ᠮᠠᠨ ᠤ ᠤᠷᠤᠨ 130 ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠬᠦᠯᠥᠨ᠎ᠡ
ᠨᠡᠶᠢᠲᠡᠯᠡᠭᠰᠡᠨ ᠴᠠᠭ᠄
2024/10/8
   ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠪᠦᠬᠦ ᠣᠷᠣᠨ ᠤ ᠡᠯ᠎ᠡ ᠱᠠᠲᠤᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ 130 ᠵᠦᠢᠯ ᠤᠨ ᠠᠵᠢᠯᠯᠠᠭ᠎ᠠ ᠥᠷᠨᠢᠭᠦᠯᠵᠦ᠂ ᠠᠮᠠᠷᠠᠯᠲᠠ ᠶᠢᠨ ᠡᠳᠦᠷ ᠤᠨ ᠰᠣᠶᠣᠯ ᠤᠨ ᠬᠠᠩᠭᠠᠯᠭ᠎ᠠ ᠶᠢ ᠲᠡᠭᠦᠯᠳᠡᠷᠵᠢᠭᠦᠯᠵᠦ᠂ ᠠᠵᠢᠯᠯᠠᠭ᠎ᠠ ᠨᠢ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ᠤᠷᠠᠯᠢᠭ ᠤᠨ ᠦᠵᠡᠭᠦᠯᠭᠡ᠂ ᠪᠣᠳᠠᠰ ᠤᠨ ᠪᠤᠰᠤ ᠰᠣᠶᠣᠯ ᠤᠨ ᠥᠪ ᠤᠨ ᠴᠤᠭᠯᠠᠭ᠎ᠠ᠂ ᠳᠠᠭᠤᠤ ᠬᠥᠭᠵᠢᠮ ᠤᠨ ᠨᠠᠶᠢᠷ ᠵᠡᠷᠭᠡ ᠤᠯᠠᠨ ᠵᠦᠢᠯ ᠤᠨ ᠬᠡᠯᠪᠡᠷᠢ ᠶᠢ ᠬᠠᠮᠤᠷᠴᠤ᠂ ᠡᠯᠪᠡᠭ ᠪᠠᠶᠠᠯᠢᠭ ᠠᠭᠤᠯᠭ᠎ᠠ ᠪᠦ᠋ᠬᠦᠢ ᠰᠣᠶᠣᠯ ᠵᠢᠭᠤᠯᠴᠢᠯᠠᠯ ᠤᠨ ᠠᠵᠢᠯᠯᠠᠭ᠎ᠠ ᠨᠢ ᠤᠯᠠᠨ ᠲᠦᠮᠡᠨ ᠤ ᠤᠯᠤᠰ ᠢᠶᠠᠨ ᠬᠠᠶᠢᠷᠠᠯᠠᠬᠤ ᠰᠡᠳᠭᠢᠯᠭᠡ ᠶᠢ ᠵᠤᠵᠠᠭᠠᠳᠬᠠᠵᠤ᠂ ᠪᠠᠶᠠᠷ ᠬᠦᠷ ᠲᠠᠢ ᠡᠶ᠎ᠡ ᠨᠠᠶᠢᠷᠰᠠᠭ᠂ ᠬᠦᠷ ᠬᠦᠭᠵᠢᠶᠡᠨ ᠲᠠᠢ᠂ ᠪᠣᠯᠪᠠᠰᠤᠨ ᠥᠭᠡᠳᠡᠷᠬᠡᠭ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠵᠤ ᠪᠤᠢ᠃   130 