ᠮᠠᠨ ᠤ ᠣᠷᠣᠨ ᠤᠯᠤᠰ ᠤᠨ ᠪᠠᠶᠠᠷ ᠤᠨ ᠬᠤᠭᠤᠴᠠᠭᠠᠨ ᠳᠤ 127 ᠵᠦᠢᠯ ᠤᠨ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/8
   ᠮᠠᠨ ᠤ ᠣᠷᠣᠨ ᠤᠯᠤᠰ ᠤᠨ ᠪᠠᠶᠠᠷ ᠤᠨ ᠬᠤᠭᠤᠴᠠᠭᠠᠨ ᠳᠤ 127 ᠵᠦᠢᠯ ᠤᠨ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠪᠡ᠃ ᠬᠥᠬᠡᠬᠤᠲᠠ ᠶᠢᠨ ᠣᠤ ᠸᠧᠢ ᠮᠣᠷᠢᠨ ᠤ ᠰᠣᠶᠣᠯ ᠵᠢᠭᠤᠯᠴᠢᠯᠠᠯ ᠤᠨ ᠣᠷᠣᠨ ᠤ ︽ᠣᠤ ᠸᠧᠢ ᠮᠣᠷᠢᠨ ᠤ ᠪᠠᠯᠭᠠᠰᠤ ᠶᠢᠨ ᠪᠣᠳᠠᠰ ᠤᠨ ᠪᠤᠰᠤ ᠰᠣᠶᠣᠯ ᠤᠨ ᠥᠪ ᠤᠨ ᠮᠣᠷᠢᠨ ᠮᠡᠷᠭᠡᠵᠢᠯ ᠤᠨ ᠦᠵᠡᠭᠦᠯᠭᠡ︾ ᠵᠡᠷᠭᠡ 14 ᠵᠦᠢᠯ᠂ ᠪᠤᠭᠤᠲᠤ ᠬᠤᠲᠠ ᠶᠢᠨ ᠪᠤᠭᠤᠲᠤ ᠶᠢᠨ ᠡᠷᠲᠡᠨ ᠤ ᠬᠤᠲᠠ ᠶᠢᠨ ᠦᠵᠡᠮᠵᠢ ᠶᠢᠨ ᠭᠠᠵᠠᠷ ᠤᠨ ︽ᠪᠤᠭᠤᠲᠤ ᠶᠢᠨ ᠡᠷᠲᠡᠨ ᠤ ᠬᠤᠲᠠ ᠶᠢᠨ ᠲᠠᠯ᠎ᠠ ᠨᠤᠲᠤᠭ ᠤᠨ ᠨᠠᠭᠠᠳᠤᠮ︾ ᠵᠡᠷᠭᠡ 12 ᠵᠦᠢᠯ᠂ ᠬᠥᠯᠥᠨ ᠪᠤᠶᠢᠷ ᠬᠤᠲᠠ ᠶᠢᠨ ︽ᠠᠯᠲᠠᠨ ᠨᠠᠮᠤᠷ ᠤᠨ ᠠᠷᠪᠠᠨ ᠰᠠᠷ᠎ᠠ ᠰᠢᠯᠦᠭ ᠬᠢᠭᠡᠳ ᠠᠯᠤᠰ ᠳᠡᠷᠲᠡᠭᠡ︾ ᠶᠢᠨ ᠬᠢᠯᠢ ᠠᠯᠤᠰᠯᠠᠨ ᠥᠪᠡᠰᠦᠪᠡᠨ ᠲᠡᠷᠭᠡ ᠵᠢᠯᠤᠭᠤᠳᠬᠤ ᠵᠢᠭᠤᠯᠴᠢᠯᠠᠯ ᠵᠡᠷᠭᠡ 6 ᠵᠦᠢᠯ᠂ ᠬᠢᠩᠭᠠᠨ ᠠᠶᠢᠮᠠᠭ ᠤᠨ ᠤᠯᠠᠭᠠᠨᠮᠤᠳᠤ ᠲᠠᠯ᠎ᠠ ᠨᠤᠲᠤᠭ ᠤᠨ ︽ᠳᠠᠭᠤᠤ ᠦᠪᠤᠷ ᠮᠤᠩᠭᠤᠯ ᠢᠶᠠᠷ ᠠᠶᠠᠯᠠᠭᠤᠯᠤᠨ ᠵᠤᠭᠠᠴᠠᠶ᠎ᠠ᠂ ᠡᠳᠦᠷ ᠡᠳᠦᠷ ᠨᠠᠭᠠᠳᠤᠮ ᠲᠠᠢ︾ ᠵᠡᠷᠭᠡ 7 ᠵᠦᠢᠯ᠂ ᠲᠦᠡᠭᠯᠢᠶᠤᠤ ᠬᠤᠳᠠ ᠶᠢᠨ ᠶᠤᠸᠠᠢ ᠯᠠᠢ ᠡᠾᠧ ᠰᠤᠶᠤᠯ ᠵᠢᠭᠤᠯᠴᠢᠯᠠᠯ ᠰᠡᠯᠡᠬᠦᠴᠡᠯ ᠤᠨ ᠵᠡᠭᠡᠯᠢ ᠲᠤᠭᠤᠷᠢᠭ ᠤᠨ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠡᠨ 75 ᠵᠢᠯ ᠤᠨ ᠤᠢ ᠶᠢ ᠪᠡᠯᠭᠡᠯᠡᠬᠦ ᠤᠯᠠᠭᠠᠨᠮᠦ᠋ᠴᠢᠷ ᠤᠨ ᠬᠠᠮᠲᠤᠷᠠᠭᠰᠠᠨ ᠲᠤᠭᠯᠠᠯᠳᠠ︾ ᠵᠡᠷᠭᠡ 10 ᠵᠦᠢᠯ᠂ ᠤᠯᠠᠭᠠᠨᠬᠠᠲᠠ ᠬᠤᠲᠠ ᠶᠢᠨ ᠯᠢᠶᠤᠤ ᠤᠯᠤᠰ ᠤᠨ ᠲᠡᠤᠬᠡ ᠰᠤᠶᠤᠯ ᠤᠨ ᠮᠦᠽᠧᠢ ᠶᠢᠨ ︽ᠵᠠᠭᠤᠨ ᠮᠧᠲᠷ ᠤᠨ ᠤᠷᠲᠤ ᠡᠪᠬᠡᠮᠡᠯ ᠳᠡᠭᠡᠷ᠎ᠡ ᠳᠤᠮᠳᠠᠳᠤ ᠤᠯᠤᠰ ᠢ ᠵᠢᠷᠤᠭᠯᠠᠬᠤ︾ ᠵᠡᠷᠭᠡ 7 ᠵᠦᠢᠯ᠂ ᠰᠢᠯᠢ ᠶᠢᠨ ᠭᠤᠤᠯ ᠠᠶᠢᠮᠠᠭ ᠤᠨ ︽ᠬᠡᠭᠡᠷ᠎ᠡ ᠠᠶᠠᠯᠠᠬᠤ ᠮᠠᠰᠢᠨ ᠲᠡᠷᠭᠡ ᠶᠢᠨ ᠬᠡᠭᠡᠷᠡᠯᠡᠨ ᠠᠶᠠᠯᠠᠬᠤ ᠠᠵᠢᠯᠯᠠᠭ᠎ᠠ︾᠂ ︽ᠲᠡᠰ ᠠᠴᠠ ᠲᠠᠪᠠᠭᠰᠠᠨ ᠮᠠᠰᠢᠨ ᠲᠡᠷᠭᠡᠨ ᠤ ᠵᠢᠯᠣᠭᠤᠴᠢ ᠶᠢᠨ ᠠᠪᠤᠷᠭᠤ ᠪᠤᠯᠢᠶᠠᠯᠳᠤᠬᠤ ᠤᠷᠤᠯᠳᠤᠭᠠᠨ︾ ᠵᠡᠷᠭᠡ 10 