ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/8
    ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ    ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ 102 ᠵᠦᠢᠯ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠪᠠᠶᠢᠷᠢᠯᠠᠭᠤᠯᠪᠠ    ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠠᠬᠢᠭᠤᠯᠪᠠ    ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ ᠢ ᠲᠦᠭᠡᠮᠡᠯᠵᠢᠭᠦᠯᠬᠦ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾ ᠪᠣᠯᠤᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾ ᠤᠨ ᠲᠤᠬᠠᠢ ᠶᠠᠷᠢᠯᠴᠠᠪᠠ᠃    ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 29 ᠤ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 9 ᠰᠠᠷ᠎ᠠ ᠶᠢᠨ 29 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠤᠨ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠤᠭ᠎ᠠ ᠬᠡᠮᠵᠢᠶ᠎ᠡ ᠶᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠳᠡᠭᠡᠷ᠎ᠡ ᠨᠢᠭᠡᠳᠬᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ᠂ ᠨᠢᠭᠡᠨᠲᠡ ᠲᠣᠳᠣᠷᠬᠠᠶᠢᠯᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠷᠸ᠎ᠠ ᠲᠣᠬᠢᠷᠠᠭᠤᠯᠭ᠎ᠠ ᠶᠢ ᠪᠦᠲᠦᠮᠵᠢᠲᠡᠢ ᠬᠡᠷᠡᠭᠵᠢᠭᠦᠯᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠬᠠᠮᠵᠢᠯᠴᠠᠨ ᠬᠦᠴᠦᠯᠡᠬᠦ ᠶᠢ ᠠᠬᠢᠭᠤᠯᠵᠤ᠂ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠲᠥᠷᠥ ᠶᠢᠨ ᠪᠣᠳᠣᠯᠭ᠎ᠠ ᠨᠢᠭᠡᠪᠦᠷᠢ ᠨᠢ ᠴᠥᠮ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠡᠷᠡᠭᠵᠢᠭᠦᠯᠬᠦ ᠠᠶᠢᠵᠠᠮ ᠢᠶᠠᠨ ᠲᠦᠷᠭᠡᠳᠬᠡᠨ᠂ ᠨᠥᠬᠦᠴᠡᠯ ᠨᠢ ᠬᠠᠷᠢᠴᠠᠩᠭᠤᠢ ᠪᠣᠯᠪᠠᠰᠤᠷᠠᠩᠭᠤᠢ ᠪᠣᠯᠤᠭᠰᠠᠨ ᠲᠥᠷᠥ ᠶᠢᠨ ᠪᠣᠳᠣᠯᠭ᠎ᠠ ᠶᠢ ᠳᠠᠷᠦ᠋ᠢᠬᠠᠨ ᠭᠠᠷᠭᠠᠵᠤ᠂ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠬᠦ ᠴᠢᠬᠤᠯᠠᠲᠠᠢ ᠲᠥᠷᠥ ᠶᠢᠨ ᠪᠣᠳᠣᠯᠭ᠎ᠠ ᠨᠢ ᠬᠠᠮᠢᠶ᠎ᠠ ᠪᠦᠬᠦᠢ ᠠᠵᠢᠯ ᠢᠶᠠᠨ ᠱᠠᠯᠠᠪᠳᠠᠨ ᠰᠠᠶᠢᠲᠤᠷ ᠬᠢᠵᠦ᠂ ᠨᠢᠭᠡ ᠪᠦᠯᠦᠭ ᠪᠣᠯᠪᠠᠰᠤᠷᠠᠩᠭᠤᠢ ᠪᠣᠯᠪᠠᠯ ᠨᠢᠭᠡ ᠪᠦᠯᠦᠭ ᠭᠠᠷᠭᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠠᠶᠤᠯ ᠲᠦᠭᠰᠢᠭᠦᠷᠢ ᠠᠴᠠ ᠵᠠᠶᠢᠯᠠᠬᠤ ᠦᠭᠡᠢ᠂ ᠬᠠᠷᠢᠭᠤᠴᠠᠯᠭ᠎ᠠ ᠨᠡᠬᠡᠮᠵᠢᠯᠡᠬᠦ ᠦᠭᠡᠢ ᠪᠠᠶᠢᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠭᠦᠨ ᠤ ᠬᠠᠮᠲᠤ᠂ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ᠂ ᠨᠡᠮᠡᠭᠳᠡᠯ ᠤᠨ ᠰᠢᠨ᠎ᠡ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠰᠤᠳᠤᠯᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠡᠯ᠎ᠡ ᠲᠠᠯ᠎ᠠ ᠶᠢᠨ ᠬᠢᠨ ᠤ ᠰᠠᠨᠠᠯ ᠢ ᠰᠣᠨᠣᠰᠬᠤ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠨᠡᠩ ᠰᠠᠶᠢᠲᠤᠷ ᠨᠢᠭᠲᠠᠷᠠᠭᠤᠯᠵᠤ᠂ ᠢᠲᠡᠭᠡᠯ ᠵᠣᠷᠢᠭ ᠢᠶᠠᠨ ᠬᠥᠪᠴᠢᠯᠡᠬᠦ ᠬᠡᠷᠡᠭᠲᠡᠢ᠃   ᠬᠤᠷᠠᠯ ᠠᠴᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ 102 ᠵᠦᠢᠯ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠪᠠᠶᠢᠷᠢᠯᠠᠭᠤᠯᠪᠠ᠃ ᠬᠤᠷᠠᠯ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 102 ᠵᠦᠢᠯ ᠤᠨ ᠴᠢᠬᠤᠯᠠ ᠢᠨᠵᠧᠨᠧᠷᠢᠩ ᠢ ᠬᠡᠷᠡᠭᠵᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠣᠳᠣᠬᠠᠨ ᠤ ᠪᠠ ᠠᠯᠤᠰ ᠬᠡᠳᠦ ᠶᠢ ᠨᠢᠭᠡᠳᠦᠯᠲᠡᠢ ᠲᠥᠯᠥᠪᠵᠢᠭᠦᠯᠦᠨ ᠭᠠᠷᠭᠠᠭᠰᠠᠨ ᠴᠢᠬᠤᠯᠠ ᠪᠠᠶᠢᠷᠢᠯᠠᠭᠤᠯᠤᠯᠲᠠ ᠪᠣᠯᠤᠨ᠎ᠠ᠃ ᠪᠦᠬᠦ ᠲᠠᠯ᠎ᠠ ᠳᠤ ᠰᠠᠭᠤᠷᠢᠯᠠᠨ ᠴᠢᠬᠤᠯᠠ ᠶᠡᠭᠡ ᠢᠨᠵᠧᠨᠧᠷᠢᠩ ᠤᠨ ᠬᠡᠷᠡᠭᠵᠢᠭᠦᠯᠦᠯᠲᠡ ᠶᠢ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠ ᠲᠥᠪ ᠭᠠᠵᠠᠷ ᠣᠷᠣᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠡᠯᠡ ᠮᠥᠩᠭᠦ ᠶᠢᠨ ᠳᠡᠮᠵᠢᠯᠭᠡ ᠪᠠ ᠡᠯᠧᠮᠧᠨ᠋ᠲ ᠤᠨ ᠡᠬᠢ ᠪᠠᠶᠠᠯᠢᠭ ᠤᠨ ᠪᠠᠲᠤᠯᠠᠭ᠎ᠠ ᠶᠢ ᠴᠢᠩᠭᠠᠳᠬᠠᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠢᠱᠢᠭᠰᠡᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃    ᠬᠤᠷᠠᠯ ᠠᠴᠠ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠵᠢᠯ ᠢ ᠰᠤᠳᠤᠯᠪᠠ᠃ ᠬᠤᠷᠠᠯ ᠠᠴᠠ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠪᠣᠯ ᠬᠥᠮᠦᠨ ᠠᠮᠠ ᠶᠢᠨ ᠤᠷᠲᠤ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠴᠢᠬᠤᠯᠠ ᠳᠡᠮᠵᠢᠯᠭᠡ ᠶᠢᠨ ᠠᠷᠭ᠎ᠠ ᠬᠡᠮᠵᠢᠶ᠎ᠡ ᠪᠣᠯᠤᠨ᠎ᠠ᠃ ᠠᠵᠤ ᠠᠬᠤᠢ ᠶᠢᠨ ᠬᠥᠭᠵᠢᠯᠲᠡ᠂ ᠬᠥᠮᠦᠨ ᠠᠮᠠ ᠶᠢᠨ ᠪᠦᠲᠦᠴᠡ ᠪᠠ ᠬᠡᠦᠬᠡᠳ ᠰᠠᠭᠠᠲᠠᠭᠤᠯᠬᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠡᠦᠬᠡᠳ ᠰᠠᠭᠠᠲᠠᠭᠤᠯᠬᠤ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠨᠠᠷᠢᠯᠢᠭ ᠣᠨᠣᠴᠠᠲᠠᠢ ᠬᠠᠩᠭᠠᠯᠭ᠎ᠠ ᠶᠢ ᠰᠢᠯᠢᠳᠡᠭᠵᠢᠭᠦᠯᠦᠨ᠂ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠪᠡᠯᠡᠳᠬᠡᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠣᠯᠠᠨ ᠲᠦᠮᠡᠨ ᠳᠤ ᠣᠶᠢᠷ᠎ᠠ ᠬᠠᠪᠢ ᠳᠠᠭᠠᠨ ᠲᠥᠬᠦᠮ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠦᠢᠯᠡᠴᠢᠯᠡᠭᠡ ᠶᠢ ᠴᠢᠷᠮᠠᠶᠢᠨ ᠬᠠᠩᠭᠠᠬᠤ ᠬᠡᠷᠡᠭᠲᠡᠢ᠃    ᠬᠤᠷᠠᠯ ᠠᠴᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠪᠣᠯ ᠳᠠᠷᠤᠢ ᠰᠢᠨ᠎ᠡ ᠶᠢ ᠡᠭᠦᠳᠬᠦ ᠶᠢ ᠬᠠᠮᠠᠭᠠᠯᠠᠵᠤ ᠪᠠᠶᠢᠭ᠎ᠠ ᠶᠠᠪᠤᠳᠠᠯ ᠪᠣᠯᠤᠨ᠎ᠠ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢᠨ ᠲᠤᠯᠭᠠᠭᠤᠷᠢᠯᠠᠯ ᠢ ᠴᠢᠩᠭᠠᠳᠬᠠᠵᠤ᠂ ᠲᠤᠰᠬᠠᠢ ᠠᠰᠢᠭ ᠢ ᠬᠤᠪᠢᠷᠠᠭᠤᠯᠤᠨ ᠬᠡᠷᠡᠭᠯᠡᠬᠦ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃    ᠬᠤᠷᠠᠯ ᠠᠴᠠ ︽ᠪᠦᠭᠦᠲᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠳᠦᠭᠡᠮᠠᠯᠵᠢᠭᠦᠯᠭᠦ ᠬᠠᠤᠯᠢ ︿ᠵᠠᠰᠠᠪᠤᠷᠢ ᠣᠷᠣᠭᠤᠯᠬᠤ ᠳᠦᠰᠣᠯ﹀︾ ᠢ ᠶᠠᠷᠢᠯᠴᠠᠭᠰᠠᠨ ᠪᠦᠭᠡᠳ ᠵᠠᠷᠴᠢᠮ ᠤᠨ ᠲᠠᠯ᠎ᠠ ᠪᠠᠷ ᠪᠠᠲᠤᠯᠠᠵᠤ᠂ ᠬᠤᠶᠠᠷ ᠳᠦᠰᠣᠯ ᠢ ᠪᠦᠭᠦ ᠤᠯᠤᠰ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ  ᠶᠢᠨ ᠬᠤᠷᠢᠶᠠᠨ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠪᠠᠷ ᠲᠣᠭᠲᠠᠵᠠᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号