ᠸᠠᠩ ᠯᠢ ᠰᠢᠶᠠ ᠵᠠᠮ ᠬᠠᠷᠢᠯᠴᠠᠭᠠᠨ ᠤ ᠠᠮᠤᠷ ᠲᠦᠪᠰᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/8
   ᠤᠯᠤᠰ ᠤᠨ ᠪᠠᠶᠠᠷ ᠤᠨ ᠠᠮᠠᠷᠠᠯᠲᠠ ᠬᠦᠷᠴᠦ ᠢᠷᠡᠬᠦ ᠲᠠᠰᠢᠷᠠᠮ ᠢᠶᠠᠷ᠂ 9 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠵᠠᠮ ᠬᠠᠷᠢᠯᠴᠠᠭᠠᠨ ᠤ ᠠᠮᠤᠷ ᠲᠦᠪᠰᠢᠨ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃   ᠸᠠᠩ ᠯᠢ ᠰᠢᠶᠠ ᠡᠩ ᠲᠡᠷᠢᠭᠦᠨ ᠳᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠥᠬᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠬᠢ᠂ ᠰᠢᠩ ᠾᠧ ᠶᠢᠨ ᠥᠪᠥᠷ ᠮᠣᠩᠭᠤᠯ ᠾᠤᠪᠸᠢ ᠶᠢᠨ ᠵᠠᠭᠠᠭ ᠲᠠᠬᠢ ᠪᠠᠶᠢᠴᠠᠭᠠᠬᠤ ᠦᠷᠳᠡᠭᠡ᠂ ᠤᠯᠠᠭᠠᠨᠬᠠᠳᠠ ᠶᠢᠨ ᠮᠤᠤ ᠵᠢᠩ ᠪᠠ ᠪᠠᠶᠢᠴᠠᠭᠠᠬᠤ ᠦᠷᠳᠡᠭᠡ᠂ ᠲᠦᠷᠭᠡᠨ ᠤ ᠵᠠᠰᠠᠮᠠᠯ ᠵᠠᠮ ᠤᠨ ᠨᠢᠭᠡᠳᠦᠭᠡᠷ ᠰᠠᠯᠪᠤᠷᠢ ᠠᠩᠬᠢ ᠶᠢᠨ ᠢ ᠵᠢᠶᠠᠨ ᠹᠠᠩ ᠳᠤᠮᠳᠠ ᠠᠩᠬᠢ ᠪᠣᠯᠤᠨ ᠲᠦᠷᠭᠡᠨ ᠤ ᠵᠠᠰᠠᠮᠠᠯ ᠵᠠᠮ ᠤᠨ ᠲᠤᠭᠤᠷᠢᠨ ᠴᠠᠬᠲᠠᠬᠤ ᠴᠠᠭᠳᠠᠭ᠎ᠠ ᠶᠢᠨ ᠲᠡᠷᠭᠡ ᠶᠢᠨ ᠬᠢᠨ ᠲᠠᠢ ᠸᠢᠳᠢᠣ᠋ ᠪᠠᠷ ᠬᠤᠯᠪᠤᠭ᠎ᠠ ᠠᠪᠴᠤ᠂ ᠵᠠᠮ ᠬᠠᠷᠢᠯᠴᠠᠭᠠᠨ ᠤ ᠬᠠᠮᠢᠶᠠᠷᠤᠯᠲᠠ ᠡᠵᠡᠮᠳᠡᠯ᠂ ᠲᠡᠷᠭᠡ ᠬᠥᠰᠭᠡ ᠶᠢᠨ ᠪᠠᠶᠢᠴᠠᠭᠠᠨ ᠰᠢᠯᠭᠠᠯᠲᠠ ᠵᠡᠷᠭᠡ ᠪᠠᠶᠢᠳᠠᠯ ᠢ ᠨᠠᠷᠢᠯᠢᠬ ᠣᠶᠢᠯᠠᠭᠠᠪᠠ᠃ ᠲᠡᠷᠡ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠤᠷᠳᠤ ᠪᠦᠭᠡᠳ ᠥᠪᠥᠷ ᠮᠣᠩᠭᠤᠯ ᠤᠨ ᠨᠤᠲᠤᠭ ᠳᠡᠪᠢᠰᠭᠡᠷ ᠥᠷᠭᠡᠨ ᠠᠭᠤᠳᠠᠮ᠂ ᠬᠦᠮᠦᠨ ᠬᠠᠷ᠎ᠠ ᠶᠠᠪᠤᠵᠤ ᠰᠠᠭᠤᠬᠤ ᠨᠢ ᠤᠯᠠᠨ ᠪᠤᠯᠬᠤᠷ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠬᠤ ᠡᠭᠦᠷᠭᠡ ᠬᠦᠨᠳᠦ ᠪᠠᠶᠢᠨ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠪᠡᠭᠡᠵᠢᠩ ᠳᠤ ᠤᠴᠢᠬᠤ ᠬᠥᠮᠦᠨ᠂ ᠲᠡᠷᠭᠡ᠂ ᠪᠣᠳᠠᠰ ᠤᠨ ᠪᠠᠶᠢᠴᠠᠭᠠᠯᠲᠠ ᠶᠢ ᠴᠢᠩᠭᠠᠳᠬᠠᠵᠤ᠂ ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ︾ ᠢ ᠡᠷᠡᠰ ᠬᠠᠮᠠᠭᠠᠯᠠᠬᠤ ᠬᠡᠷᠡᠭᠲᠡᠢ᠃ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠵᠠᠮ ᠬᠠᠷᠢᠯᠴᠠᠭᠠᠨ ᠤ ᠠᠳᠡᠯ ᠠᠮᠠᠷᠬᠠᠨ ᠡᠭᠦᠰᠳᠡᠭ ᠤᠯᠠᠨ ᠡᠭᠦᠰᠳᠡᠭ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠵᠠᠮ ᠤᠨ ᠬᠡᠰᠡᠭ ᠢ ᠨᠢᠭᠲᠠ ᠠᠩᠬᠠᠷᠴᠤ᠂ ᠬᠥᠮᠦᠨ ᠬᠠᠷ᠎ᠠ ᠲᠡᠷᠭᠡ ᠬᠦᠰᠭᠡ ᠤᠯᠠᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠤᠳᠠᠯᠳᠤᠭᠠᠨ ᠤ ᠲᠣᠭᠤᠷᠢᠭ ᠵᠡᠷᠭᠡ ᠶᠢ ᠨᠢᠭᠲᠠ ᠠᠩᠬᠠᠷᠴᠤ᠂ ᠠᠮᠤᠷ ᠲᠦᠪᠰᠢᠨ ᠤ ᠭᠡᠮ ᠰᠣᠭᠤᠭ ᠢ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠴᠠᠭᠳᠠᠭ᠎ᠠ ᠲᠠᠢ ᠠᠭᠤᠯᠵᠠᠬᠤ ᠨᠤᠷᠮ᠎ᠠ᠂ ᠬᠡᠷᠡᠭ ᠶᠠᠪᠤᠳᠠᠯ ᠬᠠᠮᠢᠶᠠᠷᠬᠤ ᠨᠤᠷᠮ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠣᠭᠲᠣᠭᠤ ᠪᠠᠷ ᠲᠡᠷᠭᠡ ᠵᠢᠯᠣᠭᠤᠳᠬᠤ᠂ ᠦᠨᠡᠮᠯᠡᠯ ᠦᠭᠡᠢ ᠪᠠᠷ ᠲᠡᠷᠭᠡ ᠵᠢᠯᠣᠭᠤᠳᠬᠤ᠂ ᠰᠠᠭᠤᠳᠠᠯ ᠠᠴᠠ ᠬᠡᠲᠦᠷᠡᠲᠡᠯ᠎ᠡ ᠰᠠᠭᠤᠯᠭᠠᠬᠤ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠬᠦ ᠬᠡᠳᠦ ᠬᠤᠷᠳᠤᠨ ᠵᠢᠯᠤᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠮᠤᠷ ᠲᠦᠪᠰᠢᠨ ᠰᠠᠭᠠᠳ ᠦᠭᠡᠢ ᠳᠥᠭᠦᠮ ᠳᠥᠲᠡ ᠡᠮᠬᠢ ᠳᠢᠭᠯᠢᠮ ᠲᠠᠢ ᠶᠠᠪᠤᠵᠤ ᠰᠠᠭᠤᠬᠤ ᠣᠷᠴᠢᠨ ᠨᠦᠬᠦᠴᠡᠯ ᠢ ᠪᠤᠢ ᠪᠣᠯᠭᠠᠬᠤ ᠬᠡᠷᠡᠭᠲᠡᠢ᠃ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠣᠯᠬᠤ ᠲᠤᠲᠤᠮ᠂ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠤᠨ ᠠᠵᠢᠯ ᠪᠠ ᠠᠮᠢᠳᠤᠷᠠᠯ ᠤᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠬᠤ ᠬᠡᠷᠡᠭᠲᠡᠶ ᠭᠡᠪᠡ᠃    ᠳᠠᠷᠠᠭ᠎ᠠ ᠨᠢ᠂ ᠸᠠᠩ ᠯᠢ ᠰᠢᠶᠠ ᠬᠥᠬᠡᠬᠤᠲᠠ ᠶᠢᠨ ᠪᠦᠦ ᠴᠢᠤᠸᠠᠨ ᠵᠤᠸᠠᠩ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠬᠦᠷᠴᠦ᠂ ᠠᠮᠤ ᠲᠤᠰᠤ᠂ ᠢᠳᠡᠰᠢᠨ ᠨᠣᠭᠤᠭ᠎ᠠ᠂ ᠮᠢᠬᠠᠨ ᠤ ᠵᠦᠢᠯ ᠵᠡᠷᠭᠡ ᠳᠡᠯᠭᠡᠭᠦᠷ ᠲᠤ ᠣᠷᠣᠵᠤ᠂ ᠡᠵᠡᠩᠨᠡᠭᠴᠢ ᠠᠴᠠ ᠡᠳ᠋ ᠪᠠᠷᠠᠭᠠᠨ ᠤ ᠭᠠᠷᠤᠯᠲᠠ ᠶᠢᠨ ᠣᠷᠣᠨ᠂ ᠪᠠᠷᠠᠭ᠎ᠠ ᠣᠷᠣᠭᠤᠯᠬᠤ ᠠᠷᠭ᠎ᠠ ᠵᠠᠮ᠂ ᠪᠣᠷᠣᠯᠠᠭᠤᠯᠭ᠎ᠠ ᠶᠢᠨ ᠪᠠᠶᠢᠳᠠᠯ᠂ ᠲᠠᠸᠠᠷ ᠤᠨ ᠦᠨ᠎ᠡ ᠬᠠᠩᠰᠢ᠂ ᠡᠵᠡᠩᠨᠡᠯᠲᠡ ᠶᠢᠨ ᠣᠷᠣᠯᠭ᠎ᠠ ᠵᠡᠷᠭᠡ ᠶᠢ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠪᠠᠶᠠᠷ ᠤᠨ ᠡᠳᠦᠷ ᠤᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠪᠠᠷᠠᠭ᠎ᠠ ᠬᠠᠩᠭᠠᠬᠤ ᠠᠷᠭ᠎ᠠ ᠵᠠᠮ ᠢ ᠴᠢᠨᠠᠬᠰᠢᠳᠠ ᠥᠷᠭᠡᠳᠭᠡᠵᠦ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠲᠠᠸᠠᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠰᠠᠶᠢᠲᠤᠷ ᠠᠳᠬᠤᠵᠤ᠂ ᠶᠠᠰᠤ ᠴᠢᠨᠠᠷ ᠨᠠᠶᠢᠳᠠᠪᠤᠷᠢᠲᠠᠢ᠂ ᠪᠠᠷᠠᠭᠠᠨ ᠤ ᠦᠨ᠎ᠡ ᠲᠣᠭᠲᠠᠭᠤᠨ ᠪᠠᠶᠢᠬᠤ ᠶᠢ ᠪᠠᠲᠤᠯᠠᠵᠤ᠂ ᠥᠷᠭᠡᠨ ᠤᠯᠠᠨ ᠲᠦᠮᠡᠨ ᠢ ᠲᠠᠭᠠᠯᠠᠮᠵᠢᠲᠠᠢ ᠪᠠᠷ ᠬᠡᠷᠡᠭᠯᠡᠭᠡ ᠬᠢᠵᠦ᠂ ᠠᠮᠤᠷ ᠲᠠᠶᠢᠪᠤᠩ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号