1. ᠪᠣᠷᠳᠤᠭ᠎ᠠ ᠲᠡᠵᠢᠭᠡᠬᠦ ᠬᠡᠮᠵᠢᠶ᠎ᠡ ᠬᠦᠷᠦᠯᠴᠡᠬᠦ ᠦᠭᠡᠢ ᠨᠠᠶᠢᠷᠠᠯᠭ᠎ᠠ ᠨᠢ ᠵᠣᠬᠢᠰ ᠦᠭᠡᠢ᠂ ᠰᠢᠮ᠎ᠡ ᠲᠡᠵᠢᠭᠡᠯ | ᠳᠤᠲᠠᠭᠳᠠᠬᠤ ᠦᠶ᠎ᠡ ᠳᠤ ᠡᠮ᠎ᠡ ᠬᠤᠨᠢ ᠨᠢ ᠣᠯᠠᠩᠬᠢ ᠳᠠᠭᠠᠨ ᠡᠴᠡᠩᠬᠡᠢ ᠪᠠᠭᠤᠷᠠᠢ ᠪᠣᠯᠵᠤ᠂ ᠪᠡᠶ᠎ᠡ ᠶᠢᠨ ᠡᠯ᠎ᠡ | ᠵᠦᠢᠯ ᠤᠨ ᠴᠢᠳᠠᠪᠤᠷᠢ ᠨᠢ ᠮᠠᠭᠤᠳᠠᠳᠠᠭ᠃ ᠦᠷᠡᠵᠢᠯ ᠤᠨ ᠴᠢᠳᠠᠪᠤᠷᠢ ᠨᠢ ᠰᠠᠭᠠᠳᠤᠯ ᠳᠤ ᠤᠴᠠᠷᠠᠵᠤ᠂ ᠵᠠᠷᠢᠮ ᠳᠠᠭᠠᠨ | ᠣᠷᠤᠭ᠎ᠠ ᠣᠷᠣᠬᠤ ᠪᠣᠯᠪᠠᠴᠤ ᠥᠨᠳᠡᠭᠡᠪᠴᠢ ᠢᠯᠭᠠᠷᠠᠭᠤᠯᠬᠤ ᠦᠭᠡᠢ᠂ ᠡᠭᠦᠨ ᠠᠴᠠ ᠪᠣᠯᠵᠤ ᠬᠠᠭᠤᠷᠮᠠᠭ ᠣᠷᠤᠭ᠎ᠠ | ᠣᠷᠣᠳᠠᠭ ᠪᠠᠶᠢᠨ᠎ᠠ᠃ 2. ᠡᠮ᠎ᠡ ᠬᠤᠨᠢ ᠬᠡᠳᠦ ᠲᠠᠷᠭᠤᠨ ᠠᠴᠠ ᠪᠣᠯᠵᠤ ᠬᠡᠭᠡᠯ ᠲᠣᠭᠲᠠᠳᠠᠭ ᠦᠭᠡᠢ ᠬᠡᠳᠦ ᠲᠠᠷᠭᠤᠨ | ᠪᠣᠯᠪᠠᠯ ᠥᠭᠡᠬᠦᠨ ᠨᠡᠬᠡᠳᠡᠰᠦ ᠨᠢ ᠥᠨᠳᠡᠭᠡᠪᠴᠢ ᠶᠢᠨ ᠳᠡᠭᠡᠷ᠎ᠡ ᠲᠤᠨᠵᠤ᠂ ᠥᠨᠳᠡᠭᠡᠪᠴᠢ ᠶᠢᠨ ᠥᠭᠡᠬᠦ ᠶᠢᠨ | ᠬᠤᠪᠢᠷᠠᠯᠲᠠ ᠶᠢ ᠡᠭᠦᠰᠬᠡᠨ᠎ᠡ᠃ ᠡᠮ᠎ᠡ ᠬᠤᠨᠢ ᠣᠷᠳᠣ ᠬᠤᠭᠤᠴᠠᠭ᠎ᠠ ᠪᠠᠷ ᠣᠷᠤᠭ᠎ᠠ ᠣᠷᠣᠬᠤ ᠦᠭᠡᠢ ᠪᠣᠯ ᠡᠷᠬᠡᠪᠰᠢ | ᠠᠷᠠᠴᠢᠯᠠᠵᠤ ᠳᠣᠳᠣᠮᠳᠠᠭᠰᠠᠨ ᠪᠠᠶᠢᠳᠠᠯ ᠢᠶᠠᠨ ᠦᠨᠳᠦᠰᠦᠯᠡᠨ ᠲᠡᠵᠢᠭᠡᠯ ᠪᠣᠷᠳᠣᠭᠠᠨ ᠤ ᠪᠦᠷᠢᠯᠳᠦᠭᠦᠨ ᠢ ᠵᠠᠳᠠᠯᠵᠤ᠂ | ᠰᠢᠯᠲᠠᠭᠠᠨ ᠢ ᠨᠢ ᠣᠯᠵᠤ᠂ ᠲᠣᠬᠢᠷᠠᠭᠤᠯᠤᠯᠲᠠ ᠬᠢᠳᠡᠭ ᠯᠡ ᠶᠤᠮ ᠪᠣᠯ ᠡᠩ ᠤᠨ ᠪᠠᠶᠢᠳᠠᠯ ᠳᠤ ᠪᠠᠰᠠ ᠡᠳᠡᠭᠡᠷᠡᠵᠦ | ᠲᠠᠶᠢᠯᠤᠨ᠎ᠠ᠃ ᠪᠡᠶ᠎ᠡ ᠮᠠᠭᠤᠲᠠᠢ ᠬᠤᠨᠢ ᠶᠢ ᠠᠷᠠᠴᠢᠯᠠᠭᠰᠠᠨ ᠨᠢ ᠵᠣᠬᠢᠰ ᠦᠭᠡᠢ ᠠᠴᠠ ᠪᠣᠯᠵᠤ ᠲᠠᠷᠭᠤᠯᠠᠬᠤ ᠦᠭᠡᠢ | ᠪᠠᠶᠢᠪᠠᠯ᠂ ᠲᠡᠵᠢᠭᠡᠯ ᠪᠣᠷᠳᠤᠭ᠎ᠠ ᠪᠠᠨ ᠰᠠᠶᠢᠵᠢᠷᠠᠭᠤᠯᠤᠭᠰᠠᠨ ᠤ ᠳᠠᠷᠠᠭ᠎ᠠ ᠶᠡᠷᠦ ᠨᠢ ᠬᠡᠪ ᠤᠨ ᠪᠠᠶᠢᠳᠠᠯ ᠳᠠᠭᠠᠨ | ᠣᠷᠣᠳᠠᠭ᠃ 3. ᠤᠷᠲᠤ ᠬᠤᠭᠤᠴᠠᠭ᠎ᠠ ᠪᠠᠷ ᠳᠠᠩ ᠭᠠᠭᠴᠠ ᠨᠣᠭᠤᠭᠠᠨ ᠲᠡᠵᠢᠭᠡᠯ ᠪᠣᠷᠳᠤᠭ᠎ᠠ ᠪᠠᠷ ᠲᠡᠵᠢᠭᠡᠭᠰᠡᠨ ᠠᠴᠠ | ᠪᠤᠯᠳᠠᠭ ᠡᠨᠡ ᠨᠢ ᠭᠦᠵᠡᠭᠡᠨ ᠤ PH ᠬᠡᠮᠵᠢᠭᠳᠡᠯ ᠢ ᠳᠣᠷᠣᠭᠰᠢᠯᠠᠭᠤᠯᠵᠤ᠂ ᠭᠦᠵᠡᠭᠡᠨ ᠤ ᠮᠢᠺᠷᠣᠪ ᠤᠨ | ᠠᠵᠢᠯᠯᠠᠭ᠎ᠠ ᠳᠤ ᠠᠰᠢᠭ ᠦᠭᠡᠢ᠂ ᠡᠭᠦᠨ ᠤ ᠤᠯᠠᠮ ᠠᠴᠠ ᠤᠭᠤᠷᠠᠭ ᠳᠤᠲᠠᠭᠳᠠᠬᠤ ᠪᠤᠶᠤ ᠸᠢᠲ᠋ᠠᠮᠢᠨ | ᠳᠤᠲᠠᠭᠳᠠᠬᠤ ᠠᠴᠠ ᠪᠣᠯᠵᠤ ᠬᠤᠨᠢ ᠣᠷᠤᠭ᠎ᠠ ᠣᠷᠣᠬᠤ ᠦᠭᠡᠢ ᠪᠤᠯᠵᠤ ᠮᠡᠳᠡᠨ᠎ᠡ᠂ ᠡᠮ᠎ᠡ ᠬᠤᠨᠢ ᠳᠤ ᠨᠣᠭᠤᠭᠠᠨ | ᠳᠠᠷᠤᠰᠢ ᠪᠠᠷ ᠭᠤᠣᠯ ᠲᠡᠵᠢᠭᠡᠯ ᠪᠣᠯᠭᠠᠵᠤ ᠪᠠᠶᠢᠭ᠎ᠠ ᠬᠤᠨᠢ ᠲᠡᠵᠢᠭᠡᠵᠦ ᠪᠠᠶᠢᠭ᠎ᠠ ᠡᠷᠦᠭᠡ ᠳᠤ ᠰᠠᠨᠠᠭᠤᠯᠬᠤ ᠢ | ᠲᠡᠵᠢᠭᠡᠯ ᠳᠤ ᠵᠠᠪᠠᠯ ᠪᠠᠭ᠎ᠠ ᠰᠤᠳᠠ ᠨᠡᠮᠡᠵᠦ᠂ ᠪᠠᠰᠠ ᠬᠠᠭᠤᠷᠠᠢ ᠡᠪᠡᠰᠦ ᠢᠳᠡᠭᠦᠯᠵᠦ᠂ ᠮᠢᠺᠷᠣᠪ ᠤᠨ ᠲᠡᠩᠴᠡᠭᠦᠷᠢ ᠶᠢ | ᠪᠠᠲᠤᠯᠠᠵᠤ᠂ ᠬᠤᠨᠢᠨ ᠤ ᠤᠭᠤᠷᠠᠭ ᠪᠣᠯᠣᠨ ᠸᠢᠲ᠋ᠠᠮᠢᠨ ᠤ ᠰᠢᠩᠭᠡᠭᠡᠯᠲᠡ ᠶᠢ ᠠᠬᠢᠭᠤᠯᠬᠤ ᠬᠡᠷᠡᠭᠲᠡᠢ᠃ 4. ᠬᠤᠬᠢᠷᠠᠯ | ᠵᠢᠴᠢ ᠦᠷᠪᠢᠰᠦᠯ ᠵᠠᠷᠢᠮ ᠡᠮ᠎ᠡ ᠬᠤᠨᠢ ᠨᠢ ᠳᠡᠭᠡᠷ᠎ᠡ ᠤᠳᠠᠭ᠎ᠠ ᠬᠤᠷᠠᠭᠠᠯᠠᠬᠤ ᠳᠠᠭᠠᠨ ᠰᠠᠪᠠᠨ ᠤ ᠵᠠᠮ ᠨᠢ ᠲᠠᠲᠠᠭᠳᠠᠨ | ᠰᠢᠷᠬᠠᠲᠤᠭᠰᠠᠨ ᠪᠤᠶᠤ ᠬᠤᠶᠢᠲᠤᠬᠢ ᠨᠢ ᠪᠠᠭᠤᠭᠰᠠᠨ ᠦᠭᠡᠢ ᠠᠴᠠ ᠪᠣᠯᠵᠤ᠂ ᠴᠠᠭ ᠲᠤᠬᠠᠢ ᠳᠤᠨᠢ ᠡᠮᠨᠡᠨ ᠵᠠᠰᠠᠭᠰᠠᠨ | ᠦᠭᠡᠢ ᠠᠴᠠ ᠰᠠᠪᠠᠨ ᠤ ᠳᠣᠲᠣᠷ ᠪᠦᠷᠬᠦᠪᠴᠢ ᠶᠢᠨ ᠦᠷᠪᠢᠰᠦᠯ᠂ ᠥᠨᠳᠡᠭᠡᠪᠴᠢ ᠶᠢᠨ ᠤᠭᠤᠲᠠᠯᠢᠭ ᠬᠠᠪᠤᠳᠠᠷ ᠢ | ᠡᠭᠦᠰᠬᠡᠳᠡᠭ ᠪᠠᠶᠢᠨ᠎ᠠ᠃ ᠡᠨᠡ ᠨᠢ ᠮᠥᠨ ᠴᠦ ᠬᠤᠨᠢᠨ ᠤ ᠦᠷᠭᠦᠯᠵᠢ ᠲᠣᠬᠢᠶᠠᠯᠳᠤᠳᠠᠭ ᠬᠤᠷᠠᠭᠠᠯᠠᠬᠤ ᠦᠭᠡᠢ | ᠪᠠᠶᠢᠳᠠᠭ ᠤᠨ ᠰᠢᠯᠲᠠᠭᠠᠨ ᠪᠣᠯᠣᠨ᠎ᠠ᠃ ᠡᠭᠦᠨ ᠢ ᠨᠠᠷᠢᠨ ᠬᠢᠨᠠᠮᠠᠭᠠᠢ ᠪᠠᠶᠢᠴᠠᠭᠠᠵᠤ᠂ ᠠᠷᠢᠭᠤᠳᠬᠠᠨ ᠴᠡᠪᠡᠷᠯᠡᠬᠦ ᠪᠠ | ᠡᠮᠨᠡᠨ ᠵᠠᠰᠠᠬᠤ ᠬᠡᠷᠡᠭᠲᠡᠢ᠃ ᠤᠴᠢᠷ ᠰᠢᠯᠲᠠᠭᠠᠨ ᠢ ᠨᠢ ᠡᠷᠢᠵᠦ ᠣᠯᠪᠠᠯ᠂ ᠶᠡᠷᠦ ᠳᠡᠭᠡᠨ ᠪᠠᠰᠠ ᠬᠤᠷᠠᠭᠠᠯᠠᠵᠤ | ᠳᠡᠶᠢᠯᠦᠨ᠎ᠡ᠃ |