ᠤᠯᠤᠰ ᠤᠨ ᠪᠠᠶᠠᠷ ᠤᠨ ︽ᠰᠢᠵᠢᠷ ᠠᠯᠲᠠᠨ ᠭᠠᠷᠠᠭ︾ ᠬᠦᠷᠴᠦ ᠢᠷᠡᠬᠦ ᠶᠢ ᠳᠠᠭᠠᠯᠳᠤᠨ᠂ ᠥᠪᠥᠷ ᠮᠣᠩᠭᠤᠯ ᠤᠨ | ᠡᠯ᠎ᠡ ᠭᠠᠵᠠᠷ ᠤᠨ ᠬᠡᠷᠡᠭᠯᠡᠭᠡ ᠶᠢᠨ ᠵᠠᠬ᠎ᠠ ᠳᠡᠯᠭᠡᠭᠦᠷ ᠡᠳᠦᠷ ᠢᠷᠡᠬᠦᠶ᠎ᠡ ᠬᠥᠭᠵᠢᠶᠡᠨᠲᠡᠶ ᠪᠣᠯᠵᠣ᠂ ᠮᠠᠰᠢᠨ ᠲᠡᠷᠭᠡ᠂ | ᠬᠡᠷ ᠤᠨ ᠴᠠᠬᠢᠯᠭᠠᠨ ᠬᠡᠷᠡᠭᠰᠡᠯ ᠵᠡᠷᠭᠡ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠱᠠᠯᠠᠪᠳᠠᠨ ᠨᠠᠶᠢᠳᠠᠪᠤᠷᠢᠵᠢᠭᠤᠯᠵᠤ᠂ ᠬᠡᠷᠡᠭᠯᠡᠭᠡ ᠶᠢᠨ ᠳᠠᠯᠳᠠ ᠬᠦᠴᠦᠨ ᠢ | ᠤᠯᠠᠮ ᠪᠠᠳᠠᠷᠠᠭᠤᠯᠤᠨ᠂ ᠬᠡᠷᠡᠭᠯᠡᠭᠡ ᠶᠢᠨ ᠬᠠᠯᠠᠭᠤᠨ ᠥᠷᠨᠢᠯᠲᠡ ᠶᠢ ᠪᠣᠶ ᠪᠣᠯᠭᠠᠵᠤ ᠪᠠᠶᠢᠨ᠎ᠠ᠃ | 10 ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠭᠦᠯᠡᠩ ᠤᠨ | ᠲᠥᠪ ᠤᠨ ᠨᠢᠭᠡᠳᠦᠭᠡᠷ ᠳᠠᠪᠬᠤᠷᠯᠢᠭ ᠲᠤ ᠬᠥᠬᠡᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ︽ᠠᠷᠪᠠᠨ | ᠰᠠᠷ᠎ᠠ ᠶᠢᠨ ᠨᠢᠭᠡᠨ︾ ᠤ ᠠᠷᠠᠳ ᠲᠤ ᠠᠰᠢᠭ ᠬᠦᠷᠲᠡᠭᠡᠬᠦ ᠮᠠᠰᠢᠨ ᠲᠡᠷᠭᠡᠨ ᠤ ᠦᠵᠡᠭᠦᠯᠭᠡ ᠶᠠᠪᠤᠭᠳᠠᠵᠤ ᠪᠠᠶᠢᠯ᠎ᠠ᠃ | ᠦᠵᠡᠭᠦᠯᠭᠡ ᠳᠡᠭᠡᠷ᠎ᠡ᠂ 50 ᠭᠠᠷᠤᠶ ᠲᠦᠷᠦᠯ ᠲᠠᠮᠳᠡᠭ ᠤᠨ ᠮᠠᠰᠢᠨ ᠲᠡᠷᠭᠡ ᠶᠢ ᠲᠠᠨᠢᠯᠴᠠᠭᠤᠯᠵᠤ᠂ ᠲᠡᠷᠭᠡ ᠦᠵᠡᠬᠦ᠂ | ᠠᠰᠠᠭᠤᠨ ᠯᠠᠪᠯᠠᠬᠤ᠂ ᠮᠠᠰᠢᠨ ᠲᠡᠷᠭᠡ ᠬᠤᠳᠠᠯᠳᠤᠨ ᠠᠪᠬᠤ ᠪᠠᠷ ᠢᠷᠡᠭᠰᠡᠨ ᠬᠥᠮᠦᠰ ᠬᠤᠶᠢᠨ᠎ᠠ ᠬᠤᠶᠢᠨ᠎ᠠ ᠠᠴᠠ ᠪᠠᠨ | ᠴᠤᠪᠤᠷᠠᠯᠳᠤᠵᠤ᠂ ᠵᠠᠷᠢᠮ ᠮᠠᠰᠢᠨ ᠲᠡᠷᠭᠡᠨ ᠤ ᠪᠣᠷᠣᠯᠠᠭᠤᠯᠤᠭᠴᠢᠳ ᠤᠨᠠᠭᠰᠠᠨ ᠮᠠᠯᠠᠭᠠᠢ ᠪᠠᠨ ᠠᠪᠬᠤ ᠵᠠᠪ ᠦᠭᠡᠢ | ᠶᠠᠭᠠᠷᠠᠵᠤ ᠪᠠᠶᠢᠪᠠ᠃ | ︽ᠲᠦᠷᠦᠭᠦᠬᠡᠨ᠂ ᠥᠪᠥᠷ ᠮᠣᠩᠭᠤᠯ ᠮᠠᠰᠢᠨ ᠲᠡᠷᠬᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ | ᠦᠭᠬᠦ ᠡᠷᠴᠢᠮ ᠢᠶᠠᠨ ᠴᠢᠩᠭᠠᠷᠠᠭᠤᠯᠵᠤ᠂ ᠬᠠᠮᠤᠭ ᠤᠨ ᠥᠨᠳᠥᠷ ᠲᠡᠭᠡᠨ 2 ᠲᠦᠮᠡᠨ ᠲᠥᠭᠦᠷᠢᠭ ᠨᠥᠬᠦᠪᠥᠷᠢᠯᠡᠨ᠎ᠡ᠂ | ᠳᠤᠰ ᠲᠥᠷᠥ ᠶᠢᠨ ᠪᠣᠳᠣᠯᠭ᠎ᠠ ᠴᠤᠬᠤᠮ ᠬᠦ ᠠᠪᠤᠨ ᠳᠤᠤᠷ᠎ᠠ ᠪᠠᠨ ᠳᠠᠶᠢᠴᠢᠯᠠᠬᠤ ᠦᠢᠯᠡᠳᠦᠯ ᠭᠠᠷᠭᠠᠵᠠᠶ︾᠃ ᠨᠢᠭᠡᠨ | ᠪᠣᠷᠣᠯᠠᠭᠤᠯᠭ᠎ᠠ ᠰᠠᠶᠢᠲᠠᠶ ᠤᠯᠤᠰ ᠲᠠᠭᠠᠨ ᠦᠢᠯᠡᠳᠪᠦᠷᠢᠯᠡᠭᠰᠡᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ | ᠦᠵᠡᠭᠦᠯᠭᠡ ᠶᠢᠨ ᠲᠠᠪᠴᠠᠩ ᠤᠨ ᠡᠮᠦᠨ᠎ᠡ᠂ ᠪᠣᠷᠣᠯᠠᠭᠤᠯᠤᠭᠴᠢ ᠸᠠᠩ ᠫᠤᠩ ᠵᠣᠴᠢᠳ ᠢ ᠭᠥᠯᠢᠶᠡᠨ ᠠᠪᠬᠤ ᠶᠢᠨ | ᠳᠠᠭᠠᠤ ᠰᠤᠷᠪᠤᠯᠵᠢᠯᠠᠭᠴᠢ ᠳᠤ᠂ ᠬᠤᠲᠠ ᠶᠢᠨ ᠠᠷᠠᠳ ᠣᠳᠣᠬᠠᠨ ᠳᠤ ᠬᠠᠭᠤᠴᠢᠨ ᠢᠶᠠᠷ ᠰᠢᠨ᠎ᠡ ᠶᠢ ᠰᠣᠯᠢᠬᠤ | ᠨᠥᠬᠦᠪᠥᠷᠢ ᠶᠢᠨ ᠠᠰᠢᠭ ᠲᠤᠰᠠ ᠶᠢ ᠭᠥᠷᠳᠡᠵᠦ ᠪᠣᠯᠬᠤ ᠮᠥᠷᠲᠡᠭᠡᠨ ᠪᠠᠰᠠ ᠡᠯ᠎ᠡ ᠮᠠᠰᠢᠨ ᠲᠡᠷᠭᠡᠨ ᠤ | ᠬᠤᠳᠠᠯᠳᠤᠭᠠᠴᠢᠨ ᠪᠤᠶᠤ ᠦᠢᠯᠡᠳᠪᠦᠷᠢ ᠶᠢᠨ ᠭᠠᠷᠭᠠᠭᠰᠠᠨ ᠳᠠᠪᠬᠤᠷ ᠬᠠᠷᠠᠭᠠᠯᠵᠠᠯ ᠢ ᠭᠥᠷᠳᠡᠵᠦ ᠪᠣᠯᠤᠨ᠎ᠠ᠂ | ᠵᠢᠱᠢᠯᠲᠡ ᠪᠠᠷ ᠳᠠᠷᠠᠭᠠᠴᠢ ᠶᠢᠨ ᠬᠡᠳᠦᠨ ᠡᠳᠦᠷ ᠦᠵᠡᠬᠦᠯᠭᠡ ᠶᠢ ᠦᠵᠡᠬᠦ ᠪᠠᠷ ᠢᠷᠡᠬᠦ ᠬᠦᠮᠦᠨ ᠤ ᠳᠤᠭ᠎ᠠ ᠨᠡᠩ | ᠤᠯᠠᠰᠢᠷᠠᠬᠤ ᠪᠤᠯᠤᠨ᠎ᠠ ᠭᠡᠵᠦ ᠳᠠᠨᠢᠯᠴᠠᠭᠤᠯᠪᠠ᠃ | 9 ᠰᠠᠷ᠎ᠠ ᠶᠢᠨ ᠡᠬᠢ ᠪᠠᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 6 ᠰᠠᠯᠠᠭ᠎ᠠ ᠮᠥᠴᠢᠷ ᠬᠠᠮᠲᠤᠷᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢᠨ | ᠬᠡᠷᠡᠭᠵᠢᠭᠦᠯᠬᠦ ᠨᠠᠷᠢᠨ ᠲᠦᠷᠢᠮ︾ ᠢ ᠳᠠᠷᠤᠮᠠᠯᠯᠠᠨ ᠲᠠᠷᠬᠠᠭᠠᠵᠤ᠂ ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠢ | ᠴᠢᠩᠭᠠᠷᠠᠭᠤᠯᠤᠨ᠂ ᠮᠠᠰᠢᠨ ᠲᠡᠷᠭᠡᠨ ᠤ ᠬᠡᠷᠡᠭᠯᠡᠭᠡ ᠶᠢ ᠬᠦᠴᠦᠯᠡᠨ ᠲᠣᠭᠲᠠᠪᠤᠷᠢᠵᠢᠭᠤᠯᠵᠦ ᠥᠷᠭᠡᠳᠭᠡᠪᠡ᠃ | ᠬᠥᠬᠡᠬᠤᠲᠠ ᠶᠢᠨ ᠬᠤᠳᠠ ᠶᠢᠨ ᠠᠷᠠᠳ ᠬᠤᠸᠠᠩ ᠠᠪᠠᠭ᠋ᠠᠶ ᠥᠬᠢᠨ ᠲᠠᠢ ᠪᠠᠨ ᠮᠠᠰᠢᠨ ᠲᠡᠷᠭᠡᠨ ᠤ | ᠦᠵᠡᠭᠦᠯᠭᠡ ᠠᠴᠠ ᠮᠠᠰᠢᠨ ᠲᠡᠷᠭᠡ ᠬᠤᠳᠠᠯᠳᠤᠵᠤ ᠠᠪᠬᠤ ᠪᠠᠷ ᠢᠷᠡᠪᠡ᠂ ᠳᠡᠮᠡᠶ ᠤᠳᠠᠭᠰᠠᠨ ᠥᠬᠡᠶ ᠳᠡᠳᠡ ᠨᠢᠭᠡᠨ | ᠰᠠᠤᠷᠢ ᠰᠢᠨ᠎ᠡ ᠮᠠᠶ᠋ᠢᠭ ᠤᠨ ᠮᠠᠰᠢᠨ ᠲᠡᠷᠭᠡ ᠶᠢ ᠰᠣᠩᠭᠤᠨ ᠠᠪᠴᠠᠶ᠂ ᠳᠡᠷᠡ᠄ ︽ᠡᠨᠡ ᠤᠳᠠᠭᠠᠨ ᠤ ︿ | ᠬᠠᠭᠤᠴᠢᠨ ᠢᠶᠠᠷ ᠰᠢᠨ᠎ᠡ ᠶᠢ ᠰᠣᠯᠢᠬᠤ﹀ ᠲᠥᠷᠥ ᠶᠢᠨ ᠪᠣᠳᠣᠯᠭ᠎ᠠ ᠶᠢᠨ ᠠᠴᠢ ᠪᠠᠷ ᠨᠠᠮ᠎ᠠ ᠶᠢ 1.8 ᠲᠦᠮᠡᠨ | ᠲᠥᠭᠦᠷᠢᠭ ᠤᠨ ᠵᠠᠰᠠᠭ ᠤᠨ ᠣᠷᠳᠣᠨ ᠤ ᠨᠥᠬᠦᠪᠥᠷᠢ ᠭᠤᠶᠤᠴᠢᠯᠠᠵᠤ ᠪᠣᠯᠤᠨ᠎ᠠ ᠭᠡᠵᠦ ᠠᠵᠢᠯᠲᠠᠳ ᠨᠠᠳᠠᠳᠤ ᠬᠡᠯᠡᠪᠡ᠂ | ᠬᠠᠷᠠᠭᠠᠯᠵᠠᠯ ᠤᠨ ᠦᠨ᠎ᠡ ᠮᠠᠰᠢ ᠶᠡᠭᠡ ᠪᠤᠯᠬᠤᠷ ᠥᠨᠥᠳᠦᠷ ᠲᠡᠭᠡᠨ ᠰᠢᠭᠤᠳ ᠵᠠᠬᠢᠶᠠᠯᠠᠴᠢᠬᠠᠭᠰᠠᠨ ᠰᠢᠤ︾ ᠭᠡᠪᠡ᠃ | ᠮᠠᠰᠢᠨ ᠲᠡᠷᠭᠡᠨ ᠤ ᠨᠥᠬᠦᠪᠥᠷᠢ ᠠᠴᠠ ᠭᠠᠳᠠᠨ᠎ᠠ᠂ ᠥᠪᠥᠷ ᠮᠣᠩᠭᠤᠯ ᠳᠤ ᠭᠡᠷ ᠤᠨ ᠴᠠᠬᠢᠯᠭᠠᠨ ᠬᠡᠷᠡᠭᠰᠡᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠴᠤ ᠬᠥᠭᠵᠢᠶᠡᠨᠲᠡᠶ ᠶᠠᠪᠤᠭᠳᠠᠵᠤ ᠪᠠᠶᠢᠨ᠎ᠠ᠃ 10 ᠰᠠᠷ᠎ᠠ ᠶᠢᠨ | 2 ᠤᠨ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠵᠢᠩ ᠳ᠋ᠦᠩ ᠬᠡᠷ ᠤᠨ ᠴᠠᠬᠢᠯᠭᠠᠨ ᠬᠡᠷᠡᠭᠰᠡᠯ᠂ ᠰᠤ ᠨᠢᠩ | ᠴᠠᠬᠢᠯᠭᠠᠨ ᠬᠡᠷᠡᠭᠰᠡᠯ ᠵᠡᠷᠭᠡ ᠬᠤᠳᠠᠯᠳᠤᠭᠠᠨ ᠤ ᠳᠡᠯᠭᠡᠭᠦᠷ ᠢᠶᠠᠷ ᠬᠦᠷᠬᠦ ᠳᠤ ︽ᠥᠪᠥᠷ ᠮᠣᠩᠭᠤᠯ 15 ᠲᠥᠷᠥᠯ ᠤᠨ | ᠬᠡᠷ ᠤᠨ ᠴᠠᠬᠢᠯᠭᠠᠨ ᠬᠡᠷᠡᠭᠰᠡᠯ ᠳᠤ ᠨᠥᠬᠦᠪᠥᠷᠢ ᠥᠭᠬᠦ︾ ᠤᠬᠠᠭᠤᠯᠭ᠎ᠠ ᠶᠢᠨ ᠵᠠᠷᠯᠠᠯ ᠭᠠᠵᠠᠷ ᠰᠠᠶ ᠥᠬᠡᠶ ᠬᠠᠷᠠᠭᠳᠠᠵᠤ | ᠂ ᠡᠯ᠎ᠡ ᠲᠦᠷᠦᠯ ᠲᠡᠮᠳᠡᠭᠲᠦ ᠶᠢᠨ ᠬᠡᠷ ᠤᠨ ᠴᠠᠬᠢᠯᠭᠠᠨ ᠬᠡᠷᠡᠭᠰᠡᠯ ᠤᠨ ᠬᠤᠳᠠᠯᠳᠤᠭᠠᠴᠢᠳ ᠬᠠᠮᠢᠶ᠎ᠠ ᠪᠥᠬᠦᠶ | ᠤᠬᠠᠭᠤᠯᠭ᠎ᠠ ᠶᠢᠨ ᠤᠷᠢᠶ᠎ᠠ ᠡᠯᠬᠦᠵᠠᠢ᠃ | ᠨᠢᠭᠡᠨ ᠲᠦᠷᠦᠯ ᠲᠡᠮᠳᠡᠭᠲᠦ ᠺᠣᠮᠫᠢᠦ᠋ᠲ᠋ᠧᠷ ᠤᠨ ᠲᠤᠰᠬᠠᠶ ᠡᠵᠡᠩᠨᠡᠯᠲᠡ ᠶᠢᠨ ᠳᠡᠯᠭᠡᠭᠦᠷ ᠤᠨ ᠳᠠᠷᠤᠭ᠎ᠠ ᠯᠢ ᠯᠢ | ᠰᠤᠷᠪᠤᠯᠵᠢᠯᠠᠭᠴᠢ ᠳᠤ᠂ ᠨᠥᠬᠦᠪᠥᠷᠢ ᠥᠭᠬᠦ ᠠᠵᠢᠯᠯᠠᠭ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠪᠠᠩᠬᠢ ᠶᠢᠨ ᠬᠤᠯᠪᠣᠭᠠᠨ ᠤ ᠵᠢᠵᠢᠭ ᠫᠷᠤᠭ᠍ᠷᠠᠮ ᠳᠤ ᠡᠷᠬᠡ ᠣᠯᠭᠤᠵᠤ | ᠤᠯᠠᠨ ᠵᠦᠢᠯ ᠤᠨ ᠨᠦᠬᠦᠪᠦᠷᠢ ᠶᠢᠨ ᠳᠡᠮᠳᠡᠭᠳᠦ ᠳᠠᠷᠬᠠᠭᠠᠵᠤ ᠬᠡᠷᠡᠭᠯᠡᠭᠴᠢᠳ ᠲᠤ ᠠᠰᠢᠬ ᠬᠦᠷᠳᠡᠭᠡᠵᠡᠢ᠃ ︽6800 | ᠲᠥᠭᠦᠷᠢᠭ ᠤᠨ ᠺᠣᠮᠫᠢᠦ᠋ᠲ᠋ᠧᠷ ᠢ ᠡᠯ᠎ᠡ ᠵᠦᠢᠯ ᠤᠨ ᠨᠦᠬᠦᠪᠦᠷᠢ ᠪᠠᠷ ᠳᠠᠮᠵᠢᠭᠤᠯᠤᠨ 1300 ᠲᠥᠭᠦᠷᠢᠭ ᠤᠨ | ᠬᠢᠮᠳᠠᠷᠠᠯ ᠲᠠᠢ ᠬᠤᠳᠠᠯᠳᠤᠨ ᠠᠪᠴᠠᠢ︾ ᠭᠡᠵᠦ ᠬᠤᠲᠠ ᠶᠢᠨ ᠠᠷᠠᠳ ᠶᠧ ᠠᠪᠠᠭ᠋ᠠᠶ ᠪᠠᠶᠠᠷᠳᠠᠢ ᠶᠠᠷᠢᠪᠠ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠭᠡᠯ ᠤᠨ ᠲᠣᠪᠴᠢᠶ᠎ᠠ ᠶᠢᠨ ᠲᠤᠭ᠎ᠠ ᠪᠠᠷᠢᠮᠲᠠ ᠳᠤ | ᠬᠠᠷᠠᠭᠤᠯᠤᠭᠰᠠᠨ ᠢᠶᠠᠷ᠂ 1 — 8 ᠰᠠᠷ᠎ᠠ ᠳᠤ᠂ ᠪᠥᠬᠦ ᠣᠷᠣᠨ ᠤ ᠬᠢᠵᠠᠭᠠᠷᠯᠠᠬᠰᠠᠨ ᠲᠦᠷᠦᠯ ᠤᠨ ᠮᠠᠰᠢᠨ | ᠲᠡᠷᠭᠡ ᠶᠢ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠵᠦ᠂ ᠪᠥᠬᠦ | ᠤᠯᠤᠰ ᠤᠨ ᠬᠢ ᠠᠴᠠ ᠵᠠᠭᠤᠨ ᠤ ᠬᠠᠷᠢᠴᠠᠯ ᠢᠶᠠᠷ 4.9 ᠬᠤᠪᠢ ᠦᠨᠳᠦᠷ ᠪᠣᠯᠵᠠᠶ᠂ ᠡᠭᠦᠨ ᠳᠤ ᠰᠢᠨ᠎ᠡ ᠡᠨᠧᠷᠭᠢ ᠶᠢᠨ | ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 72.5% ᠪᠠᠷ ᠨᠡᠮᠡᠭᠳᠡᠪᠡ᠃ ᠮᠠᠰᠢᠨ ᠲᠡᠷᠭᠡ᠂ ᠬᠡᠷ ᠤᠨ | ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠦᠢᠯᠡᠳᠦᠯ ᠲᠣᠪᠤᠶᠢᠮ᠎ᠠ | ᠪᠠᠶᠢᠵᠤ᠂ ᠣᠳᠣᠬᠠᠨ ᠪᠣᠯᠲᠠᠯ᠎ᠠ ᠮᠠᠨ ᠤ ᠣᠷᠣᠨ ᠤ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ | ᠭᠤᠶᠤᠴᠢᠯᠠᠯ 3.7 ᠲᠦᠮᠡ ᠭᠠᠷᠤᠶ ᠪᠣᠯᠵᠣ᠂ ᠮᠠᠰᠢᠨ ᠲᠡᠷᠭᠡᠨ ᠤ ᠬᠡᠷᠡᠭᠯᠡᠭᠡ ᠶᠢ 48 ᠳ᠋ᠦᠩᠰᠢᠭᠤᠷ ᠲᠥᠭᠦᠷᠢᠭ | ᠳᠠᠶᠢᠴᠢᠯᠠᠪᠠ︔ 35.2 ᠲᠦᠮᠡᠨ ᠰᠠᠤᠷᠢ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠨᠢ ᠰᠢᠨ᠎ᠡ ᠶᠢ ᠰᠣᠯᠢᠵᠤ | ᠂ ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠶᠢ 12.5 ᠳ᠋ᠦᠩᠰᠢᠭᠤᠷ ᠲᠥᠭᠦᠷᠢᠭ ᠳᠠᠶᠢᠴᠢᠯᠠᠪᠠ᠃ | ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠴᠦ | ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠠᠵᠢᠯᠯᠠᠭ᠎ᠠ ᠥᠷᠨᠢᠭᠦᠯᠪᠡ᠃ ᠬᠥᠬᠡᠬᠤᠲᠠ 50 ᠭᠠᠷᠤᠶ ᠲᠣᠮᠣ | ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ 200 ᠭᠠᠷᠤᠶ ᠲᠠᠯᠠᠪᠤᠷ | ᠭᠤᠤᠯ ᠰᠡᠳᠦᠪᠲᠦ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠬᠢᠮᠳᠠ ᠪᠠᠷ ᠬᠤᠳᠠᠯᠳᠤᠬᠤ᠂ | ᠭᠡᠰᠢᠭᠦᠨ ᠪᠤᠯᠪᠠᠯ ᠬᠢᠮᠳᠠᠷᠠᠭᠤᠯᠵᠤ ᠦᠭᠬᠦ ᠮᠡᠳᠦ ᠤᠯᠠᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ | ᠬᠡᠷᠡᠭᠯᠡᠭᠴᠢᠳ ᠲᠤ ᠠᠰᠢᠭ ᠬᠦᠷᠲᠡᠭᠡᠪᠡ︔ ᠲᠦᠩᠯᠢᠶᠣᠤ ᠬᠤᠲᠠ ︽ᠤᠯᠤᠰ ᠤᠨ ᠪᠠᠶᠠᠷ ᠢᠶᠠᠨ ᠪᠠᠶᠠᠷᠯᠠᠨ ᠤᠭᠳᠤᠶ᠎ᠠ︾ | ᠮᠠᠰᠢᠨ ᠲᠡᠷᠭᠡ ᠬᠤᠳᠠᠯᠳᠤᠨ ᠠᠪᠬᠤ ᠳᠤ ᠨᠥᠬᠦᠪᠥᠷᠢ ᠣᠯᠭᠤᠬᠤ ᠠᠵᠢᠯᠯᠠᠭ᠎ᠠ ᠥᠷᠨᠢᠭᠦᠯᠵᠦ᠂ ᠨᠡᠶᠢᠲᠡ 240 | ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠬᠡᠷᠡᠭᠯᠡᠭᠴᠢᠳ ᠤᠨ ᠰᠢᠨ᠎ᠡ ᠪᠠᠷ ᠬᠤᠳᠠᠯᠳᠤᠨ ᠠᠪᠤᠭᠰᠠᠨ | ᠲᠡᠷᠭᠡᠨ ᠤ ᠲᠥᠷᠥᠯ ᠬᠡᠯᠪᠡᠷᠢ᠂ ᠦᠨ᠎ᠡ ᠬᠠᠩᠰᠢ ᠶᠢ ᠦᠨᠳᠦᠰᠦᠯᠡᠨ ᠲᠣᠰ ᠲᠣᠰ 2000 - 6000 | ᠲᠥᠭᠦᠷᠢᠭ ᠤᠨ ᠲᠣᠰᠣ ᠨᠡᠮᠡᠬᠦ ᠳᠤ ᠬᠡᠷᠡᠭᠯᠡᠬᠦ᠂ ᠵᠢᠵᠢᠭᠯᠡᠨ ᠬᠤᠳᠠᠯᠳᠤᠵᠤ ᠠᠪᠬᠤ ᠳᠤ ᠬᠡᠷᠡᠭᠯᠡᠬᠦ ᠬᠡᠷᠡᠭᠯᠡᠭᠡ ᠶᠢᠨ | ᠲᠡᠮᠳᠡᠭᠲᠦ ᠶᠢᠨ ᠨᠥᠬᠦᠪᠥᠷᠢ ᠣᠯᠭᠤᠪᠠ︔ ᠪᠠᠶᠠᠨᠨᠠᠭᠤᠷ ᠬᠤᠲᠠ ᠶᠢᠨ ᠬᠢᠨ ᠬᠤᠲᠠ ᠰᠢᠶᠠᠨ ᠬᠤᠶᠠᠷ ᠱᠠᠲᠤᠨ ᠳᠤ | ᠤᠯᠤᠰ ᠤᠨ ᠪᠠᠶᠠᠷ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠵᠡᠷᠭᠡ ᠪᠠᠷ ᠡᠬᠢᠯᠡᠭᠦᠯᠵᠦ᠂ ᠳᠤᠬᠠᠢ ᠶᠢᠨ | ᠭᠠᠵᠠᠷ ᠤᠨ ᠭᠤᠤᠯ ᠪᠣᠯᠬᠤ ᠬᠤᠳᠠᠯᠳᠤᠭᠠᠨ ᠤ ᠲᠣᠭᠤᠷᠢᠭ ᠲᠤ ᠤᠨᠴᠠᠯᠢᠭᠳᠤ᠂ ᠴᠢᠨᠠᠷ ᠰᠠᠶᠢᠲᠠᠶ ᠬᠡᠷᠡᠭᠯᠡᠭᠡ ᠶᠢᠨ | ᠣᠷᠴᠢᠨ ᠲᠣᠭᠤᠷᠢᠨ ᠢ ᠪᠤᠢ ᠪᠤᠯᠭᠠᠵᠤ᠂ ᠬᠡᠷᠡᠭᠯᠡᠭᠴᠢᠳ ᠤᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠣᠯᠠᠨ | ᠡᠰᠢᠵᠢᠭᠰᠡᠨ ᠬᠡᠷᠡᠭᠯᠡᠭᠡ ᠶᠢᠨ ᠱᠠᠭᠠᠷᠳᠠᠯᠭ᠎ᠠ ᠶᠢ ᠬᠠᠩᠭᠠᠪᠠ᠃ |