ᠮᠠᠨ ᠤ ᠤᠷᠤᠨ ᠲᠣᠨ ᠤ ᠤᠨᠠᠯᠲᠠ ᠲᠠᠢ ᠲᠠᠷᠢᠶᠠᠨ ᠭᠠᠵᠠᠷ ᠢ ᠦᠷᠬᠡᠳᠬᠡᠨ ᠪᠠᠶᠢᠭᠤᠯᠵᠤ ᠡᠯᠪᠡᠭ ᠬᠤᠷᠢᠶᠠᠯᠲᠠ ᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/10/8
   ᠬᠠᠪᠤᠷ ᠤᠨ ᠦᠷ᠎ᠡ ᠨᠠᠮᠤᠷ ᠤᠨ ᠬᠤᠷᠢᠶᠠᠯᠲᠠ ᠭᠡᠳᠡᠭᠴᠢᠯᠡᠨ ᠲᠠᠩᠰᠤᠭ ᠨᠠᠮᠤᠷ ᠰᠠᠭᠠᠲᠠᠬᠤᠶ᠎ᠡ ᠥᠪᠥᠷ ᠮᠣᠩᠭᠤᠯ ᠤᠨ ᠡᠯ᠎ᠡ ᠭᠠᠵᠠᠷ ᠲᠤ ᠡᠯᠪᠡᠭ ᠬᠤᠷᠢᠶᠠᠯᠲᠠ ᠢᠢᠨ ᠳᠠᠭᠤᠯᠠᠯ ᠬᠠᠨᠭ᠍ᠬᠢᠨᠠᠨ᠎ᠠ᠃ ᠡᠨᠡ ᠵᠢᠯ ᠮᠠᠨ ᠤ ᠤᠷᠤᠨ ᠭᠤᠤᠯ ᠪᠣᠯᠬᠤ ᠲᠠᠷᠢᠮᠠᠯ ᠤᠨ ᠮᠦ ᠨᠢᠭᠡᠴᠢ ᠢᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠲᠠᠷᠢᠶᠠᠯᠠᠩ ᠦᠢᠯᠡᠳᠪᠤᠷᠢᠯᠡᠯ ᠤᠨ ᠲᠡᠷᠢᠭᠦᠨ ᠴᠢᠬᠤᠯᠠ ᠢᠨᠵᠧᠨᠧᠷᠢᠩ ᠪᠣᠯᠭᠠᠨ ᠠᠳᠬᠤᠵᠤ᠂ ᠲᠣᠨ ᠤ ᠤᠨᠠᠯᠲᠠ ᠲᠠᠢ ᠠᠮᠤ ᠪᠤᠳᠠᠭᠠᠨ ᠤ ᠲᠠᠷᠢᠶᠠᠨ ᠭᠠᠵᠠᠷ ᠢ ᠦᠷᠬᠡᠳᠬᠡᠨ ᠪᠠᠶᠢᠭᠤᠯᠵᠤ ᠠᠮᠤ ᠪᠤᠳᠠᠭᠠᠨ ᠤ ᠦᠢᠯᠡᠳᠪᠤᠷᠢᠯᠡᠯ ᠳᠤ ᠦᠷᠬᠦᠯᠵᠢᠯᠡᠨ ᠡᠯᠪᠡᠭ ᠬᠤᠷᠢᠶᠠᠯᠲᠠ ᠤᠯᠬᠤ ᠶᠢ ᠠᠬᠢᠭᠤᠯᠪᠠ᠃   ᠡᠨᠡ ᠵᠢᠯ ᠮᠠᠨ ᠤ ᠤᠷᠤᠨ ︽ᠬᠦᠨᠡᠰᠦᠨ ᠠᠮᠤ ᠶᠢ ᠪᠠᠬᠢᠵᠢᠭᠦᠯᠦᠨ ᠳᠡᠭᠡᠭᠰᠢᠯᠡᠭᠦᠯᠵᠦ᠂ ᠡᠷᠳᠡᠨᠢ ᠰᠢᠰᠢ ᠰᠢᠷ᠎ᠠ ᠪᠤᠷᠴᠠᠭ ᠢᠢᠡᠷ ᠭᠤᠤᠯᠯᠠᠨᠭᠤᠯᠵᠤ᠂ ᠲᠥᠮᠥᠰᠥ ᠢᠢᠨ ᠲᠥᠷᠥᠯ ᠤᠨ ᠬᠤᠯᠢᠮᠠᠭ ᠠᠮᠤ ᠶᠢ ᠬᠠᠮᠲᠤ ᠳᠤᠨᠢ ᠬᠠᠷᠠᠭᠠᠯᠵᠠᠵᠤ ᠂ ᠲᠣᠰᠣᠯᠢᠭ ᠲᠠᠷᠢᠮᠠᠯ ᠢ ᠬᠥᠭᠵᠢᠭᠦᠯᠬᠦ︾ ᠶᠡᠷᠦᠩᠬᠡᠶ ᠰᠡᠳᠬᠢᠴᠡ ᠪᠠᠷ ︽ᠰᠠᠶᠢᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠰᠠᠶᠢᠨ ᠡᠭᠦᠯᠳᠡᠷ ᠢ ᠪᠤᠶᠢᠵᠢᠭᠤᠯᠬᠤ᠂ ᠰᠠᠶᠢᠨ ᠮᠡᠷᠭᠡᠵᠢᠯ ᠢ ᠳᠡᠯᠭᠡᠷᠡᠭᠦᠯᠬᠦ᠂ ᠰᠠᠶᠢᠨ ᠮᠠᠰᠢᠨ ᠲᠦᠬᠦᠭᠡᠷᠦᠮᠵᠢ ᠶᠢ ᠲᠤᠬᠢᠷᠠᠭᠤᠯᠬᠤ᠂ ᠰᠠᠶᠢᠨ ᠲᠦᠷᠢᠮ ᠢ ᠬᠡᠷᠡᠭᠵᠢᠭᠦᠯᠬᠦ︾ ᠵᠡᠷᠭᠡ ︽ᠲᠠᠪᠤᠨ ᠰᠠᠶᠢᠨ︾ ᠠᠷᠭ᠎ᠠ ᠬᠡᠮᠵᠢᠶ᠎ᠡ ᠶᠢ ᠬᠡᠷᠡᠭᠯᠡᠨ ᠭᠤᠤᠯ ᠪᠣᠯᠬᠤ ᠲᠠᠷᠢᠮᠠᠯ ᠤᠨ ᠮᠦ ᠨᠢᠭᠡᠴᠢ ᠢᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠪᠠ᠃ 20 ᠭᠠᠷᠤᠶ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠢᠭᠡᠳᠦᠯᠲᠡᠶ ᠲᠦᠯᠦᠪᠵᠢᠬᠦᠯᠦᠨ 79 ᠬᠤᠰᠢᠭᠤ ᠰᠢᠶᠠᠨ ᠳᠤ 2573 ᠬᠡᠰᠡᠭ ᠵᠠᠭᠤᠨ ᠮᠦ ᠢᠢᠨ ᠦᠨᠳᠤᠷ ᠤᠨᠠᠯᠳᠠᠳᠤ ᠲᠠᠷᠢᠶ᠎ᠠ᠂ 1778 ᠭᠡᠰᠡᠭ ᠮᠢᠩᠭᠠᠨ ᠮᠦ ᠢᠢᠨ ᠦᠨᠳᠤᠷ ᠤᠨᠠᠯᠳᠠᠳᠤ ᠲᠠᠷᠢᠶ᠎ᠠ᠂ 164 ᠬᠡᠰᠡᠭ ᠲᠦᠮᠡᠨ ᠮᠦ ᠢᠢᠨ ᠦᠨᠳᠤᠷ ᠤᠨᠠᠯᠳᠠᠳᠤ ᠲᠠᠷᠢᠶ᠎ᠠ ᠶᠢ ᠬᠦ᠋ᠭᠵᠢᠬᠦᠯᠵᠤ᠂ ᠭᠤᠣᠯ ᠪᠣᠯᠬᠤ ᠲᠠᠷᠢᠮᠠᠯ ᠤᠨ ᠮᠦ ᠨᠢᠭᠡᠴᠢ ᠢᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ ᠨᠡᠶᠢᠲᠡ 1040 ᠲᠦᠮᠡᠨ ᠮᠦ ᠪᠠᠶᠢᠭᠤᠯᠪᠠ᠃ ᠡᠭᠦᠨ ᠤ ᠬᠠᠮᠲᠤ ︽ᠬᠦᠷᠢᠶᠡᠯᠡᠩ ᠲᠣᠭᠤᠷᠢᠭ ᠤᠨ ᠰᠡᠳᠭᠢᠬᠦᠶ︾ ᠶᠢ ᠪᠠᠷᠢᠮᠳᠠᠯᠠᠨ ︽ᠣᠳᠣᠬᠢᠴᠢᠯᠠᠭᠰᠠᠨ ᠵᠢᠱᠢᠶ᠎ᠡ ᠦᠵᠡᠭᠦᠯᠬᠦ ᠣᠷᠣᠨ︾ ᠢ ᠪᠦᠳᠦᠬᠡᠨ ᠪᠠᠶᠢᠭᠤᠯᠵᠤ᠂ ᠡᠷᠳᠡᠨᠢ ᠰᠢᠰᠢ ᠰᠢᠷ᠎ᠠ ᠪᠤᠷᠴᠠᠭ ᠤᠨ ᠮᠦ ᠨᠢᠭᠡᠴᠢ ᠢᠢᠨ ᠤᠨᠠᠯᠲᠠ ᠶᠢ ᠳᠡᠭᠡᠭᠰᠢᠯᠡᠭᠦᠯᠬᠦ 40 ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠪᠠᠶᠢᠭᠤᠯᠤᠨ᠂ 11 ᠲᠥᠷᠥᠯ ᠤᠨ ᠲᠠᠷᠢᠮᠠᠯ ᠤᠨ 27 ᠵᠦᠢᠯ ᠤᠨ ᠮᠦ ᠨᠢᠭᠡᠴᠢ ᠢᠢᠨ ᠤᠨᠠᠯᠲᠠ ᠶᠢ ᠳᠡᠭᠡᠭᠰᠢᠯᠡᠭᠦᠯᠬᠦ ᠨᠡᠶᠢᠲᠡᠯᠢᠭ ᠵᠠᠭᠪᠤᠷ ᠢ ᠳ᠋ᠦᠩᠨᠡᠨ ᠪᠦᠷᠢᠯᠳᠦᠭᠦᠯᠵᠦ᠂ ᠡᠷᠳᠡᠨᠢ ᠰᠢᠰᠢ ᠶᠢ ᠨᠢᠭᠲᠠ ᠳᠠᠷᠢᠬᠤ᠂ ᠰᠢᠷ᠎ᠠ ᠪᠤᠷᠴᠠᠭ ᠢ ᠦᠨᠳᠦᠷ ᠳᠠᠯᠠᠩ ᠭᠠᠷᠭᠠᠨ ᠲᠠᠷᠢᠬᠤ ᠵᠡᠷᠭᠡ ᠥᠨᠳᠥᠷ ᠤᠨᠠᠯᠲᠠ ᠢᠢᠨ ᠮᠡᠷᠭᠡᠵᠢᠯ ᠢ ᠰᠢᠯᠢᠳᠡᠭᠵᠢᠭᠦᠯᠦᠨ ᠳᠡᠯᠭᠡᠷᠡᠭᠦᠯᠪᠡ᠃   ︽ᠡᠨᠡ ᠵᠢᠯ ᠮᠠᠨ ᠤ ᠤᠷᠤᠨ ᠲᠠᠷᠢᠮᠠᠯ ᠤᠨ ᠦᠢᠯᠡᠰ ᠤᠨ 7 ᠬᠦᠷᠢᠶᠡᠨ ᠳᠤ ᠤᠯᠤᠰ ᠤᠨ ᠲᠠᠰ ᠤᠨ ᠠᠺᠠᠳᠧᠮᠢᠴᠢ ︵ᠲᠤᠰᠬᠠᠶ ᠮᠡᠷᠭᠡᠵᠢᠯᠲᠡᠨ︶ ᠢᠢᠨ ᠪᠦᠯᠬᠦᠮ ᠨᠡᠶᠢᠲᠡ ᠲᠠᠢ ᠬᠠᠮᠲᠤᠷᠠᠯᠴᠠᠵᠤ᠂ ᠳᠠᠩ ᠤᠯᠠᠷᠢᠯ ᠤᠨ ᠲᠣᠨ ᠤ ᠤᠨᠠᠯᠲᠠ ᠲᠠᠢ ᠠᠮᠤ ᠪᠤᠳᠠᠭᠠᠨ ᠤ ᠲᠠᠷᠢᠶᠠᠨ ᠭᠠᠵᠠᠷ ᠤᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠵᠤ᠂ ᠪᠥᠬᠦ ᠵᠢᠯ ᠳᠤ 850 ᠲᠦᠮᠡᠨ ᠮᠥ ᠢᠢᠨ ᠲᠤᠨ ᠤ ᠤᠨᠠᠯᠲᠠ ᠲᠠᠢ ᠠᠮᠤ ᠪᠤᠳᠠᠭᠠᠨ ᠤ ᠲᠠᠷᠢᠶᠠᠨ ᠭᠠᠵᠠᠷ ᠢ ᠪᠦᠬᠦ ᠬᠦᠴᠦᠨ ᠢᠢᠡᠷ ᠢᠶᠠᠨ ᠪᠦᠳᠦᠬᠡᠨ ᠪᠠᠶᠢᠭᠤᠯᠵᠤ᠂ ᠠᠮᠤ ᠪᠤᠳᠠᠭᠠᠨ ᠤ ᠦᠢᠯᠡᠳᠪᠤᠷᠢᠯᠡᠯ ᠳᠤ 21 ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ ᠪᠤᠯᠤᠮᠵᠢ ᠶᠢ ᠪᠦᠷᠢᠯᠳᠦᠬᠦᠯᠪᠡ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠬᠠᠮᠢᠶᠠᠷᠤᠯᠲᠠ ᠢᠢᠨ ᠭᠠᠵᠠᠷ ᠤᠨ ᠳᠡᠳ᠋ ᠳᠠᠷᠤᠭ᠎ᠠ ᠾᠧᠦ ᠯᠢ ᠯᠢ ᠤᠷᠮᠠᠳᠠᠢ ᠶᠠᠷᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号