ᠵᠦᠢᠯ᠂ ᠤᠯᠠᠭᠠᠨᠴᠠᠪ ᠬᠤᠲᠠ ᠶᠢᠨ ᠲᠠᠪᠤᠨ ᠡᠳᠦᠷ ᠤᠨ ᠬᠤᠭᠤᠴᠠᠭ᠎ᠠ ᠲᠠᠢ ᠶᠠᠪᠤᠭᠳᠠᠭᠰᠠᠨ ︽ᠭᠠᠯᠲᠤ ᠠᠭᠤᠯᠠ ᠪᠠᠷ ᠵᠢᠭᠤᠯᠴᠢᠯᠠᠵᠤ ᠰᠠᠨᠰᠠᠷᠴᠢᠨ ᠤ ᠬᠦᠰᠡᠯ ᠢᠶᠠᠨ ᠲᠡᠷᠭᠡᠯᠰᠢᠯᠡᠭᠦᠯᠬᠦ︾ ᠵᠡᠷᠭᠡ 7 ᠵᠦᠢᠯ᠂ ᠣᠷᠳᠣᠰ ᠬᠤᠲᠠ ᠶᠢᠨ ᠬᠢᠶ᠎ᠠ ᠪᠠᠭᠰᠢ ᠶᠢᠨ ᠤᠯᠠᠭᠠᠨᠮᠦ᠋ᠷᠡᠨ ᠨᠠᠭᠤᠷ ᠲᠣᠭᠤᠷᠢᠭ ᠤᠨ ᠵᠢᠯᠣᠭᠤᠴᠢ ᠥᠬᠡᠶ ᠨᠢᠰᠬᠡᠯ ᠤᠨ ᠲᠣᠭᠯᠠᠯᠲᠠ ᠵᠡᠷᠭᠡ 13 ᠵᠦᠢᠯ᠂ ᠪᠠᠶᠠᠨᠨᠠᠭᠤᠷ ᠬᠤᠲᠠ ᠶᠢᠨ ᠤᠯᠠᠭᠠᠨᠪᠤᠬ᠎ᠠ ᠶᠢᠨ ᠵᠢᠭᠤᠯᠴᠢᠯᠠᠯ ᠤᠨ ᠣᠷᠣᠨ ᠤ ︽ᠤᠯᠠᠭᠠᠨᠪᠤᠬ᠎ᠠ ᠶᠢᠨ ᠡᠯᠡᠰᠦ ᠳᠠᠯᠠᠢ ᠨᠠᠭᠤᠷ ᠤᠨ ᠵᠢᠭᠤᠯᠴᠢᠯᠠᠯ ᠤᠨ ᠣᠷᠣᠨ ᠤ ᠡᠯᠡᠰᠦᠨ ᠴᠥᠯ ᠤᠨ ᠣᠳᠣᠨ ᠮᠡᠴᠢᠳ ᠳᠠᠭᠤᠤ ᠬᠥᠭᠵᠢᠮ ᠤᠨ ᠨᠠᠶᠢᠷ︾ ᠵᠡᠷᠭᠡ 9 ᠵᠦᠢᠯ᠂ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠳᠤᠮᠳᠠᠳᠤ ᠤᠯᠤᠰ ᠤᠨ ᠡᠯᠡᠰᠦᠨ ᠴᠥᠯ ᠤᠨ ᠴᠤᠪᠤᠭ᠎ᠠ ᠠᠩᠭᠢ ᠶᠢᠨ ᠣᠨ ᠤ ᠡᠭᠡᠯᠵᠢᠲᠦ ᠬᠤᠷᠠᠯ ᠵᠢᠴᠢ ᠤᠷᠤᠯᠳᠤᠭᠠᠨ ᠵᠡᠷᠭᠡ 5 ᠵᠦᠢᠯ᠂ ᠠᠯᠠᠱᠠ ᠠᠶᠢᠮᠠᠭ ᠤᠨ ︽2024 ᠠᠯᠠᠱᠠ ᠶᠢᠨ ᠪᠠᠭᠠᠲᠤᠷᠴᠤᠳ ᠤᠨ ᠴᠤᠭᠯᠠᠭᠠᠨ︾ ᠵᠡᠷᠭᠡ 9 ᠵᠦᠢᠯ ᠪᠣᠶ︔ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠤᠨ ᠳᠤᠮᠳᠠᠳᠤ ᠤᠯᠤᠰ ᠤᠨ ᠠᠩᠬᠠᠳᠠᠭᠴᠢ ᠲᠣᠮᠣ ᠬᠡᠯᠪᠡᠷᠢ ᠶᠢᠨ ᠠᠳᠤᠭᠤᠨ ᠰᠣᠶᠣᠯ ᠤᠨ ᠪᠦᠷᠢᠨ ᠦᠵᠡᠭᠳᠡᠯᠲᠦ ᠬᠡᠯᠪᠡᠷᠢ ᠶᠢᠨ ︽ᠮᠢᠩᠭᠠᠨ ᠣᠨ ᠤ ᠮᠣᠷᠢᠨ ᠤ ᠮᠠᠭᠲᠠᠭᠠᠯ︾ ᠤᠨ ᠲᠣᠭᠯᠠᠯᠲᠠ ᠵᠡᠷᠭᠡ 4 ᠵᠦᠢᠯ᠂ ᠥᠪᠥᠷ ᠮᠣᠩᠭᠤᠯ ᠤᠨ ᠮᠦᠽᠧᠶ ᠶᠢᠨ ︽ᠮᠦᠽᠧᠶ ᠳᠤ ᠤᠯᠤᠰ ᠤᠨ ᠪᠠᠶᠠᠷ ᠢ ᠪᠡᠯᠭᠡᠯᠡᠬᠦ︾ ᠵᠡᠷᠭᠡ 5 ᠵᠦᠢᠯ᠂ ᠥᠪᠥᠷ ᠮᠣᠩᠭᠤᠯ ᠤᠨ ᠨᠣᠮ ᠤᠨ ᠰᠠᠩ ᠤᠨ ︽ᠤᠰᠤᠨ ᠪᠣᠳᠤᠭ ᠲᠠᠬᠢ ᠤᠯᠤᠰ ᠤᠨ ᠪᠠᠶᠠᠷ ᠤᠨ ᠳᠤᠷᠠᠰᠤᠮᠵᠢ︾ ᠭᠤᠣᠯ ᠰᠡᠳᠦᠪᠲᠦ ᠵᠢᠷᠤᠭ ᠵᠡᠷᠭᠡ 3 ᠵᠦᠢᠯ᠂ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠤ ︽ᠤᠯᠤᠰ ᠨᠡᠶᠢᠭᠡᠮ ᠤᠨ ᠲᠣᠯᠢ ᠡᠷᠡᠨ ᠵᠠᠭᠤᠨ ᠤ ᠭᠡᠷᠡᠯ ᠰᠡᠭᠦᠳᠡᠷ︾ ᠰᠣᠨᠢᠨ ᠮᠡᠳᠡᠭᠡᠨ ᠤ ᠭᠡᠷᠡᠯ ᠵᠢᠷᠤᠭ ᠤᠨ ᠦᠵᠡᠰᠭᠦᠯᠡᠩ ᠵᠡᠷᠭᠡ 6 ᠵᠦᠢᠯ ᠢ ᠳᠡᠯᠭᠡᠨ ᠦᠵᠡᠭᠦᠯᠪᠡ᠃ ︵ᠰᠣᠶᠣᠯ ᠵᠢᠭᠤᠯᠴᠢᠯᠠᠯ ᠤᠨ ᠲᠢᠩᠬᠢᠮ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号