ᠵᠦᠢᠯ ᠤᠨ ᠠᠵᠢᠯᠯᠠᠭ᠎ᠠ ᠳᠤ ᠬᠥᠬᠡᠬᠤᠲᠠ ᠶᠢᠨ ᠬᠢ 14 ᠵᠦᠢᠯ ᠪᠠᠶᠢᠵᠤ᠂ ︽ᠮᠣᠷᠢ︾ ᠪᠠᠷ ᠭᠤᠤᠯ ᠰᠡᠳᠦᠪ ᠪᠤᠯᠭᠠᠵᠤ᠂ ᠤᠤ ᠸᠧᠶ ᠠᠳᠤᠭᠤᠨ ᠤ ᠰᠣᠶᠣᠯ ᠵᠢᠭᠤᠯᠴᠢᠯᠠᠯ ᠤᠨ ᠲᠤᠭᠤᠷᠢᠭ ᠲᠤ ︽ᠤᠤ ᠸᠧᠶ ᠠᠳᠤᠭᠤᠨ ᠤ ᠪᠠᠯᠭᠠᠰᠤ ᠶᠢᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ︾ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠨ᠎ᠠ᠃ ᠪᠤᠭᠤᠲᠤ ᠬᠤᠲᠠ ᠶᠢᠨ ᠬᠢᠨ 12 ᠵᠦᠢᠯ ᠤᠨ ᠠᠵᠢᠯᠯᠠᠭ᠎ᠠ ᠥᠷᠨᠢᠭᠦᠯᠦᠨ᠎ᠠ᠂ ᠡᠭᠦᠨ ᠳᠤ ᠡᠷᠲᠡᠨ ᠤ ᠬᠤᠲᠠ ᠶᠢᠨ ᠦᠵᠡᠮᠵᠢ ᠶᠢᠨ ᠣᠷᠣᠨ ᠤ ︽ᠪᠤᠭᠤᠲᠤ ᠶᠢᠨ ᠡᠷᠲᠡᠨ ᠤ ᠬᠤᠲᠠ ᠶᠢᠨ ᠲᠠᠯ᠎ᠠ ᠨᠤᠲᠤᠭ ᠤᠨ ᠨᠠᠭᠠᠳᠤᠮ︾ ᠵᠡᠷᠭᠡ ᠪᠤᠢ᠃ ᠬᠥᠯᠥᠨ ᠪᠤᠶᠢᠷ ᠬᠤᠲᠠ ᠶᠢᠨ ᠬᠢᠨ 6 ᠵᠦᠢᠯ ᠤᠨ ᠠᠵᠢᠯᠯᠠᠭ᠎ᠠ ᠡᠷᠭᠢᠯᠡᠨ᠎ᠠ᠂ ᠡᠭᠦᠨ ᠳᠤ ᠬᠢᠯᠢ ᠠᠯᠤᠰᠯᠠᠨ ᠥᠪᠡᠷ ᠢᠶᠠᠨ ᠲᠡᠷᠭᠡ ᠵᠢᠯᠤᠭᠤᠳᠴᠤ ᠵᠢᠭᠤᠯᠴᠢᠯᠠᠬᠤ ᠶᠢ ᠭᠤᠤᠯᠳᠠᠯᠭ᠎ᠠ ᠲᠠᠢ ᠦᠷᠨᠢᠭᠦᠯᠵᠤ᠂ ᠵᠢᠭᠤᠯᠴᠢᠯᠠᠭᠰᠠᠳ ᠲᠤ ︽ᠬᠢᠯᠢ ᠠᠯᠤᠰᠯᠠᠬᠤ + ᠦᠪᠡᠷ ᠢᠶᠠᠨ ᠲᠡᠷᠭᠡ ᠵᠢᠯᠤᠭᠤᠳᠬᠤ︾ ᠬᠡᠯᠪᠡᠷᠢ ᠪᠠᠷ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ ᠪᠠ ᠰᠣᠶᠣᠯ ᠤᠨ ᠷᠢᠳᠢ ᠰᠢᠳᠢ ᠶᠢ ᠤᠶᠢᠯᠠᠭᠠᠭᠤᠯᠬᠤ ᠪᠤᠯᠤᠨ᠎ᠠ᠃ ᠬᠢᠩᠭᠠᠨ ᠠᠶᠢᠮᠠᠭ ᠤᠨ ᠬᠢᠨ ᠤᠯᠠᠭᠠᠨᠮᠣᠳᠣ ᠶᠢᠨ ᠲᠠᠯ᠎ᠠ ᠨᠤᠲᠤᠭ ᠲᠤ ᠳᠠᠭᠤᠤ ᠬᠦᠭᠵᠢᠮ ᠤᠨ ᠲᠤᠭᠯᠠᠯᠳᠠ ᠪᠠ ᠨᠠᠭᠠᠳᠤᠮ ᠤᠨ ᠬᠤᠷᠠᠯ ᠵᠡᠷᠭᠡ 7 ᠵᠦᠢᠯ ᠤᠨ ᠠᠵᠢᠯᠯᠠᠭ᠎ᠠ ᠥᠷᠨᠢᠭᠦᠯᠬᠦ ᠪᠠᠷ ᠪᠤᠯᠪᠠ᠃ ᠲᠦᠩᠯᠢᠶᠣᠤ ᠬᠤᠲᠠ ᠶᠢᠨ ᠬᠢᠨ 10 ᠵᠦᠢᠯ ᠤᠨ ᠠᠵᠢᠯᠯᠠᠭ᠎ᠠ ᠥᠷᠨᠢᠭᠦᠯᠦᠨ᠎ᠠ᠂ ᠡᠭᠦᠨ ᠳᠤ ᠶᠤᠸᠠᠢ ᠯᠠᠶ ᠾᠧ ᠰᠣᠶᠣᠯ ᠵᠢᠭᠤᠯᠴᠢᠯᠠᠯ ᠤᠨ ᠵᠡᠭᠡᠯᠢ ᠲᠣᠭᠤᠷᠢᠭ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠯᠠᠭᠠᠨᠮᠥ᠋ᠴᠢᠷ ᠤᠨ ᠲᠣᠭᠯᠠᠯᠲᠠ︾ ᠭᠠᠷᠭᠠᠵᠦ᠂ ᠣᠯᠠᠨ ᠲᠦᠮᠡᠨ ᠳᠤ ᠪᠠᠶᠠᠷ ᠬᠦᠷ ᠬᠦᠷᠭᠡᠨ᠎ᠡ᠃ ᠤᠯᠠᠭᠠᠨᠬᠠᠳᠠ ᠬᠤᠲᠠ ᠶᠢᠨ ᠬᠢᠨ 7 ᠵᠦᠢᠯ ᠤᠨ ᠠᠵᠢᠯᠯᠠᠭ᠎ᠠ ᠥᠷᠨᠢᠭᠦᠯᠦᠨ᠎ᠠ ᠂ ᠡᠭᠦᠨ ᠳᠤ ᠯᠢᠶᠣᠤ ᠤᠯᠤᠰ ᠤᠨ ᠲᠡᠦᠬᠡ ᠰᠣᠶᠣᠯ ᠤᠨ ᠮᠦᠽᠧᠶ ᠳᠤ ︽ᠵᠠᠭᠤᠨ ᠮᠧᠲᠷ ᠤᠨ ᠡᠪᠬᠡᠮᠡᠯ ᠵᠢᠷᠤᠭ ᠳᠡᠭᠡᠷ᠎ᠠ ᠳᠤᠮᠳᠠᠳᠤ ᠤᠯᠤᠰ ᠢ ᠵᠢᠷᠤᠬᠯᠠᠬᠤᠢ︾ ᠵᠡᠷᠭᠡ ᠠᠵᠢᠯᠯᠠᠭ᠎ᠠ ᠥᠷᠨᠢᠭᠦᠯᠦᠨ᠎ᠠ᠃ ᠰᠢᠯᠢ ᠶᠢᠨ ᠭᠤᠤᠯ ᠠᠶᠢᠮᠠᠭ ᠤᠨ ᠬᠢᠨ 10 ᠵᠦᠢᠯ ᠤᠨ ᠠᠵᠢᠯᠯᠠᠭ᠎ᠠ ᠥᠷᠨᠢᠭᠦᠯᠦᠨ᠎ᠠ᠂ ᠡᠭᠦᠨ ᠳᠤ ︽ᠮᠠᠰᠢᠨ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ︾ ᠪᠠ ︽ᠬᠡᠭᠡᠷᠡᠯᠡᠭᠴᠢ ᠮᠠᠰᠢᠨ ᠲᠡᠷᠭᠡᠨ ᠤ ᠤᠷᠤᠯᠳᠤᠭᠠᠨ︾ ᠢ ᠥᠷᠨᠢᠭᠦᠯᠵᠦ᠂ ᠮᠠᠰᠢ ᠣᠯᠠᠨ ᠬᠡᠭᠡᠷᠡᠯᠡᠬᠦ ᠪᠠᠭ᠋ᠠᠳᠠᠳ ᠢ ᠲᠠᠲᠠᠬᠤ ᠪᠣᠯᠤᠨ᠎ᠠ᠃ ᠤᠯᠠᠭᠠᠨᠴᠠᠪ ᠬᠤᠲᠠ ᠶᠢᠨ ᠬᠢᠨ 7 ᠵᠦᠢᠯ ᠤᠨ ᠠᠵᠢᠯᠯᠠᠭ᠎ᠠ ᠥᠷᠨᠢᠭᠦᠯᠦᠨ᠎ᠠ᠂ ᠡᠭᠦᠨ ᠳᠤ 5 ᠡᠳᠦᠷ ᠤᠨ ᠬᠤᠭᠤᠴᠠᠭ᠎ᠠ ᠲᠠᠢ ᠰᠠᠨᠰᠠᠷ ᠤᠨ ᠠᠶᠠᠯᠠᠯ ᠤᠨ ᠲᠤᠬᠠᠢ ᠰᠢᠷᠢᠰ ᠠᠵᠢᠯᠯᠠᠭ᠎ᠠ ᠥᠷᠨᠢᠭᠦᠯᠵᠦ᠂ ᠵᠢᠭᠤᠯᠴᠢᠯᠠᠭᠰᠠᠳ ᠤᠯᠤᠰ ᠤᠨ ᠪᠠᠶᠠᠷ ᠤᠨ ᠥᠳᠭᠡᠨ ᠵᠤᠵᠠᠭᠠᠨ ᠠᠭᠤᠷ ᠠᠮᠢᠰᠬᠤᠯ ᠳᠤᠮᠳᠠ ᠤᠯᠠᠭᠠᠨᠬᠠᠳᠠ ᠭᠠᠯᠲᠤ ᠠᠭᠤᠯᠠ ᠪᠠᠷ ᠲᠤᠭᠤᠷᠢᠵᠤ ᠪᠤᠯᠤᠨ᠎ᠠ᠃ ᠣᠷᠳᠣᠰ ᠬᠤᠲᠠ ᠶᠢᠨ ᠬᠢᠨ 13 ᠵᠦᠢᠯ ᠤᠨ ᠠᠵᠢᠯᠯᠠᠭ᠎ᠠ ᠥᠷᠨᠢᠭᠦᠯᠦᠨ᠎ᠠ᠂ ᠡᠭᠦᠨ ᠳᠤ ᠬᠢᠶ᠎ᠠ ᠪᠠᠭᠰᠢ ᠶᠢᠨ ᠤᠯᠠᠭᠠᠨᠮᠥ᠋ᠷᠡᠨ ᠤ ᠦᠵᠡᠮᠵᠢ ᠶᠢᠨ ᠤᠷᠤᠨ ᠳᠤ ᠵᠢᠯᠣᠭᠤᠴᠢ ᠥᠬᠡᠶ ᠨᠢᠰᠭᠡᠯ ᠤᠨ ᠲᠣᠭᠯᠠᠯᠲᠠ ᠭᠠᠷᠭᠠᠨ᠎ᠠ᠃ ᠪᠠᠶᠠᠨᠨᠠᠭᠤᠷ ᠬᠤᠲᠠ ᠶᠢᠨ ᠬᠢᠨ 9 ᠵᠦᠢᠯ ᠤᠨ ᠠᠵᠢᠯᠯᠠᠭ᠎ᠠ ᠥᠷᠨᠢᠭᠦᠯᠦᠨ᠎ᠠ᠂ ᠤᠯᠠᠭᠠᠨᠪᠤᠬ᠎ᠠ ᠶᠢᠨ ᠵᠢᠭᠤᠯᠴᠢᠯᠠᠯ ᠤᠨ ᠣᠷᠣᠨ ᠳᠤ ︽ᠤᠯᠠᠭᠠᠨᠪᠤᠬ᠎ᠠ ᠶᠢᠨ ᠡᠯᠡᠰᠦᠨ ᠲᠡᠯᠡᠶ ᠶᠢᠨ ᠵᠢᠭᠤᠯᠴᠢᠯᠠᠯ ᠤᠨ ᠣᠷᠣᠨ ᠤ ᠡᠯᠡᠰᠦᠨ ᠴᠥᠯ ᠤᠨ ᠳᠠᠭᠤᠤ ᠬᠥᠭᠵᠢᠮ ᠤᠨ ᠨᠠᠶᠢᠷ︾ ᠡᠷᠭᠢᠯᠡᠨ᠎ᠠ ᠃ ᠦᠬᠠᠶ ᠬᠤᠲᠠ ᠶᠢᠨ ᠬᠢᠨ 5 ᠵᠦᠢᠯ ᠤᠨ ᠠᠵᠢᠯᠯᠠᠭ᠎ᠠ ᠥᠷᠨᠢᠭᠦᠯᠵᠦ᠂ ᠬᠠᠶᠢᠷᠤᠪ ᠤᠨ ᠲᠣᠬᠤᠶ ᠲᠣᠭᠤᠷᠢᠭ ᠲᠤ ᠳᠤᠮᠳᠠᠳᠤ ᠤᠯᠤᠰ ᠤᠨ ᠡᠯᠡᠰᠦᠨ ᠴᠥᠯ ᠤᠨ ᠴᠤᠪᠤᠭ᠎ᠠ ᠠᠩᠭᠢ ᠶᠢᠨ ᠣᠨ ᠤ ᠬᠤᠷᠠᠯ ᠢ ᠡᠷᠭᠢᠯᠡᠬᠦ ᠪᠦᠭᠡᠳ ᠤᠷᠤᠯᠳᠤᠭᠠᠨ ᠶᠠᠪᠤᠭᠳᠠᠭᠤᠯᠤᠨ᠎ᠠ᠃ ᠠᠯᠠᠱᠠ ᠠᠶᠢᠮᠠᠭ ᠤᠨ ᠬᠢᠨ 9 ᠵᠦᠢᠯ ᠤᠨ ᠠᠵᠢᠯᠯᠠᠭ᠎ᠠ ᠥᠷᠨᠢᠭᠦᠯᠦᠨ᠎ᠠ᠂ ᠡᠭᠦᠨ ᠳᠤ ︽2024 ᠠᠯᠠᠱᠠ ᠶᠢᠨ ᠪᠠᠭᠠᠲᠤᠷᠴᠤᠳ ᠤᠨ ᠴᠤᠭᠯᠠᠭᠠᠨ︾ ᠠᠯᠠᠱᠠ ᠵᠡᠭᠦᠨ ᠬᠤᠰᠢᠭᠤᠨ ᠤ ᠬᠦᠰᠡᠯ ᠵᠡᠭᠦᠳᠦ ᠡᠯᠡᠰᠦᠨ ᠴᠦᠯ ᠤᠨ ᠴᠡᠴᠡᠷᠯᠢᠭ ᠲᠤ ᠶᠠᠪᠤᠭᠳᠠᠨ᠎ᠠ᠃   ᠡᠯ᠎ᠡ ᠠᠶᠢᠮᠠᠭ ᠬᠤᠲᠠ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠭᠤᠤᠯ ᠪᠣᠯᠬᠤ ᠰᠣᠶᠣᠯ ᠤᠨ ᠲᠠᠯᠠᠪᠠᠶ ᠣᠷᠳᠣᠨ ᠴᠤ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠬᠦ ᠪᠠᠷ ᠪᠤᠢ᠃ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ 4 ᠵᠦᠢᠯ ᠤᠨ ᠠᠵᠢᠯᠯᠠᠭ᠎ᠠ ᠥᠷᠨᠢᠭᠦᠯᠤᠨ᠎ᠠ᠂ ᠡᠭᠦᠨ ᠳᠤ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠲᠤ ᠳᠤᠮᠳᠠᠳᠤ ᠤᠯᠤᠰ ᠤᠨ ᠠᠩᠬᠠᠳᠠᠭᠴᠢ ᠲᠤᠮᠤ ᠬᠡᠯᠪᠡᠷᠢ ᠶᠢᠨ ᠠᠳᠤᠭᠤᠨ ᠰᠣᠶᠣᠯ ᠤᠨ ᠪᠦᠷᠢᠨ ᠦᠵᠡᠮᠵᠢ ᠶᠢᠨ ᠬᠡᠯᠪᠡᠷᠢ ︽ᠪᠤᠭᠤᠷᠤᠯ ᠲᠡᠤᠬᠡ ᠶᠢᠨ ᠬᠦᠯᠦᠭ ᠤᠨ ᠮᠠᠭᠲᠠᠭᠠᠯ︾ ᠭᠡᠬᠦ ᠲᠣᠭᠯᠠᠯᠲᠠ ᠶᠢ ᠡᠷᠬᠢᠯᠡᠵᠦ᠂ ᠨᠤᠲᠤᠭ ᠤᠰᠤᠨ ᠤ ᠡᠶ᠎ᠡ ᠨᠠᠶᠢᠷᠠᠮᠳᠠᠭᠤ᠂ ᠬᠦᠯᠦᠭ ᠮᠤᠷᠢ ᠪᠠᠷ ᠠᠶᠠᠨ ᠳᠤ ᠮᠤᠷᠳᠠᠬᠤ ᠰᠦᠷᠯᠢᠭ ᠦᠵᠡᠮᠵᠢ ᠶᠢ ᠦᠵᠡᠭᠦᠯᠦᠨ᠎ᠠ᠃ ᠥᠪᠥᠷ ᠮᠣᠩᠭᠤᠯ ᠤᠨ ᠮᠦᠽᠧᠶ ︽ᠮᠦᠽᠧᠶ ᠳᠤ ᠤᠯᠤᠰ ᠤᠨ ᠪᠠᠶᠠᠷ ᠢᠶᠠᠨ ᠪᠡᠯᠭᠡᠯᠡᠬᠦ︾ ᠵᠡᠷᠭᠡ 5 ᠵᠦᠢᠯ ᠤᠨ ᠭᠤᠤᠯ ᠰᠡᠳᠦᠪᠲᠦ ᠠᠵᠢᠯᠯᠠᠭ᠎ᠠ ᠡᠷᠭᠢᠯᠡᠨ᠎ᠠ᠃ ᠥᠪᠥᠷ ᠮᠣᠩᠭᠤᠯ ᠤᠨ ᠨᠣᠮ ᠤᠨ ᠰᠠᠩ 3 ᠵᠦᠢᠯ ᠤᠨ ᠠᠵᠢᠯᠯᠠᠭ᠎ᠠ ᠥᠷᠨᠢᠭᠦᠯᠦᠨ᠎ᠠ᠂ ᠡᠭᠦᠨ ᠳᠤ ︽ᠤᠰᠤᠨ ᠪᠤᠳᠤᠭ ᠳᠣᠲᠣᠷᠠᠬᠢ ᠤᠯᠤᠰ ᠤᠨ ᠪᠠᠶᠠᠷ ᠤᠨ ᠳᠤᠷᠠᠰᠤᠮᠵᠢ︾ ᠭᠤᠤᠯ ᠰᠡᠳᠦᠪᠲᠦ ᠤᠷᠠᠨ ᠵᠢᠷᠤᠭ ᠤᠨ ᠠᠵᠢᠯᠯᠠᠭ᠎ᠠ ᠳᠤ ᠨᠡᠷ᠎ᠡ ᠮᠡᠳᠡᠭᠦᠯᠦᠭᠰᠡᠨ ᠬᠦᠮᠦᠨ ᠣᠯᠠᠨ ᠪᠣᠶ᠃ ᠥᠪᠥᠷ ᠮᠣᠩᠭᠤᠯ ᠤᠨ ᠰᠣᠶᠣᠯ ᠤᠨ ᠣᠷᠳᠣᠨ ᠣᠯᠠᠨ ᠲᠦᠮᠡᠨ ᠳᠤ ᠮᠡᠳᠡᠯᠭᠡ ᠲᠦᠭᠡᠮᠡᠯᠵᠢᠭᠦᠯᠬᠦ 3 ᠵᠦᠢᠯ ᠤᠨ ᠠᠵᠢᠯᠯᠠᠭ᠎ᠠ ᠡᠷᠭᠢᠯᠡᠬᠦ ᠪᠠᠷ ᠪᠣᠶ᠃ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠰᠣᠨᠢᠨ ᠮᠡᠳᠡᠭᠡᠨ ᠤ ᠬᠡᠷᠡᠯ ᠵᠢᠷᠤᠭ ᠤᠨ ᠦᠵᠡᠭᠦᠯᠭᠡ ᠵᠡᠷᠭᠡ 6 ᠵᠦᠢᠯ ᠤᠨ ᠠᠵᠢᠯᠯᠠᠭ᠎ᠠ ᠥᠷᠨᠢᠭᠦᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢᠬᠢ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠪᠣᠯᠤᠨ ᠭᠦᠨᠵᠡᠭᠡᠶ ᠬᠤᠪᠢᠰᠤᠯᠲᠠ ᠶᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠪᠠᠷ ᠪᠤᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号