ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2024/10/8
   ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠠᠶᠠᠷ ᠤᠨ ᠵᠠᠬᠢᠳᠠᠯ ᠢᠯᠡᠭᠡᠵᠡᠢ   ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ 7 ᠤ ᠦᠳᠡ ᠶᠢᠨ ᠡᠮᠦᠨ᠎ᠡ ᠰᠢᠨᠵᠢᠶᠠᠩ ᠤᠨ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠠᠶᠠᠷ ᠤᠨ ᠵᠠᠬᠢᠳᠠᠯ ᠢᠯᠡᠭᠡᠵᠡᠢ᠃ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ᠂ ᠲᠥᠪ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠾᠧ ᠯᠢ ᠹᠤᠩ ᠶᠡᠭᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   1954 ᠣᠨ ᠤ 10 ᠰᠠᠷ᠎ᠠ ᠳᠤ᠂ ᠨᠠᠮ ᠤᠨ ᠲᠥᠪ ᠬᠤᠷᠢᠶ᠎ᠠ ᠠᠴᠠ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠰᠢᠨᠵᠢᠶᠠᠩ ᠳᠤ ᠰᠠᠭᠤᠭ᠎ᠠ ᠴᠡᠷᠢᠭ ᠠᠩᠬᠢ ᠶᠢᠨ ᠣᠯᠠᠩᠬᠢ ᠬᠡᠰᠡᠭ ᠢ ᠨᠢ ᠲᠤᠬᠠᠢ ᠶᠢᠨ ᠭᠠᠵᠠᠷ ᠲᠤᠨᠢ ᠬᠠᠮᠲᠤ ᠪᠠᠷ ᠴᠡᠷᠢᠭ ᠠᠴᠠ ᠰᠢᠯᠵᠢᠬᠦᠯᠵᠦ᠂ ᠰᠢᠨᠵᠢᠶᠠᠩ ᠳᠤ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠢ ᠪᠠᠶᠢᠭᠤᠯᠵᠤ ᠂ ᠣᠨᠴᠠᠭᠠᠢ ᠡᠭᠦᠷᠭᠡ ᠭᠦᠢᠴᠡᠳᠭᠡᠬᠦ ᠪᠠᠷ ᠲᠣᠭᠲᠠᠪᠠ᠃ 70 ᠵᠢᠯ ᠤᠨ ᠲᠤᠷᠰᠢ ᠪᠢᠩᠲ᠋ᠤᠸᠠᠨ ᠤ ᠬᠢᠨ ︽ᠡᠬᠡ ᠤᠯᠤᠰ ᠢᠶᠠᠨ ᠬᠠᠶᠢᠷᠠᠯᠠᠬᠤ᠂ ᠬᠠᠷᠠᠮ ᠦᠭᠡᠢ ᠵᠣᠷᠢᠭᠤᠯᠬᠤ᠂ ᠲᠡᠰᠪᠦᠷᠢ ᠬᠠᠲᠠᠭᠤᠵᠢᠯᠲᠠᠢ ᠪᠠᠷ ᠦᠢᠯᠡᠰ ᠪᠤᠰᠬᠠᠬᠤ᠂ ᠵᠠᠮ ᠨᠡᠭᠡᠭᠡᠨ ᠤᠷᠤᠭᠰᠢᠯᠠᠬᠤ︾ ᠪᠢᠩᠲ᠋ᠤᠸᠠᠨ ᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠰᠢᠨᠵᠢᠶᠠᠩ ᠤᠨ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠤᠯᠤᠰ ᠤᠨ ᠬᠢᠯᠢ ᠶᠢᠨ ᠬᠠᠮᠠᠭᠠᠯᠠᠯᠲᠠ ᠶᠢ ᠪᠠᠬᠢᠵᠢᠭᠦᠯᠬᠦ ᠳᠤ ᠪᠠᠯᠠᠷᠠᠰᠢ ᠦᠭᠡᠢ ᠲᠡᠦᠬᠡᠲᠦ ᠬᠤᠪᠢ ᠨᠡᠮᠡᠷᠢ ᠦᠵᠡᠭᠦᠯᠪᠡ᠃   11 ᠴᠠᠭ ᠲᠤ ᠶᠡᠭᠡ ᠬᠤᠷᠠᠯ ᠡᠬᠢᠯᠡᠪᠡ᠃ ᠲᠠᠯᠠᠪᠠᠢ ᠳᠠᠶᠠᠭᠠᠷ ᠢᠶᠠᠨ ᠪᠣᠰᠴᠤ ᠵᠣᠭᠰᠣᠨ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠳᠠᠭᠤᠯᠠᠪᠠ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠡᠷᠬᠢᠯᠡᠭᠴᠢ ᠂ ᠲᠥᠪ ᠤᠨ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠮᠢᠶᠣᠣ ᠬᠤᠸᠠ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠪᠠᠶᠢᠭᠤᠯᠤᠭᠳᠠᠭᠰᠠᠨ 70 ᠵᠢᠯ ᠤᠨ ᠤᠢ ᠳᠤ ᠢᠯᠡᠭᠡᠭᠰᠡᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ᠃   ᠶᠡᠷᠦᠩᠬᠡᠢ ᠱᠦᠵᠢ ᠰᠢ ᠶᠢᠨ ᠫᠢᠩ ᠤᠨ ᠨᠠᠶᠢᠳᠠᠯᠭ᠎ᠠ ᠪᠠᠷ᠂ ᠾᠧ ᠯᠢ ᠹᠤᠩ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠪᠠᠶᠢᠭᠤᠯᠤᠭᠳᠠᠭᠰᠠᠨ 70 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ᠂ ᠪᠢᠩᠲ᠋ᠤᠸᠠᠨ ᠤ ᠦᠨᠳᠦᠰᠦᠲᠡᠨ ᠨᠦᠭᠦᠳ ᠤᠨ ᠺᠠᠳ᠋ᠷ ᠠᠵᠢᠯᠳᠠᠨ ᠤᠯᠠᠨ ᠲᠦᠮᠡᠨ ᠢ ᠳᠣᠲᠣᠨᠣ ᠪᠠᠷ ᠲᠣᠬᠤᠨᠢᠭᠤᠯᠵᠤ᠂ ᠤᠷᠳᠤ ᠬᠤᠭᠤᠴᠠᠭᠠᠨ ᠤ ᠲᠤᠷᠰᠢ ᠪᠢᠩᠲ᠋ᠤᠸᠠᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠪᠡ᠃   ᠾᠧ ᠯᠢ ᠹᠧᠩ᠂ 70 ᠵᠢᠯ ᠤᠨ ᠲᠤᠷᠰᠢ ᠪᠢᠩᠲ᠋ᠤᠸᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠳᠣᠣᠷ᠎ᠠ ᠴᠡᠷᠢᠭ ᠰᠠᠭᠤᠵᠤ ᠠᠲᠠᠷ ᠬᠠᠭᠠᠯᠪᠤᠷᠢᠯᠠᠵᠤ ᠬᠢᠯᠢ ᠬᠢᠵᠠᠭᠠᠷ ᠢ ᠬᠠᠮᠠᠭᠠᠯᠠᠬᠤ ᠰᠢᠨ᠎ᠡ ᠵᠠᠮ ᠢ ᠨᠡᠭᠡᠭᠡᠵᠦ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠪᠣᠯᠤᠨ ᠰᠢᠨᠵᠢᠶᠠᠩ ᠤᠨ ᠪᠣᠳᠠᠲᠤ ᠪᠠᠶᠢᠳᠠᠯ ᠳᠤ ᠨᠡᠶᠢᠴᠡᠭᠰᠡᠨ ᠪᠢᠩᠲ᠋ᠤᠸᠠᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠩᠲ᠋ᠤᠸᠠᠨ ᠤ ᠬᠢᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠪᠣᠳᠠᠲᠠᠢ ᠠᠵᠢᠯᠯᠠᠨ ᠤᠷᠤᠭᠰᠢᠯᠠᠵᠤ᠂ ᠦᠷᠭᠦᠯᠵᠢᠯᠡᠨ ᠴᠢᠷᠮᠠᠶᠢᠨ ᠲᠡᠮᠡᠴᠡᠵᠦ᠂ ᠡᠯ᠎ᠡ ᠵᠦᠢᠯ ᠤᠨ ᠠᠵᠢᠯ ᠦᠢᠯᠡᠰ ᠪᠦᠬᠦ ᠲᠠᠯ᠎ᠠ ᠪᠠᠷ ᠲᠠᠪᠰᠢᠵᠦ᠂ ᠲᠡᠦᠬᠡᠲᠦ ᠴᠢᠨᠠᠷᠲᠠᠢ ᠠᠮᠵᠢᠯᠲᠠ ᠪᠦᠳᠦᠮᠵᠢ ᠣᠯᠵᠠᠢ᠃ ᠬᠡᠳᠦᠨ ᠦᠶ᠎ᠡ ᠶᠢᠨ ᠪᠢᠩᠲ᠋ᠤᠸᠠᠨ ᠤ ᠬᠥᠮᠦᠰ ᠯᠤᠲᠤ ᠶᠡᠭᠡ ᠦᠷᠡᠭᠳᠡᠯ ᠪᠠ ᠬᠤᠪᠢ ᠨᠡᠮᠡᠷᠢ ᠦᠵᠡᠭᠦᠯᠦᠭᠰᠡᠨ ᠪᠥᠭᠡᠳ ᠮᠠᠰᠢ ᠤᠯᠠᠨ ᠡᠷᠬᠢᠮ ᠨᠠᠨᠳᠢᠨ ᠲᠤᠷᠰᠢᠯᠭ᠎ᠠ ᠶᠢ ᠪᠦᠷᠢᠯᠳᠦᠭᠦᠯᠵᠡᠢ ᠬᠡᠵᠥ ᠵᠢᠭᠠᠵᠥ ᠭᠠᠷᠭᠠᠪᠠ᠃   ᠾᠧ ᠯᠢ ᠹᠧᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠪᠢᠩᠲ᠋ᠤᠸᠠᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨᠵᠢᠶᠠᠩ ᠪᠠ ᠪᠢᠩᠲ᠋ᠤᠸᠠᠨ ᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠲᠣᠭᠲᠠᠭᠤᠨ ᠢ ᠬᠠᠮᠠᠭᠠᠯᠠᠬᠤ ᠬᠢᠯᠢ ᠬᠢᠵᠠᠭᠠᠷ ᠢ ᠬᠠᠮᠠᠭᠠᠯᠠᠬᠤ ᠰᠢᠨ᠎ᠡ ᠳᠠᠪᠠᠭᠤᠯᠢᠭ ᠢ ᠪᠤᠢ ᠪᠣᠯᠭᠠᠬᠤ ᠪᠠᠷ ᠰᠢᠨᠵᠢᠶᠠᠩ ᠤᠨ ᠨᠡᠶᠢᠭᠡᠮ ᠤᠨ ᠲᠣᠭᠲᠠᠭᠤᠨ ᠪᠠᠶᠢᠳᠠᠯ ᠪᠠ ᠤᠯᠤᠰ ᠤᠨ ᠠᠮᠤᠷ ᠲᠦᠪᠰᠢᠨ ᠳᠤ ᠦᠢᠯᠡᠴᠢᠯᠡᠵᠤ᠂ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠥᠭᠡᠷᠡᠴᠢᠯᠡᠯᠲᠡ ᠨᠡᠬᠡᠬᠡᠯᠳᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠪᠠᠷ ᠠᠽᠢᠶ᠎ᠠ ᠧᠦ᠋ᠷᠣᠫᠠ ᠶᠢᠨ ᠰᠢᠵᠢᠷ ᠠᠯᠳᠠᠨ ᠨᠡᠪᠳᠡᠷᠡᠬᠦ ᠵᠠᠮ ᠪᠣᠯᠤᠨ ᠪᠠᠷᠠᠭᠤᠨᠰᠢ ᠨᠡᠬᠡᠬᠡᠯᠳᠡ ᠬᠢᠬᠦ ᠪᠠᠬᠢᠯᠡᠯᠲᠡ ᠶᠢ ᠴᠣᠭᠴᠠᠯᠠᠵᠤ᠂ ᠬᠥᠮᠦᠰ ᠤᠨ ᠰᠡᠳᠭᠢᠯ ᠢ ᠨᠢᠭᠲᠠᠷᠠᠭᠤᠯᠬᠤ ᠰᠢᠨ᠎ᠡ ᠪᠠᠶᠢᠳᠠᠯ ᠢ ᠡᠭᠦᠳᠬᠦ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠪᠢᠩᠲ᠋ᠤᠸᠠᠨ ᠤ ᠡᠩᠨᠡᠭᠡᠨ ᠤ ᠰᠢᠨ᠎ᠡ ᠳᠦᠷᠢ ᠲᠥᠷᠬᠦ ᠶᠢ ᠱᠤᠭᠤᠬᠤ ᠪᠠᠷ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠭᠡᠬᠦ ᠶᠢ ᠪᠠᠲᠤᠯᠠᠵᠤ᠂ ᠪᠢᠩᠲ᠋ᠤᠸᠠᠨ ᠢ ᠨᠡᠩ ᠬᠦᠴᠦᠷᠬᠡᠭ ᠨᠡᠩ ᠴᠡᠴᠡᠭᠯᠡᠨ ᠬᠥᠭᠵᠢᠭᠰᠡᠨ ᠪᠤᠯᠭᠠᠨ ᠪᠦᠳᠦᠭᠡᠨ ᠪᠠᠶᠢᠭᠤᠯᠵᠤ᠂ ᠦᠵᠡᠰᠭᠦᠯᠡᠩᠲᠦ ᠰᠠᠶᠢᠬᠠᠨ ᠰᠢᠨᠵᠢᠶᠠᠩ ᠢ ᠪᠦᠲᠦᠭᠡᠨ ᠪᠠᠶᠢᠭᠤᠯᠵᠤ᠂ ᠰᠢᠨᠵᠢᠶᠠᠩ ᠤᠨ ᠠᠵᠢᠯ ᠤᠨ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠦᠢᠯᠡᠳᠦᠯ ᠪᠠᠳᠠᠷᠠᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃   ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠮᠠ ᠰᠢᠩ ᠷᠦᠢ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠶᠢᠨ ᠪᠢᠩᠲ᠋ᠤᠸᠠᠨ ᠤ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠶᠢᠨ ᠦᠨᠳᠦᠰᠦᠨ ᠰᠢᠯᠳᠠᠭᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠪᠠᠶᠢᠯᠳᠤᠬᠤ ᠪᠤᠳᠤᠯᠭ᠎ᠠ ᠶᠢᠨ ᠵᠢᠷᠤᠭ ᠲᠥᠯᠥᠪᠯᠡᠭᠡ ᠪᠣᠯᠤᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠠᠶᠢᠨ᠎ᠠ᠃ ᠰᠢᠨ᠎ᠡ ᠲᠡᠦᠬᠡ ᠶᠢᠨ ᠭᠠᠷᠤᠭ᠎ᠠ ᠳᠤ ᠪᠢᠩᠲ᠋ᠤᠸᠠᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨᠵᠢᠶᠠᠩ ᠤᠨ ᠠᠵᠢᠯ ᠤᠨ ᠶᠡᠷᠦᠩᠬᠡᠶ ᠬᠠᠷᠠᠯᠲᠠ ᠶᠢ ᠪᠡᠲᠦ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠨᠠᠮ ᠤᠨ ᠲᠦᠪ ᠬᠤᠷᠢᠶ᠎ᠠ ᠶᠢᠨ ᠪᠢᠩᠲ᠋ᠤᠸᠠᠨ ᠤ ᠲᠤᠬᠠᠢ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠦᠪᠯᠡᠷᠡᠬᠦᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠪᠢᠩᠲ᠋ᠤᠸᠠᠨ ᠤ ᠦᠢᠯᠡᠳᠦᠯᠭᠡ ᠶᠢ ᠬᠦᠴᠦᠯᠡᠨ ᠠᠬᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃   ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠤᠨ ᠬᠤᠷᠢᠶ᠎ᠠ ᠶᠢᠨ ᠱᠦᠵᠢ᠂ ᠺᠣᠮᠢᠰᠰᠠᠷ ᠾᠧ ᠵᠦᠩ ᠵᠢᠦ ᠬᠤᠷᠠᠯ ᠳᠡᠭᠡᠷ᠎ᠡ ᠦᠭᠡ ᠬᠡᠯᠡᠪᠡ᠃   ᠬᠤᠷᠠᠯ ᠠᠴᠠ ᠡᠮᠦᠨ᠎ᠡ ᠾᠧ ᠯᠢ ᠹᠤᠩ ᠨᠠᠷ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠴᠡᠷᠢᠭ ᠤᠨ ᠬᠠᠷᠢᠭᠤᠴᠠᠯᠭᠠᠲᠠᠨ ᠨᠥᠬᠦᠳ᠂ ᠪᠢᠩᠲ᠋ᠤᠸᠠᠨ ᠤ ᠰᠢᠨ᠎ᠡ ᠬᠠᠭᠤᠴᠢᠨ ᠬᠠᠷᠢᠭᠤᠴᠠᠯᠭᠠᠲᠠᠨ ᠨᠥᠬᠦᠳ᠂ ᠠᠬᠠᠮᠠᠳ ᠪᠠᠶᠢᠯᠳᠤᠭᠴᠢ ᠵᠢᠴᠢ ᠬᠥᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢ᠂ ᠠᠵᠢᠯ ᠲᠦᠷᠦᠯ ᠤᠨ ᠰᠢᠰᠲᠤᠮ ᠢᠶᠠᠷ ᠪᠢᠩᠲ᠋ᠤᠸᠠᠨ ᠢ ᠲᠡᠮᠵᠢᠭᠰᠡᠨ ᠮᠤᠵᠢ ᠬᠤᠳᠠ ᠶᠢᠨ ᠲᠥᠯᠥᠭᠡᠯᠡᠭᠴᠢᠳ ᠲᠠᠢ ᠠᠭᠤᠯᠵᠠᠬᠰᠠᠨ ᠪᠦ᠋ᠭᠡᠳ ᠬᠠᠮᠳᠤ ᠶᠢᠨ ᠰᠡᠬᠦᠳᠡᠷ ᠲᠠᠳᠠᠭᠤᠯᠪᠠ᠃︵ᠰᠢᠨᠬᠤᠸᠠ ᠬᠤᠷᠢᠶ᠎ᠠ ᠶᠢᠨ ᠦᠷᠦᠮᠴᠢ ᠶᠢᠨ 10 ᠰᠠᠷ᠎ᠠ ᠶᠢᠨ 7 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号