ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨ ᠤ ᠨᠠᠭᠠᠳᠤᠮ ᠤᠨ ᠠᠵᠢᠯᠯᠠᠭ᠎ᠠ | ᠡᠮᠦᠨᠡᠬᠡᠨ ᠪᠠᠶᠠᠨᠨᠠᠭᠤᠷ ᠬᠤᠲᠠ ᠳᠤ ᠶᠠᠪᠤᠭᠳᠠᠵᠤ᠂ ᠪᠦᠬᠦ ᠤᠯᠤᠰ ᠤᠨ ᠲᠠᠷᠢᠶᠠᠯᠠᠩ ᠤᠨ ᠮᠠᠰᠢᠨ ᠤ ᠠᠵᠢᠯ | ᠲᠥᠷᠥᠯ ᠤᠨ ᠬᠠᠮᠢᠶ᠎ᠠ ᠪᠦᠬᠦᠢ ᠲᠣᠮᠣ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ | ᠮᠠᠰᠢᠨ ᠤ ᠭᠦᠢᠯᠭᠡᠭᠡ ᠶᠢᠨ ᠠᠵᠤ ᠠᠬᠤᠶᠢᠯᠠᠯ ᠵᠢᠴᠢ ᠪᠠᠶᠠᠨᠨᠠᠭᠤᠷ ᠬᠤᠲᠠ ᠶᠢᠨ ᠲᠤᠬᠠᠢ ᠶᠢᠨ ᠭᠠᠵᠠᠷ ᠤᠨ | ᠲᠠᠷᠢᠶᠠᠯᠠᠩ ᠤᠨ ᠮᠠᠰᠢᠨ ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ ᠵᠡᠷᠭᠡ 60 ᠭᠠᠷᠤᠢ ᠠᠵᠤ ᠠᠬᠤᠶᠢᠯᠠᠯ | ᠣᠷᠣᠯᠴᠠᠵᠤ᠂ 10 ᠭᠠᠷᠤᠢ ᠲᠥᠷᠥᠯ ᠤᠨ 300 ᠰᠢᠬᠠᠮ ᠢᠵᠢ ᠮᠠᠰᠢᠨ ᠲᠥᠬᠦᠭᠡᠷᠦᠮᠵᠢ ᠶᠢ ᠳᠡᠯᠭᠡᠨ ᠦᠵᠡᠭᠦᠯᠪᠡ᠃ | | ᠠᠵᠢᠯᠯᠠᠭ᠎ᠠ ᠶᠢᠨ ᠬᠤᠭᠤᠴᠠᠭᠠᠨ ᠳᠤ᠂ ᠯᠢᠨ ᠾᠧ ᠲᠤᠭᠤᠷᠢᠭ ᠤᠨ ᠴᠧᠩ ᠭᠤᠸᠠᠨ ᠪᠠᠯᠭᠠᠰᠤᠨ ᠤ ᠰᠤᠬᠠᠢ | ᠲᠤᠰᠬᠤᠨ ᠤ ᠳᠡᠯᠭᠡᠨ ᠦᠵᠡᠭᠦᠯᠭᠡ ᠶᠢᠨ ᠲᠤᠬᠠᠢ ᠶᠢᠨ ᠲᠠᠯᠠᠪᠠᠢ ᠳᠤ ᠡᠰᠢ ᠰᠦᠷᠡᠯ ᠬᠤᠷᠢᠶᠠᠵᠤ ᠪᠣᠭᠤᠵᠢᠯᠠᠬᠤ ᠠᠷᠪᠠᠨ | ᠬᠡᠳᠦᠨ ᠲᠣᠮᠣ ᠮᠠᠰᠢᠨ ᠢ ᠡᠩᠨᠡᠷᠡᠭᠦᠯᠦᠨ ᠵᠢᠭᠰᠠᠭᠠᠵᠤ᠂ ᠡᠷᠳᠡᠨᠢ ᠰᠢᠰᠢ ᠶᠢᠨ ᠲᠠᠷᠢᠶᠠᠨ ᠲᠤᠮᠳᠠ ᠡᠰᠢ ᠰᠦᠷᠡᠯ | ᠬᠤᠷᠢᠶᠠᠬᠤ ᠶᠢ ᠦᠵᠡᠬᠦᠯᠦᠨ ᠲᠠᠨᠢᠯᠴᠠᠭᠤᠯᠬᠤ ᠠᠵᠢᠯᠯᠠᠭ᠎ᠠ ᠦᠷᠨᠢᠭᠦᠯᠵᠡᠢ᠃ ᠲᠠᠷᠢᠶᠠᠯᠠᠩ ᠤᠨ ᠮᠠᠰᠢᠨ ᠨᠤᠭᠤᠳ | ᠡᠵᠢᠯᠯᠠᠬᠤ ᠶᠢ ᠳᠠᠭᠠᠯᠳᠤᠨ᠂ ᠲᠠᠷᠢᠶᠠᠨ ᠭᠠᠵᠠᠷ ᠲᠠᠬᠢ ᠡᠰᠢ ᠰᠦᠷᠡᠯ ᠭᠱᠠᠨ ᠵᠠᠭᠤᠷ᠎ᠠ ᠬᠤᠷᠢᠶᠠᠭᠳᠠᠨ᠂ ᠠᠳᠠᠯᠢ ᠪᠤᠰᠤ | ᠬᠡᠯᠪᠡᠷᠢ ᠶᠢᠨ ᠪᠣᠭᠤᠳᠠᠯ ᠲᠠᠢ ᠡᠪᠡᠰᠦ ᠪᠣᠯᠵᠤ ᠬᠤᠪᠢᠷᠠᠪᠠ᠃ ᠲᠤᠬᠠᠢ ᠶᠢᠨ ᠲᠠᠯᠠᠪᠠᠢ ᠳᠤ᠂ ᠮᠠᠰᠢᠨ ᠲᠤᠨᠤᠭ ᠤᠨ | ᠭᠤᠣᠯ ᠦᠢᠯᠡᠳᠪᠦᠷᠢ ᠶᠢᠨ ᠲᠣᠭᠤᠷᠢᠭ᠂ ᠦᠵᠡᠭᠦᠯᠦᠨ ᠲᠠᠨᠢᠯᠴᠠᠭᠤᠯᠬᠤ ᠲᠣᠭᠤᠷᠢᠭ ᠪᠣᠯᠤᠨ ᠲᠡᠯᠭᠡᠨ ᠦᠵᠡᠭᠦᠯᠬᠦ | ᠲᠣᠭᠤᠷᠢᠭ ᠭᠡᠵᠦ ᠬᠤᠪᠢᠶᠠᠵᠤ᠂ ᠲᠠᠷᠢᠶᠠᠯᠠᠩ ᠤᠨ ᠮᠠᠰᠢᠨ ᠨᠢ ᠬᠠᠭᠠᠯᠪᠤᠷᠢᠯᠠᠬᠤ᠂ ᠲᠠᠷᠢᠬᠤ᠂ ᠬᠤᠷᠢᠶᠠᠬᠤ ᠵᠡᠷᠭᠡ ᠡᠯ᠎ᠡ | ᠦᠢᠯᠡᠳᠪᠦᠷᠢᠯᠡᠯ ᠤᠨ ᠭᠤᠭᠴᠤᠭ᠎ᠠ ᠶᠢ ᠬᠠᠮᠤᠷᠴᠠᠢ᠃ | ︽ᠣᠳᠣᠬᠠᠨ ᠳᠤ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠤᠯᠤᠰ ᠪᠠ | ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠠᠴᠠ ᠭᠠᠳᠠᠨ᠎ᠠ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ | ᠰᠠᠯᠠᠭ᠎ᠠ ᠮᠥᠴᠢᠷ ᠪᠠᠰᠠ ᠵᠤᠬᠢᠬᠤ ᠨᠥᠬᠦᠪᠥᠷᠢ ᠲᠠᠢ ᠪᠠᠶᠢᠵᠦ᠂ ᠮᠠᠯᠴᠢᠨ ᠲᠠᠷᠢᠶᠠᠴᠢᠳ ᠲᠤ ᠬᠠᠮᠤᠭ ᠤᠨ | ᠦᠨᠳᠤᠷ ᠲᠡᠭᠡᠨ 50% ᠰᠢᠬᠠᠮ ᠤᠨ ᠪᠡᠯᠡ ᠮᠥᠩᠭᠦ ᠶᠢ ᠠᠷᠪᠢᠯᠠᠵᠤ ᠥᠭᠴᠤ ᠳᠡᠶᠢᠯᠦᠨ᠎ᠠ᠃ ᠦᠵᠡᠭᠦᠯᠦᠨ | ᠲᠠᠨᠢᠯᠴᠠᠭᠤᠯᠬᠤ ᠪᠠᠷ ᠲᠠᠮᠵᠢᠨ᠂ ᠤᠯᠠᠨ ᠲᠦᠮᠡᠨ ᠤ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠬᠤᠳᠠᠯᠳᠤᠨ | ᠠᠪᠬᠤ ᠬᠦᠰᠡᠯ ᠡᠷᠡᠮᠡᠯᠵᠡᠯ ᠨᠢ ᠤᠯᠠᠮ ᠠᠴᠠ ᠤᠯᠠᠮ ᠴᠢᠩᠭ᠎ᠠ ᠪᠣᠯᠵᠤ ᠪᠠᠶᠢᠨ᠎ᠠ︾ ᠭᠡᠵᠦ ᠬᠠᠩᠭᠢᠨ ᠬᠤᠶᠢᠲᠤ | ᠬᠤᠰᠢᠭᠤᠨ ᠤ ᠴᠠᠩ ᠱᠧᠩ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠹᠧᠩ | ᠲᠠᠨᠢᠯᠴᠠᠭᠤᠯᠤᠯ᠎ᠠ᠃ | ᠣᠶᠢᠷ᠎ᠠ ᠶᠢᠨ ᠵᠢᠯ ᠠᠴᠠ᠂ ᠪᠠᠶᠠᠨᠨᠠᠭᠤᠷ ᠬᠤᠲᠠ ᠲᠠᠷᠢᠶᠠᠯᠠᠩ ᠤᠨ ᠮᠠᠰᠢᠨᠴᠢᠯᠠᠯᠳᠠ ᠶᠢ ᠪᠦᠬᠦ ᠶᠠᠪᠤᠴᠠ᠂ ᠪᠦᠬᠦ | ᠲᠠᠯ᠎ᠠ ᠪᠠᠷ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠬᠥᠭᠵᠢᠭᠦᠯᠬᠦ ᠶᠢ ᠲᠦᠷᠭᠡᠳᠬᠡᠨ ᠠᠬᠢᠭᠤᠯᠵᠦ᠂ 2023 | ᠣᠨ ᠳᠤ ᠪᠥᠬᠦ ᠬᠤᠲᠠ ᠶᠢᠨ ᠲᠠᠷᠢᠶᠠᠯᠠᠩ ᠤᠨ ᠮᠠᠰᠢᠨ ᠤ ᠶᠡᠷᠦᠩᠬᠡᠢ ᠬᠥᠳᠡᠯᠭᠡᠬᠦ ᠬᠦᠴᠦᠨ 680 ᠲᠦᠮᠡᠨ | ᠺᠢᠯᠣᠸᠠᠲ ᠲᠤ ᠬᠦᠷᠴᠦ᠂ ᠬᠥᠳᠡᠯᠭᠡᠬᠦ ᠬᠦᠴᠦᠨᠲᠦ ᠮᠠᠰᠢᠨ ᠮᠧᠬᠠᠨᠢᠭ 22 ᠲᠦᠮᠡ ᠭᠠᠷᠤᠢ ᠰᠠᠤᠷᠢ ᠪᠠ ᠢᠵᠢ | ᠪᠦᠷᠢᠳᠦᠭᠰᠡᠨ ᠲᠠᠷᠢᠶᠠᠯᠠᠩ ᠤᠨ ᠮᠠᠰᠢᠨ ᠮᠧᠬᠠᠨᠢᠭ 42 ᠲᠦᠮᠡ ᠭᠠᠷᠤᠢ ᠰᠠᠤᠷᠢ ᠪᠠᠶᠢᠵᠤ᠂ ᠲᠠᠷᠢᠮᠠᠯ ᠤᠨ | ᠶᠡᠷᠦᠩᠬᠡᠶᠢᠯᠡᠭᠰᠡᠨ ᠮᠠᠰᠢᠨᠴᠢᠯᠠᠯᠳᠠ ᠶᠢᠨ ᠨᠣᠷᠮ᠎ᠠ 86.7% ᠳ᠋ᠤ᠋ ᠬᠦᠷᠴᠦ᠂ 5 ᠬᠤᠰᠢᠭᠤ ᠰᠢᠶᠠᠨ ᠲᠣᠭᠤᠷᠢᠭ ᠨᠢ | ᠪᠦᠬᠦ ᠤᠯᠤᠰ ᠤᠨ ᠪᠥᠬᠦ ᠶᠠᠪᠤᠴᠠ ᠳᠤ ᠮᠠᠰᠢᠨᠴᠢᠯᠠᠭᠰᠠᠨ ᠵᠢᠱᠢᠶ᠎ᠡ ᠦᠵᠡᠭᠦᠯᠬᠦ ᠰᠢᠶᠠᠨ ᠪᠤᠯᠤᠬᠰᠠᠨ ᠪᠠᠶᠢᠨ᠎ᠠ᠃ |