠴᠢᠳ ᠲᠠᠢ ᠬᠠᠮᠲᠤ ᠶᠣᠰᠣᠯᠠᠯ ᠳᠤ ᠣᠷᠣᠯᠴᠠᠵᠠᠢ᠃
4545.png
   ᠰᠦᠷ ᠵᠢᠪᠬᠤᠯᠠᠩᠲᠤ ᠲᠢᠶᠠᠨ ᠠᠨ ᠮᠤᠨ ᠲᠠᠯᠠᠪᠠᠢ ᠳᠤ᠂ ᠲᠠᠪᠤᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ᠃ ᠲᠠᠯᠠᠪᠠᠢ ᠶᠢᠨ ᠲᠥᠪ ᠲᠤ᠂ ︽ᠡᠬᠡ ᠤᠯᠤᠰ ᠲᠠᠭᠠᠨ ᠵᠦᠩᠨᠡᠯ ᠳᠡᠪᠰᠢᠭᠦᠯᠦᠶ᠎ᠠ︾ ᠭᠡᠬᠦ ᠲᠤᠮᠤ ᠬᠡᠯᠪᠡᠷᠢ ᠶᠢᠨ ᠰᠠᠭᠰᠤᠳᠤ ᠴᠡᠴᠡᠭ ᠨᠢ ᠡᠬᠡ ᠤᠯᠤᠰ ᠤᠨ ᠴᠡᠴᠡᠭᠯᠡᠨ ᠬᠥᠭᠵᠢᠬᠦ ᠰᠠᠶᠢᠨ ᠰᠠᠶᠢᠬᠠᠨ ᠬᠦᠰᠡᠯ ᠵᠦᠩᠨᠡᠯ ᠢ ᠬᠠᠷᠠᠭᠤᠯᠤᠨ᠎ᠠ᠃ ᠰᠡᠬᠦ᠋ᠨ ᠰᠦᠨᠳᠡᠷᠯᠡᠭᠰᠡᠨ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠥᠰᠢ᠊ ᠡᠶ᠎ᠡ ᠶᠢᠨ ᠬᠤᠶᠢᠲᠤ ᠲᠠᠯ᠎ᠠ ᠳᠤ᠂ ᠬᠤᠶᠠᠷ ᠪᠦᠯᠦᠭ ᠴᠡᠴᠡᠭᠯᠢᠭ ᠳᠡᠭᠡᠷ᠎ᠡ ᠴᠠᠭᠠᠨ ᠤᠳᠪᠠᠯᠠ ᠵᠡᠷᠭᠡ ᠰᠣᠷᠭᠤᠭ ᠴᠡᠴᠡᠭ ᠪᠥᠬᠦᠢ 18 ᠴᠠᠭᠠᠷᠢᠭ ᠴᠡᠴᠡᠭ ᠢ ᠰᠢᠭᠢᠳᠭᠡᠵᠦ᠂ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠦᠷᠡᠭᠳᠡᠭᠰᠡᠨ ᠪᠠᠭᠠᠲᠤᠷᠴᠤᠳ ᠢᠶᠠᠨ ᠭᠦᠨ ᠰᠡᠳᠭᠢᠯᠭᠡ ᠪᠠᠷ ᠳᠤᠷᠠᠰᠤᠨ ᠰᠠᠨᠠᠭᠠᠯᠵᠠᠵᠤ ᠪᠠᠶᠢᠬᠤ ᠶᠢ ᠬᠠᠷᠠᠭᠤᠯᠤᠨ᠎ᠠ᠃   10 ᠴᠠᠭ ᠣᠶᠢᠷᠠᠳᠬᠤ ᠳᠤ᠂ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠨ ᠲᠢᠶᠠᠨ ᠠᠨ ᠮᠤᠨ ᠲᠠᠯᠠᠪᠠᠢ ᠳᠤ ᠬᠦᠷᠴᠦ᠂ ᠠᠷᠠᠳ ᠤᠨ ᠪᠠᠭᠠᠲᠤᠷᠴᠤᠳ ᠲᠤ ᠰᠠᠭᠰᠤᠳᠤ ᠴᠡᠴᠡᠭ ᠬᠦᠷᠭᠡᠬᠦ ᠶᠣᠰᠣᠯᠠᠯ ᠳᠤ ᠣᠷᠣᠯᠴᠠᠪᠠ᠃   ᠳᠤᠷᠠᠰᠬᠠᠯ ᠤᠨ ᠬᠦᠰᠢᠶ᠎ᠡ ᠶᠢᠨ ᠡᠮᠦᠨ᠎ᠡ᠂ ᠡᠯ᠎ᠡ ᠡᠲᠡᠭᠡᠳ ᠤᠨ 2400 ᠭᠠᠷᠤᠢ ᠲᠥᠯᠥᠭᠡᠯᠡᠭᠴᠢ ᠰᠣᠷᠭᠤᠭ ᠴᠡᠴᠡᠭ ᠠᠳᠬᠤᠨ ᠲᠥᠪ ᠵᠣᠭᠰᠣᠪᠠ᠃ ᠲᠡᠳᠡᠨ ᠤ ᠳᠣᠲᠣᠷ᠎ᠠ ᠨᠠᠰᠤ ᠠᠬᠢᠭᠰᠠᠨ ᠠᠬᠠᠮᠠᠳ ᠪᠠᠶᠢᠯᠳᠤᠭᠴᠢ᠂ ᠠᠬᠠᠮᠠᠳ ᠨᠥᠬᠦᠳ ᠪᠤᠢ ᠂ ᠡᠩᠭᠡᠷ ᠲᠡᠭᠡᠨ ᠤᠯᠠᠭᠠᠨ ᠪᠦᠴᠡ ᠵᠡᠭᠦᠭᠰᠡᠨ ᠦᠷᠡᠭᠳᠡᠭᠰᠡᠨ ᠪᠠᠭᠠᠲᠤᠷᠴᠤᠳ ᠤᠨ ᠲᠦᠷᠦᠯ ᠰᠠᠳᠤᠨ ᠪᠤᠢ᠂ ᠤᠯᠤᠰ ᠤᠨ ᠭᠠᠪᠢᠶᠠᠨ ᠲᠡᠮᠳᠡᠭ ᠪᠤᠯᠤᠨ ᠤᠯᠤᠰ ᠤᠨ ᠢᠷᠠᠭᠤ ᠠᠯᠳᠠᠷ ᠤᠨ ᠴᠣᠯᠠ ᠬᠦᠷᠳᠡᠭᠰᠡᠳ ᠤᠨ ᠲᠥᠯᠥᠭᠡᠯᠡᠭᠴᠢ ᠪᠤᠢ᠂ ᠬᠥᠬᠢᠭᠦᠯᠦᠭᠳᠡᠨ ᠰᠠᠶᠢᠰᠢᠶᠠᠭᠳᠠᠭᠰᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠶᠢᠨ ᠲᠥᠯᠥᠭᠡᠯᠡᠭᠴᠢ ᠪᠤᠢ᠂ ᠴᠤᠭ ᠪᠠᠳᠠᠷᠠᠩᠭᠤᠢ ᠵᠠᠯᠠᠭᠤ ᠰᠤᠷᠤᠭᠴᠢᠳ ᠪᠠ ᠪᠠᠭᠠᠴᠤᠳ ᠬᠡᠦᠬᠡᠳ ᠪᠤᠢ᠃    ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠬᠥᠭᠵᠢᠮ ᠤᠨ ᠠᠩᠬᠢ ᠶᠢᠨ ᠪᠦᠷᠢᠶᠡᠴᠢᠳ ︽ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠪᠦᠷᠢᠶ᠎ᠡ︾ ᠶᠢ ᠬᠠᠩᠬᠢᠨᠠᠭᠤᠯᠪᠠ᠃ ᠪᠦᠷᠢᠶ᠎ᠡ ᠶᠢᠨ ᠠᠶ᠎ᠠ ᠨᠢ ᠬᠥᠮᠦᠰ ᠲᠧ ᠲᠡᠤᠬᠡ ᠶᠢᠨ ᠣᠷᠤᠭ᠎ᠠ ᠪᠤᠰᠬᠠᠭ᠎ᠠ ᠶᠡᠷᠤ ᠪᠤᠰᠤ ᠲᠠᠶᠢᠨ ᠤ ᠴᠠᠭ ᠦᠶ᠎ᠡ ᠶᠢ ᠡᠷᠬᠡ ᠥᠬᠡᠢ ᠰᠠᠨᠠᠬᠲᠠᠭᠤᠯᠪᠠ᠃︽ᠶᠣᠰᠣᠯᠠᠯ ᠤᠨ ᠴᠡᠷᠢᠭ ᠤᠷᠤ ᠤᠷᠤᠨ ᠳᠠᠭᠠᠨ ᠪᠡᠯᠡᠳᠭᠡ︕︾ ᠭᠡᠬᠦ ᠵᠠᠷᠯᠢᠭ ᠢᠶᠠᠷ᠂ ᠭᠤᠷᠪᠠᠨ ᠵᠠᠮ ᠤᠨ ᠴᠡᠷᠢᠭ ᠤᠨ ᠶᠣᠰᠣᠯᠠᠯ ᠤᠨ ᠴᠡᠷᠢᠭ ᠢᠳᠡᠷᠡᠭᠦᠨ ᠠᠯᠬᠤᠭ᠎ᠠ ᠪᠠᠷ ᠳᠤᠷᠠᠰᠬᠠᠯ ᠤᠨ ᠬᠥᠰᠢᠶᠡᠨ ᠤ ᠡᠮᠦᠨ᠎ᠡ ᠬᠦᠷᠴᠦ ᠫᠤᠤ ᠠᠳᠬᠤᠨ ᠲᠥᠪ ᠵᠣᠭᠰᠣᠪᠠ᠃   10 ᠴᠠᠭ ᠲᠤ᠂ ᠠᠷᠠᠳ ᠤᠨ ᠪᠠᠭᠠᠲᠤᠷᠴᠤᠳ ᠲᠤ ᠰᠠᠭᠰᠤᠳᠤ ᠴᠡᠴᠡᠭ ᠬᠦᠷᠭᠡᠬᠦ ᠶᠣᠰᠣᠯᠠᠯ ᠵᠢᠩᠬᠢᠨᠢ ᠪᠠᠷ ᠡᠬᠢᠯᠡᠪᠡ᠃ ᠴᠡᠷᠢᠭ ᠤᠨ ᠬᠥᠭᠵᠢᠮ ᠤᠨ ᠠᠩᠬᠢ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢ ᠬᠥᠭᠵᠢᠮᠳᠡᠵᠦ᠂ ᠲᠠᠯᠠᠪᠠᠢ ᠳᠠᠶᠠᠭᠠᠷ ᠢᠶᠠᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠠᠭᠠᠪᠠ᠃   ᠤᠯᠤᠰ ᠤᠨ ᠰᠦᠯᠳᠡ ᠳᠠᠭᠤᠤ ᠶᠢ ᠳᠠᠭᠤᠯᠠᠵᠤ ᠪᠠᠷᠠᠭᠰᠠᠨ ᠤ ᠲᠠᠷᠠᠭ᠎ᠠ᠂ ᠲᠠᠯᠠᠪᠠᠢ ᠳᠠᠶᠠᠭᠠᠷ ᠢᠶᠠᠨ ᠲᠥᠪ ᠵᠣᠭᠰᠣᠵᠤ᠂ ᠳᠤᠮᠳᠠᠳᠤ ᠤᠯᠤᠰ ᠤᠨ ᠠᠷᠠᠳ ᠲᠦᠮᠡᠨ ᠤ ᠴᠢᠯᠥᠭᠡᠯᠡᠯᠲᠡ ᠶᠢᠨ ᠦᠢᠯᠡᠰ ᠪᠣᠯᠤᠨ ᠪᠦᠬᠦᠳᠠ ᠨᠠᠶᠢᠷᠠᠮᠳᠠᠬᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠦᠢᠯᠡᠰ ᠤᠨ ᠲᠥᠯᠥᠭᠡ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠪᠠᠭᠠᠲᠤᠷᠴᠤᠳ ᠢ ᠨᠠᠮᠠᠨᠴᠢᠯᠠᠨ ᠭᠠᠰᠢᠭᠤᠳᠠᠪᠠ᠃   ᠨᠠᠮᠠᠨᠴᠢᠯᠠᠨ ᠭᠠᠰᠢᠭᠤᠳᠠᠵᠤ ᠪᠠᠷᠠᠭᠰᠠᠨ ᠤ ᠳᠠᠷᠠᠭ᠎ᠠ᠂ ᠰᠣᠷᠭᠤᠭ ᠴᠡᠴᠡᠭ ᠠᠳᠬᠤᠭᠰᠠᠨ ᠪᠠᠭᠠᠴᠤᠳ ᠬᠡᠦᠬᠡᠳ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠥᠰᠢ᠊ ᠡᠶ᠎ᠡ ᠵᠦᠭ ᠬᠠᠨᠳᠤᠨ ︽ᠪᠢᠳᠡ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ ᠮᠥᠨ︾ ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠭᠰᠠᠨ ᠪᠥᠭᠡᠳ ᠪᠠᠭᠠᠴᠤᠳ ᠤᠨ ᠬᠤᠰᠢᠭᠤᠴᠢ ᠠᠩᠬᠢ ᠶᠢᠨ ᠶᠣᠰᠣ ᠭᠦᠢᠴᠡᠳᠭᠡᠪᠡ᠃   ᠵᠢᠭᠰᠠᠭᠠᠯ ᠤᠨ ᠡᠮᠦᠨ᠎ᠡ᠂ ᠨᠠᠮ ᠤᠨ ᠲᠥᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ᠂ ᠡᠯ᠎ᠡ ᠠᠷᠠᠳᠴᠢᠯᠠᠭᠰᠠᠨ ᠨᠠᠮ ᠪᠦᠯᠦᠭ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠤᠯᠤᠰ ᠢᠶᠠᠨ ᠬᠠᠶᠢᠷᠠᠯᠠᠭᠴᠢ ᠬᠥᠮᠦᠰ᠂ ᠡᠯ᠎ᠡ ᠠᠷᠠᠳ ᠤᠨ ᠪᠦᠯᠬᠦᠮ ᠪᠣᠯᠤᠨ ᠡᠯ᠎ᠡ ᠡᠲᠡᠭᠡᠳ ᠤᠨ ᠤᠯᠠᠨ ᠲᠦᠮᠡᠨ᠂ ᠠᠬᠠᠮᠠᠳ ᠪᠠᠶᠢᠯᠳᠤᠭᠴᠢ᠂ ᠠᠬᠠᠮᠠᠳ ᠨᠥᠬᠦᠳ ᠪᠣᠯᠤᠨ ᠦᠷᠡᠭᠳᠡᠭᠰᠡᠨ ᠪᠠᠭᠠᠲᠤᠷᠴᠤᠳ ᠤᠨ ᠲᠦᠷᠦᠯ ᠰᠠᠳᠤᠨ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠶᠢᠨ ᠨᠡᠷ᠎ᠡ ᠪᠠᠷ ᠬᠦᠷᠭᠡᠭᠰᠡᠨ 9 ᠲᠤᠮᠤ ᠬᠡᠯᠪᠡᠷᠢ ᠶᠢᠨ ᠰᠠᠭᠰᠤᠳᠤ ᠴᠡᠴᠡᠭ ᠢ ᠨᠢᠭᠡ ᠮᠥᠷ ᠢᠶᠠᠷ ᠵᠢᠭᠰᠠᠭᠠᠪᠠ᠂ ᠴᠡᠴᠡᠭᠲᠦ ᠰᠠᠭᠰᠤ ᠶᠢᠨ ᠤᠯᠠᠭᠠᠨ ᠲᠣᠷᠭᠠᠨ ᠪᠦᠴᠡ ᠳᠡᠭᠡᠷ᠎ᠡ ᠪᠢᠴᠢᠭᠰᠡᠨ ︽ᠠᠷᠠᠳ ᠤᠨ ᠪᠠᠭᠠᠲᠤᠷᠴᠤᠳ ᠥᠨᠢᠳᠡ ᠪᠠᠯᠠᠷᠠᠰᠢ ᠦᠭᠡᠢ︾ ᠭᠡᠬᠦ ᠦᠰᠦᠭ ᠨᠢ ᠣᠨᠴᠠ ᠶᠢᠨ ᠢᠯᠡᠲᠡᠢ ᠬᠠᠷᠠᠭᠳᠠᠨ᠎ᠠ᠃   ᠴᠡᠷᠢᠭ ᠤᠨ ᠬᠥᠭᠵᠢᠮ ᠤᠨ ᠠᠩᠬᠢ ᠠᠴᠠ ︽ᠴᠡᠴᠡᠭ ᠬᠦᠷᠭᠡᠬᠦ ᠠᠶ᠎ᠠ︾ ᠶᠢ ᠭᠦᠨ ᠰᠡᠳᠬᠢᠯᠭᠡ ᠲᠠᠢ ᠬᠥᠭᠵᠢᠮᠳᠡᠵᠦ᠂ 18 ᠶᠣᠰᠣᠯᠠᠯ ᠤᠨ ᠴᠡᠷᠢᠭ ᠰᠠᠭᠰᠤᠳᠤ ᠴᠡᠴᠡᠭ ᠢ ᠯᠠᠪᠳᠠᠭᠤᠨ ᠡᠷᠭᠦᠵᠦ᠂ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠥᠰᠢ᠊ ᠡᠶ᠎ᠡ ᠵᠦᠭ ᠠᠯᠭᠤᠷᠬᠠᠨ ᠠᠯᠬᠤᠵᠤ᠂ ᠰᠠᠭᠰᠤᠳᠤ ᠴᠡᠴᠡᠭ ᠢ ᠳᠤᠷᠠᠰᠬᠠᠯ ᠤᠨ ᠬᠥᠰᠢ᠊ ᠡᠶ᠎ᠡ ᠶᠢᠨ ᠰᠠᠭᠤᠷᠢ ᠳᠡᠭᠡᠷ᠎ᠡ ᠦᠷᠦᠵᠦ ᠲᠠᠯᠪᠢᠪᠠ᠃   ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠬᠥᠮᠦᠰ ᠳᠤᠷᠠᠰᠬᠠᠯ ᠤᠨ ᠬᠦᠰᠢᠶ᠎ᠡ ᠶᠢᠨ ᠰᠠᠭᠤᠷᠢ ᠳᠡᠭᠡᠷ᠎ᠡ ᠭᠠᠷᠴᠤ᠂ ᠰᠠᠭᠰᠤᠳᠤ ᠴᠡᠴᠡᠭ ᠤᠨ ᠡᠮᠦᠨ᠎ᠡ ᠵᠣᠭᠰᠣᠨ ᠰᠢᠷᠳᠡᠬᠦ ᠶᠤᠰᠤ ᠭᠦᠢᠴᠡᠳᠬᠡᠪᠡ᠃ ᠰᠤᠷᠭᠤᠭ ᠰᠠᠶᠢᠬᠠᠨ ᠤᠯᠠᠭᠠᠨ ᠵᠤᠯᠠ᠂ ᠪᠠᠳᠠᠷᠠᠨ ᠳᠡᠯᠭᠡᠷᠡᠭᠰᠡᠨ ᠬᠡᠯᠡᠭᠡᠶ ᠰᠠᠷᠠᠨ᠎ᠠ᠂ ᠤᠶᠠᠨ ᠵᠥᠭᠡᠯᠡᠨ ᠴᠠᠬᠢᠷᠮ᠎ᠠ ᠨᠢ ᠠᠷᠠᠳ ᠤᠨ ᠪᠠᠭᠠᠲᠤᠷᠴᠤᠳ ᠢᠶᠠᠨ ᠬᠢᠵᠠᠭᠠᠯᠠᠰᠢ ᠦᠭᠡᠶ ᠮᠥᠷᠥᠭᠡᠳᠦᠨ ᠰᠠᠨᠠᠭᠠᠯᠵᠠᠵᠤ ᠪᠠᠶᠢᠬᠤ ᠪᠠ ᠡᠷᠬᠢᠮ ᠳᠡᠭᠡᠳᠦ ᠬᠦᠨᠳᠦᠳᠭᠡᠯ ᠳᠡᠪᠰᠢᠭᠦᠯᠵᠦ ᠪᠠᠶᠢᠬᠤ ᠰᠡᠳᠭᠢᠯᠭᠡ ᠶᠢ ᠳᠠᠮᠵᠢᠭᠤᠯᠵᠤ ᠪᠤᠢ᠃   ᠰᠢ ᠶᠢᠨ ᠫᠢᠩ ᠤᠷᠤᠭᠰᠢ ᠠᠯᠬᠤᠨ ᠬᠦᠷᠴᠦ᠂ ᠰᠠᠭᠰᠤᠳᠤ ᠴᠡᠴᠡᠭ ᠤᠨ ᠲᠣᠷᠭᠠᠨ ᠪᠦᠴᠡ ᠶᠢ ᠨᠢᠮᠪᠠᠢ ᠳᠡᠭᠰᠢᠯᠡᠪᠡ᠃ ᠲᠠᠷᠠᠭ᠎ᠠ ᠨᠢ᠂ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠬᠥᠮᠦᠨ ᠠᠯᠭᠤᠷᠬᠠᠨ ᠲᠣᠭᠤᠶᠢᠯᠠᠨ ᠠᠯᠬᠤᠵᠤ᠂ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠥᠰᠢ᠊ ᠡᠶ᠎ᠡ ᠶᠢ ᠪᠠᠷᠠᠯᠠᠪᠠ᠃   ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠡᠷᠡᠮᠡᠬᠡᠶᠢᠯᠡᠨ ᠤᠷᠤᠭᠰᠢᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠤᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠴᠣ ᠰᠢᠨ᠎ᠡ ᠪᠠᠶᠢᠳᠠᠯ ᠢ ᠡᠭᠦᠳᠴᠡᠢ᠃ ᠰᠢᠨ᠎ᠡ ᠠᠶᠠᠨ ᠳᠤ ᠮᠣᠷᠳᠠᠵᠤ᠂ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠦᠷᠡᠭᠳᠡᠭᠰᠡᠨ ᠪᠠᠭᠠᠲᠤᠷ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠰᠢᠩᠭᠡᠭᠡᠨ ᠠᠪᠴᠤ᠂ ᠤᠮᠤᠭ ᠪᠠᠳᠠᠷᠠᠩᠭᠤᠢ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠳᠠᠯ᠎ᠠ ᠪᠠᠷ ᠭᠦᠨᠵᠡᠭᠡᠶᠢᠷᠡᠭᠦᠯᠬᠦ ᠪᠠᠷ ᠴᠠᠭ ᠦᠶ᠎ᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ ᠪᠠᠶᠢᠨ᠎ᠠ᠃   ᠪᠠᠭᠠᠴᠤᠳ ᠬᠡᠦᠬᠡᠳ ᠪᠣᠯᠤᠨ ᠡᠯ᠎ᠡ ᠡᠲᠡᠭᠡᠳ ᠤᠨ ᠤᠯᠠᠨ ᠲᠦᠮᠡᠨ ᠤ ᠲᠥᠯᠥᠭᠡᠯᠡᠭᠴᠢᠳ ᠴᠦ ᠳᠡᠰ ᠳᠠᠷᠠᠭ᠎ᠠ ᠲᠠᠢ ᠪᠠᠷ ᠳᠤᠷᠠᠰᠬᠠᠯ ᠤᠨ ᠬᠥᠰᠢ᠊ ᠡᠶ᠎ᠡ ᠶᠢᠨ ᠡᠮᠦᠨ᠎ᠡ ᠬᠦᠷᠴᠦ᠂ ᠭᠠᠷ ᠲᠠᠬᠢ ᠰᠣᠷᠭᠤᠭ ᠴᠡᠴᠡᠭ ᠢᠶᠠᠨ ᠡᠷᠭᠦᠨ ᠳᠤᠷᠠᠰᠬᠠᠯ ᠤᠨ ᠬᠥᠰᠢ᠊ ᠡᠶ᠎ᠡ ᠶᠢ ᠪᠠᠷᠠᠯᠠᠪᠠ᠃ᠰᠠᠭᠰᠤᠳᠤ ᠴᠡᠴᠡᠭ ᠬᠦᠷᠭᠡᠬᠦ ᠶᠣᠰᠣᠯᠠᠯ ᠢ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠪᠡᠭᠡᠵᠢᠩ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠯᠢ ᠡᠷᠬᠢᠯᠡᠪᠡ᠃   ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠶᠣᠰᠣᠯᠠᠯ ᠳᠤ ᠣᠷᠣᠯᠴᠠᠵᠠᠢ᠃   ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠪᠦᠯᠬᠦᠮ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠪᠡᠭᠡᠵᠢᠩ ᠬᠤᠳᠠ ᠶᠢᠨ ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ᠂ ᠪᠡᠭᠡᠵᠢᠩ ᠳᠤ ᠪᠠᠶᠢᠭ᠎ᠠ ᠠᠬᠠᠮᠠᠳ ᠪᠠᠶᠢᠯᠳᠤᠭᠴᠢ᠂ ᠠᠬᠠᠮᠠᠳ ᠨᠥᠬᠦᠳ ᠪᠣᠯᠤᠨ ᠦᠷᠡᠭᠳᠡᠭᠰᠡᠨ ᠪᠠᠭᠠᠲᠤᠷᠴᠤᠳ ᠤᠨ ᠲᠦᠷᠦᠯ ᠰᠠᠳᠤᠨ ᠤ ᠲᠥᠯᠥᠭᠡᠯᠡᠭᠴᠢ᠂ ᠭᠠᠪᠢᠶᠠᠳᠤ ᠵᠢᠳᠬᠦᠯᠳᠠᠨ ᠤ ᠢᠷᠠᠭᠤ ᠠᠯᠳᠠᠷ ᠬᠦ᠋ᠷᠳᠡᠭᠰᠡᠳ ᠤᠨ ᠲᠥᠯᠥᠭᠡᠯᠡᠭᠴᠢ᠂ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠣᠭᠤᠷᠢᠨ ᠦᠵᠡᠬᠦ ᠪᠦᠯᠬᠦᠮ ᠤᠨ ᠪᠦᠷᠢᠯᠳᠦᠬᠦᠨ᠂ ᠨᠡᠶᠢᠰᠯᠡᠯ ᠤᠨ ᠡᠯ᠎ᠡ ᠡᠲᠡᠭᠡᠳ ᠤᠨ ᠤᠯᠠᠨ ᠲᠦᠮᠡᠨ ᠤ ᠲᠥᠯᠥᠭᠡᠯᠡᠭᠴᠢ ᠶᠣᠰᠣᠯᠠᠯ ᠳᠤ ᠣᠷᠣᠯᠴᠠᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 30 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号