ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠠᠮᠤᠨ ᠤᠶᠢᠷ᠎ᠠ ᠳᠤ ᠴᠦᠩᠴᠢᠩ ᠳᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠠᠵᠢᠯ | ᠣᠯᠭᠤᠵᠤ ᠬᠠᠪᠰᠤᠷᠤᠨ ᠲᠡᠳᠬᠦᠬᠦ ᠠᠵᠢᠯ ᠤᠨ ᠬᠤᠷᠠᠯ ᠬᠤᠷᠠᠯᠳᠤᠭᠤᠯᠪᠠ᠃ ᠰᠤᠷᠪᠤᠯᠵᠢᠯᠠᠭᠴᠢ ᠬᠤᠷᠠᠯ ᠠᠴᠠ | ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ | ᠳᠠᠬᠢᠨ ᠶᠠᠳᠠᠭᠤᠷᠠᠬᠤ ᠶᠢ ᠰᠡᠷᠭᠡᠶᠢᠯᠡᠵᠦ ᠠᠵᠢᠯ ᠣᠯᠭᠤᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ 8 ᠰᠠᠷ᠎ᠠ ᠶᠢᠨ ᠡᠴᠦᠰ ᠪᠣᠯᠲᠠᠯ᠎ᠠ᠂ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ ᠶᠢᠨ ᠠᠵᠢᠯ ᠬᠢᠵᠦ ᠠᠵᠢᠯ ᠣᠯᠤᠭᠰᠠᠨ ᠶᠡᠷᠦᠩᠬᠡᠶ ᠬᠡᠪᠴᠢᠶ᠎ᠡ 3295.3 ᠲᠦᠮᠡᠨ ᠬᠥᠮᠦᠨ ᠳᠤ ᠬᠦᠷᠴᠦ᠂ | ᠵᠢᠯ ᠤᠨ ᠬᠠᠷᠠᠯᠲᠠ ᠡᠭᠦᠷᠭᠡ ᠠᠴᠠ ᠪᠠᠨ 276.1 ᠲᠦᠮᠡᠨ ᠬᠥᠮᠦᠨ ᠳᠠᠪᠠᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠳᠤ ᠬᠦᠴᠦᠲᠡᠶ ᠲᠤᠯᠭᠠᠭᠤᠷᠢᠯᠠᠯ | ᠬᠠᠩᠭᠠᠪᠠ᠃ | ᠶᠠᠳᠠᠭᠤ ᠠᠴᠠ ᠠᠩᠭᠢᠵᠢᠷᠠᠬᠰᠠᠨ ᠬᠥᠮᠦᠨ ᠠᠮᠠ ᠶᠢᠨ ᠠᠵᠢᠯ ᠬᠢᠵᠦ ᠠᠵᠢᠯ ᠤᠯᠬᠤ ᠶᠢ ᠠᠬᠢᠭᠤᠯᠬᠤ ᠪᠣᠯ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠭᠡᠵᠦ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠬᠤ ᠴᠢᠬᠤᠯᠠ | ᠠᠷᠭ᠎ᠠ ᠬᠡᠮᠵᠢᠶ᠎ᠡ ᠪᠣᠯᠤᠨ᠎ᠠ᠃ ᠡᠨᠡ ᠵᠢᠯ ᠠᠴᠠ ᠨᠠᠭᠠᠰᠢ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠢᠨ ᠬᠠᠳᠠᠭᠠᠯᠠᠬᠳᠠᠴᠠ ᠶᠢ ᠲᠣᠭᠲᠠᠪᠤᠷᠢᠵᠢᠭᠤᠯᠬᠤ᠂ ᠨᠡᠮᠡᠭᠳᠡᠯ ᠤᠨ ᠬᠡᠮᠵᠢᠶ᠎ᠡ ᠶᠢ ᠥᠷᠭᠡᠳᠭᠡᠬᠦ᠂ ᠶᠠᠰᠤ | ᠴᠢᠨᠠᠷ ᠢ ᠳᠡᠭᠡᠭᠰᠢᠯᠡᠭᠦᠯᠬᠦ ᠪᠠᠷ ᠳᠡᠮᠵᠢᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠬᠠᠪᠰᠤᠷᠤᠨ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠤᠯᠪᠠ᠃ 8 | ᠰᠠᠷ᠎ᠠ ᠶᠢᠨ ᠡᠴᠦᠰ ᠪᠣᠯᠲᠠᠯ᠎ᠠ᠂ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ | ᠬᠢᠵᠦ ᠠᠵᠢᠯ ᠣᠯᠤᠭᠰᠠᠨ ᠶᠡᠷᠦᠩᠬᠡᠶ ᠬᠡᠪᠴᠢᠶ᠎ᠡ 7 ᠰᠠᠷ᠎ᠠ ᠳᠠᠷᠠᠭᠠᠯᠠᠨ ᠨᠡᠮᠡᠭᠳᠡᠯ ᠢ ᠪᠡᠶᠡᠯᠡᠭᠦᠯᠪᠡ᠃ | ᠭᠤᠤᠯᠳᠠᠯᠭ᠎ᠠ ᠲᠠᠢ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠤᠯᠬᠤ | ᠬᠡᠪᠴᠢᠶ᠎ᠡ ᠴᠦ ᠦᠷᠭᠦᠯᠵᠢᠯᠡᠨ ᠨᠡᠮᠡᠭᠳᠡᠪᠡ᠃ 8 ᠰᠠᠷ᠎ᠠ ᠶᠢᠨ ᠡᠴᠦᠰ ᠪᠣᠯᠲᠠᠯ᠎ᠠ᠂ 160 ᠤᠯᠤᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠤᠭᠰᠠᠨ ᠬᠥᠮᠦᠨ ᠤ ᠲᠤᠭ᠎ᠠ 669.6 ᠲᠦᠮᠡ ᠳᠤ ᠬᠦᠷᠴᠦ᠂ | 2023 ᠣᠨ ᠤ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 23.7 ᠲᠦᠮᠡ ᠢᠯᠡᠭᠦᠦ ᠪᠣᠯᠵᠠᠢ︔ | ᠤᠨᠳᠤᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ ᠶᠠᠳᠠᠭᠤ ᠠᠴᠠ ᠠᠩᠭᠢᠵᠢᠷᠠᠭᠤᠯᠤᠭᠰᠠᠨ ᠬᠥᠮᠦᠨ ᠠᠮᠠ ᠶᠢᠨ | ᠠᠵᠢᠯ ᠣᠯᠤᠭᠰᠠᠨ ᠬᠡᠪᠴᠢᠶ᠎ᠡ 405.9 ᠲᠦᠮᠡᠨ ᠬᠥᠮᠦᠨ ᠳᠤ ᠬᠦᠷᠴᠦ᠂ ᠣᠨ ᠤ ᠬᠠᠷᠠᠯᠲᠠ ᠡᠭᠦᠷᠭᠡ ᠪᠠᠨ 107. | 5% ᠪᠠᠷ ᠪᠡᠶᠡᠯᠡᠬᠦᠯᠪᠡ᠃ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠬᠠᠪᠰᠤᠷᠤᠨ ᠠᠵᠢᠯ ᠣᠯᠭᠤᠬᠤ ᠠᠷᠭ᠎ᠠ ᠵᠠᠮ ᠢ ᠨᠢ | ᠥᠷᠭᠡᠳᠭᠡᠵᠦ᠂ ᠠᠵᠢᠯ ᠣᠯᠭᠤᠬᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢᠨ ᠲᠥᠯᠥᠭᠡ᠂ ᠡᠯ᠎ᠡ ᠱᠠᠲᠤ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ ︽ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠬᠤ︾᠂ ᠳᠠᠯᠳᠠ ᠬᠦᠴᠦᠨ ᠢ ᠠᠭᠤᠳᠠᠯᠤᠨ ᠢᠳᠡᠪᠬᠢᠲᠡᠶ ︽ᠠᠵᠢᠯ ᠤᠨ ᠪᠠᠶᠢᠷᠢ ᠶᠢ | ᠥᠷᠭᠡᠳᠭᠡᠬᠦ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ᠂ ᠤᠨᠳᠤᠤ ᠭᠠᠵᠠᠷ ᠲᠤ ᠨᠡᠭᠦᠯᠭᠡᠨ ᠶᠠᠳᠠᠭᠤ ᠶᠢ | ᠲᠡᠳᠬᠦᠵᠦ ᠲᠥᠪᠬᠢᠨᠡᠭᠦᠯᠬᠦ ᠣᠷᠣᠨ ᠢᠶᠠᠷ ᠭᠤᠤᠯᠳᠠᠯᠭ᠎ᠠ ᠪᠣᠯᠭᠠᠵᠤ᠂ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠂ ︽ᠤᠷᠢᠬᠠᠨ ᠰᠠᠯᠬᠢᠨ ᠤ ᠠᠵᠢᠯᠯᠠᠭ᠎ᠠ︾ ᠵᠡᠷᠭᠡ | ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠤᠰᠬᠠᠶ ᠠᠵᠢᠯᠲᠠᠨ ᠠᠵᠢᠯᠴᠢᠨ ᠡᠯᠰᠡᠬᠦ ᠴᠤᠭᠯᠠᠭᠠᠨ ᠡᠷᠭᠢᠯᠡᠵᠦ᠂ | ᠭᠠᠳᠠᠭᠰᠢ ᠭᠠᠷᠴᠤ ᠠᠵᠢᠯ ᠬᠢᠬᠦ ᠶᠢᠨ ᠵᠣᠬᠢᠶᠠᠨ ᠪᠠᠶᠢᠭᠤᠯᠤᠯᠴᠠᠬᠤ ᠬᠡᠮᠵᠢᠶ᠎ᠡ ᠶᠢ ᠳᠡᠭᠡᠭᠰᠢᠯᠡᠭᠦᠯᠪᠡ᠃ ᠲᠣᠮᠣ | ᠬᠡᠯᠪᠡᠷᠢ ᠶᠢᠨ ᠠᠵᠢᠯ ᠣᠯᠭᠤᠯᠲᠠ ᠶᠢᠨ ᠲᠠᠪᠴᠠᠩ ᠤᠨ ᠪᠠᠶᠢᠭᠤᠯᠤᠮᠵᠢ ᠲᠠᠢ ᠬᠠᠮᠲᠤᠷᠠᠨ ︽ᠶᠠᠳᠠᠭᠤ ᠠᠴᠠ | ᠠᠩᠭᠢᠵᠢᠷᠠᠭᠰᠠᠨ ᠬᠦᠮᠦᠰ ᠤᠨ ᠠᠵᠢᠯ ᠤᠯᠭᠤᠯᠲᠠ ᠶᠢ ᠨᠡᠮᠡᠭᠳᠡᠭᠦᠯᠬᠦ ᠲᠥᠯᠥᠪᠯᠡᠭᠡ︾ ᠶᠢᠨ ᠠᠵᠢᠯ ᠣᠯᠭᠤᠯᠲᠠ ᠶᠢ | ᠬᠠᠪᠰᠤᠷᠤᠨ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ᠂ ᠵᠠᠭᠤᠨ ᠡᠳᠦᠷ ᠲᠤ ᠮᠢᠩᠭᠠᠨ ᠲᠦᠮᠡᠨ | ᠠᠵᠢᠯᠲᠠᠨ ᠠᠵᠢᠯᠴᠢᠨ ᠡᠯᠰᠡᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠠᠵᠢᠯ ᠣᠯᠭᠤᠯᠲᠠ ᠶᠢᠨ ᠰᠢᠨ᠎ᠡ ᠣᠷᠣᠨ | ᠵᠠᠶ ᠶᠢ ᠲᠠᠰᠤᠷᠠᠯᠲᠠ ᠥᠬᠡᠶ ᠥᠷᠭᠡᠳᠭᠡᠪᠡ᠃ | ᠡᠭᠦᠨ ᠠᠴᠠ ᠭᠠᠳᠠᠨ᠎ᠠ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠣᠨᠴᠠᠯᠢᠭᠲᠤ ᠬᠥᠳᠡᠯᠮᠦᠷᠢ | ᠦᠢᠯᠡᠴᠢᠯᠡᠭᠡᠨ ᠤ ᠲᠥᠷᠥᠯ ᠲᠡᠮᠳᠡᠭ ᠢ ᠪᠤᠶᠢᠵᠢᠭᠤᠯᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠪᠥᠬᠦ | ᠤᠯᠤᠰ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠵᠢᠴᠢ ᠬᠥᠳᠡᠯᠮᠦᠷᠢ ᠦᠢᠯᠡᠴᠢᠯᠡᠭᠡᠨ ᠤ ᠲᠥᠷᠥᠯ | ᠲᠡᠮᠳᠡᠭ ᠤᠨ ᠬᠥᠭᠵᠢᠯᠲᠡ ᠶᠢᠨ ᠶᠡᠭᠡ ᠬᠤᠷᠠᠯ ᠳᠤ ᠰᠢᠯᠢᠳᠡᠭ ᠢ ᠨᠢ ᠰᠣᠩᠭᠤᠨ ᠲᠠᠨᠢᠯᠴᠠᠭᠤᠯᠵᠤ ᠣᠷᠣᠯᠴᠠᠭᠤᠯᠤᠨ᠂ | ᠬᠥᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠤᠨ ᠨᠡᠷ᠎ᠡ ᠠᠯᠳᠠᠷᠰᠢᠯ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ | ᠂ ᠨᠢᠭᠡ ᠪᠦᠯᠦᠭ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠳᠠᠶᠢᠴᠢᠯᠠᠨ ᠨᠢᠭᠡ ᠵᠦᠢᠯ ᠤᠨ ᠮᠡᠷᠭᠡᠵᠢᠯ ᠲᠠᠢ | ᠪᠣᠯᠭᠠᠵᠤ᠂ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠪᠡ᠃ | ︵ᠰᠢᠨᠬᠤᠸᠠ ᠬᠤᠷᠢᠶ᠎ᠠ ᠶᠢᠨ ᠴᠦᠩᠴᠢᠩ ᠤᠨ ᠴᠠᠬᠢᠯᠭᠠᠨ ᠮᠡᠳᠡᠭᠡ︶ | |