ᠮᠧᠩ ᠱᠠᠩ ᠪᠠᠩᠬᠢ ᠲᠦᠷᠦ ᠶᠢᠨ ᠪᠤᠳᠤᠯᠭ᠎ᠠ ᠶᠢᠨ ᠬᠤᠷᠠᠮᠳᠤᠯ ᠢᠶᠠᠨ ᠴᠢᠩᠭᠠᠳᠬᠠᠵᠤ ᠪᠤᠳᠠᠳᠤ ᠴᠤᠭᠴᠠ ᠶᠢᠨ ᠠᠵᠤ ᠠᠬᠤᠢ ᠳᠤ ᠦᠢᠯᠡᠴᠢᠯᠡᠬᠦ ᠭᠤᠤᠯ ᠬᠦᠴᠦᠨ ᠪᠣᠯᠬᠤ ᠪᠠᠷ ᠮᠡᠷᠡᠶᠢᠵᠦ ᠪᠠᠶᠢᠨ᠎ᠠ
ᠨᠡᠶᠢᠲᠡᠯᠡᠭᠰᠡᠨ ᠴᠠᠭ᠄
2024/10/8
    ᠮᠧᠩ ᠱᠠᠩ ᠪᠠᠩᠬᠢ ᠲᠥᠷᠥ ᠶᠢᠨ ᠪᠣᠳᠣᠯᠭ᠎ᠠ ᠶᠢᠨ ᠬᠤᠷᠠᠮᠳᠤᠯ ᠢᠶᠠᠨ ᠴᠢᠩᠭᠠᠳᠬᠠᠵᠤ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠭᠤᠤᠯ ᠬᠦᠴᠦᠨ ᠪᠣᠯᠬᠤ ᠪᠠᠷ ᠮᠡᠷᠡᠶᠢᠵᠦ ᠪᠠᠶᠢᠨ᠎ᠠ᠃ ᠮᠧᠩ ᠱᠠᠩ ᠪᠠᠩᠬᠢ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ︽ᠣᠬᠤᠷ ᠬᠤᠭᠤᠴᠠᠭᠠᠨ ᠳᠤ ᠲᠦᠷᠭᠡᠨ ᠠᠰᠢᠭ ᠣᠯᠬᠤ︾ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠧᠩ ᠱᠠᠩ ᠪᠠᠩᠬᠢ ᠮᠥᠩᠭᠦᠨ ᠭᠦᠢᠯᠭᠡᠭᠡᠨ ᠢᠶᠠᠷ ᠲᠠᠪᠤᠨ ᠶᠡᠭᠡ ᠡᠭᠦᠷᠭᠡ ᠳᠤ ᠦᠢᠯᠡᠴᠢᠯᠡᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ᠵᠢᠴᠢ ᠠᠯᠪᠠᠨ ᠤ ᠬᠡᠷᠡᠭᠯᠡᠭᠴᠢᠳ ᠤᠨ ᠬᠠᠮᠢᠶᠠᠷᠤᠯᠲᠠ ᠶᠢᠨ ᠠᠯᠢ ᠣᠯᠠᠨ ᠲᠦᠷᠢᠮ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠥᠯᠥᠪᠵᠢᠭᠦᠯᠭᠡ᠂ ᠭᠤᠤᠯᠳᠠᠯᠭ᠎ᠠ ᠲᠠᠢ ᠲᠥᠷᠥᠯ ᠵᠦᠢᠯ ᠪᠠ ᠡᠯ᠎ᠡ ᠠᠶᠢᠮᠠᠭ ᠬᠤᠲᠠ ᠬᠤᠰᠢᠭᠤ ᠰᠢᠶᠠᠨ ᠤ ᠭᠤᠤᠯᠯᠠᠬᠤ ᠠᠵᠤ ᠦᠢᠯᠡᠰ᠂ ᠵᠠᠩᠭᠢᠯᠠᠭ᠎ᠠ ᠶᠢᠨ ᠠᠵᠤ ᠠᠬᠤᠶᠢᠯᠠᠯ ᠳᠤ ᠠᠩᠬᠠᠷᠤᠯ ᠢᠶᠠᠨ ᠲᠦᠪᠯᠡᠷᠡᠭᠦᠯᠪᠡ᠃ 2024 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠮᠧᠩ ᠱᠠᠩ ᠪᠠᠩᠬᠢ ᠲᠣᠰ ᠵᠢᠯ ᠳᠤ ᠲᠠᠪᠤᠨ ᠶᠡᠭᠡ ᠡᠭᠦᠷᠭᠡ ᠶᠢᠨ ᠬᠦᠷᠢᠶᠡᠨ ᠳᠠᠬᠢ ᠵᠢᠭᠡᠯᠡᠯᠭᠡ 269 ᠳ᠋ᠦᠩᠰᠢᠭᠤᠷ ᠲᠥᠭᠦᠷᠢᠭ ᠲᠠᠯᠪᠢᠵᠤ᠂ ᠲᠠᠪᠤᠨ ᠶᠡᠭᠡ ᠡᠭᠦᠷᠭᠡ ᠶᠢᠨ ᠵᠢᠭᠡᠯᠡᠯᠭᠡ ᠶᠢᠨ ᠦᠯᠡᠳᠡᠪᠦᠷᠢ 416 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 151 ᠳ᠋ᠦᠩᠰᠢᠭᠤᠷ ᠲᠥᠭᠦᠷᠢᠭ ᠨᠡᠮᠡᠭᠳᠡᠪᠡ᠃ ᠡᠭᠦᠨ ᠳᠤ᠂ 1 — 9 ᠳ᠋ᠦ᠋ᠭᠡᠷ ᠰᠠᠷ᠎ᠠ ᠳᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠲᠤ 120 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠲᠤ 34 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠳᠤ 4 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠳᠤ 28 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠳᠤ 83 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ ︵ᠮᠧᠩ ᠱᠠᠩ ᠪᠠᠩᠬᠢ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号