ᠰᠢ ᠶᠢᠨ ᠫᠢᠩ ᠪᠤᠯᠤᠨ ᠰᠣᠯᠣᠩᠭᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠦᠨ ᠶᠢᠨ ᠵᠧᠩ ᠧᠨ ᠳᠤᠮᠳᠠᠳᠤ ᠰᠣᠯᠣᠩᠭᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/10/8
   10 ᠰᠠᠷ᠎ᠠ ᠶᠢᠨ 6 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠶᠡᠷᠦᠩᠬᠡᠶ ᠱᠦᠵᠢ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠠᠷᠤᠭ᠎ᠠ ᠶᠢᠨ ᠵᠧᠩ ᠧᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠪᠡ᠃   ᠰᠢ ᠶᠢᠨ ᠫᠢᠩ᠂ 75 ᠵᠢᠯ ᠤᠨ ᠡᠮᠦᠨ᠎ᠡ᠂ ᠳᠤᠮᠳᠠᠳᠤ ᠰᠣᠯᠣᠩᠭᠤᠰ ᠵᠢᠩᠬᠢᠨᠢ ᠪᠠᠷ ᠭᠠᠳᠠᠭᠠᠳᠤ ᠬᠠᠷᠢᠯᠴᠠᠭ᠎ᠠ ᠪᠠᠶᠢᠭᠤᠯᠵᠤ ᠂ ᠬᠤᠶᠠᠷ ᠤᠯᠤᠰ ᠤᠨ ᠬᠠᠷᠢᠯᠴᠠᠭᠠᠨ ᠤ ᠰᠢᠨ᠎ᠡ ᠲᠡᠦᠬᠡᠨ ᠬᠠᠭᠤᠳᠠᠰᠤ ᠶᠢ ᠨᠡᠬᠡᠭᠡᠭᠰᠡᠨ ᠨᠢ ᠴᠠᠭ ᠦᠶ᠎ᠡ ᠶᠢ ᠵᠠᠭᠠᠭᠯᠠᠭᠰᠠᠨ ᠴᠢᠬᠤᠯᠠ ᠠᠴᠢ ᠬᠤᠯᠪᠣᠭᠳᠠᠯ ᠲᠠᠢ ᠶᠤᠮ᠃ 75 ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ ᠠᠷᠠᠳ ᠤᠨ ᠵᠠᠰᠠᠭ ᠤᠨ ᠡᠷᠬᠡ ᠶᠢ ᠪᠠᠬᠢᠵᠢᠭᠦᠯᠬᠦ᠂ ᠤᠯᠤᠰ ᠤᠨ ᠡᠷᠬᠡ ᠮᠡᠳᠡᠯ ᠢᠶᠠᠨ ᠬᠠᠮᠠᠭᠠᠯᠠᠬᠤ ᠲᠡᠮᠡᠴᠡᠯ ᠳᠤᠮᠳᠠ ᠬᠠᠷᠢᠯᠴᠠᠨ ᠳᠡᠮᠵᠢᠯᠴᠡᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ᠂ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠵᠠᠮ ᠳᠡᠭᠡᠷ᠎ᠡ ᠭᠠᠷ ᠬᠤᠯᠪᠣᠨ ᠤᠷᠤᠭᠰᠢᠯᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠠᠬᠢᠭᠤᠯᠬᠤ᠂ ᠳᠡᠯᠡᠬᠡᠶ ᠶᠢᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠦᠢᠯᠡᠰ ᠳᠤᠮᠳᠠ ᠨᠢᠭᠲᠠ ᠬᠠᠮᠵᠢᠯᠴᠠᠪᠠ᠃ ᠳᠤᠮᠳᠠᠳᠤ ᠰᠣᠯᠣᠩᠭᠤᠰ ᠤᠨ ᠤᠯᠠᠮᠵᠢᠯᠠᠯᠲᠤ ᠨᠥᠬᠦᠷᠯᠡᠯ ᠴᠠᠭ ᠦᠶ᠎ᠡ ᠶᠢᠨ ᠬᠤᠪᠢᠷᠠᠯᠲᠠ ᠪᠣᠯᠤᠨ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ ᠡᠮᠦᠨ᠎ᠡ ᠰᠢᠯᠭᠠᠯᠲᠠ ᠶᠢ ᠲᠤᠭᠤᠯᠵᠥ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠡᠷᠬᠢᠮ ᠨᠠᠨᠳᠢᠨ ᠥᠪ ᠬᠦᠷᠦᠩᠬᠡ ᠪᠣᠯᠪᠠ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠪᠢ ᠳᠤᠮᠳᠠᠳᠤ ᠰᠣᠯᠣᠩᠭᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠤᠢᠢᠷ᠎ᠠ ᠶᠢᠨ ᠵᠢᠯ ᠤᠨ ᠲᠤᠷᠰᠢ ᠶᠡᠷᠦᠩᠬᠡᠢ ᠱᠦᠵᠢ ᠶᠢᠨ ᠵᠤᠩ ᠤᠨ ᠲᠠᠢ ᠤᠯᠠᠨ ᠤᠳᠠᠭ᠎ᠠ ᠠᠭᠤᠯᠵᠠᠯᠳᠠ ᠬᠢᠭᠰᠡᠨ ᠪᠥᠭᠡᠳ ᠵᠠᠬᠢᠳᠠᠯ ᠴᠠᠬᠢᠯᠭᠠᠨ ᠴᠢᠮᠡᠭᠡ ᠵᠡᠷᠭᠡ ᠪᠠᠷ ᠳᠠᠮᠵᠢᠭᠤᠯᠤᠨ ᠨᠢᠭᠲᠠ ᠤᠯᠤᠯᠴᠠᠭ᠎ᠠ ᠪᠠᠨ ᠪᠠᠲᠤᠯᠠᠵᠤ᠂ ᠳᠤᠮᠳᠠᠳᠤ ᠰᠣᠯᠣᠩᠭᠤᠰ ᠤᠨ ᠬᠠᠷᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠬᠠᠮᠲᠤ ᠪᠠᠷ ᠬᠦᠳᠦᠯᠥᠨ ᠳᠠᠭᠠᠭᠤᠯᠵᠤ ᠠᠬᠢᠭᠤᠯᠪᠠ᠃ ᠰᠢᠨ᠎ᠡ ᠴᠠᠭ ᠦᠶ᠎ᠡ ᠰᠢᠨ᠎ᠡ ᠪᠠᠶᠢᠳᠠᠯ ᠳᠣᠣᠷ᠎ᠠ᠂ ᠳᠤᠮᠳᠠᠳᠤ ᠤᠯᠤᠰ ᠳᠤᠷᠠᠲᠠᠶ᠎ᠠ ᠰᠣᠯᠣᠩᠭᠤᠰ ᠯᠤᠭ᠎ᠠ ᠬᠠᠮᠲᠤ ᠪᠠᠷ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠨᠥᠬᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠰᠣᠯᠣᠩᠭᠤᠰ ᠤᠨ ᠤᠯᠠᠮᠵᠢᠯᠠᠯᠲᠤ ᠨᠥᠬᠦᠷᠯᠡᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠵᠦ᠂ ᠬᠤᠶᠠᠷ ᠤᠯᠤᠰ ᠤᠨ ᠨᠡᠶᠢᠭᠡᠮ ᠵᠢᠷᠤᠮ ᠤᠨ ᠦᠢᠯᠡᠰ ᠤᠨ ᠲᠣᠭᠲᠠᠭᠤᠨ ᠢᠶᠠᠷ ᠬᠤᠯᠠ ᠠᠶᠠᠯᠠᠬᠤ ᠶᠢ ᠬᠠᠮᠲᠤ ᠪᠠᠷ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠳᠤᠷ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃   ᠶᠢᠨ ᠵᠧᠩ ᠧᠨ᠂ 75 ᠵᠢᠯ ᠤᠨ ᠡᠮᠦᠨ᠎ᠡ᠂ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠤᠰ ᠠᠷᠠᠳ ᠤᠯᠤᠰ ᠪᠣᠯᠤᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠵᠢᠩᠬᠢᠨᠢ ᠪᠠᠷ ᠭᠠᠳᠠᠭᠠᠳᠤ ᠬᠠᠷᠢᠯᠴᠠᠭ᠎ᠠ ᠪᠠᠶᠢᠭᠤᠯᠵᠤ᠂ ᠰᠣᠯᠣᠩᠭᠤᠰ ᠳᠤᠮᠳᠠᠳᠤ ᠶᠢᠨ ᠨᠥᠬᠦᠷᠰᠡᠭ ᠬᠠᠷᠢᠯᠴᠠᠭ᠎ᠠ ᠰᠢᠨ᠎ᠡ ᠲᠡᠦᠬᠡᠨ ᠬᠥᠭᠵᠢᠯᠲᠡ ᠶᠢᠨ ᠱᠠᠲᠤᠨ ᠳᠤ ᠣᠷᠣᠪᠠ᠃ 75 ᠵᠢᠯ ᠤᠨ ᠲᠤᠷᠰᠢ᠂ ᠬᠤᠶᠠᠷ ᠨᠠᠮ ᠬᠤᠶᠠᠷ ᠤᠯᠤᠰ ᠲᠤᠰ ᠪᠡᠶ᠎ᠡ ᠶᠢᠨ ᠠᠵᠢᠯ ᠦᠢᠯᠡᠰ ᠤᠨ ᠢᠶᠠᠨ ᠵᠦᠢ ᠶᠣᠰᠣᠴᠢ ᠴᠢᠨᠠᠷ ᠤᠨ ᠲᠤᠬᠠᠢ ᠡᠷᠡᠰ ᠪᠠᠲᠤ ᠢᠲᠡᠭᠡᠯ ᠪᠢᠰᠢᠷᠡᠯ ᠢ ᠪᠠᠷᠢᠮᠲᠠᠯᠠᠵᠤ᠂ ᠡᠯ᠎ᠡ ᠵᠦᠢᠯ ᠤᠨ ᠰᠢᠯᠭᠠᠯᠲᠠ ᠪᠠ ᠥᠷᠢᠰᠥᠯᠳᠦᠭᠡᠨ ᠢ ᠢᠯᠠᠨ ᠳᠠᠪᠠᠵᠤ᠂ ᠨᠡᠶᠢᠭᠡᠮ ᠵᠢᠷᠤᠮ ᠤᠨ ᠵᠠᠮ ᠢᠶᠠᠷ ᠡᠷᠡᠯᠬᠡᠭᠯᠡᠨ ᠤᠷᠤᠭᠰᠢᠯᠠᠪᠠ᠃ ᠥᠨᠢ ᠤᠳᠠᠭᠠᠨ ᠲᠡᠦᠬᠡ ᠲᠠᠢ ᠪᠥᠭᠡᠳ ᠰᠢᠯᠢᠳᠡᠭ ᠤᠯᠠᠮᠵᠢᠯᠠᠯ ᠲᠠᠢ ᠰᠣᠯᠣᠩᠭᠤᠰ ᠳᠤᠮᠳᠠᠳᠤ ᠶᠢᠨ ᠨᠥᠬᠦᠷᠯᠡᠯ ᠢ ᠦᠡᠭᠭᠡᠷᠡᠭᠰᠡᠨ ᠲᠠᠢ ᠪᠠᠨ ᠠᠳᠠᠯᠢ ᠪᠠᠷ ᠤᠯᠠᠮᠵᠢᠯᠡᠨ ᠬᠦᠭᠵᠢᠬᠦᠯᠬᠦ ᠨᠢ ᠬᠤᠶᠠᠷ ᠤᠯᠤᠰ ᠤᠨ ᠦᠨᠳᠦᠰᠦᠨ ᠠᠰᠢᠭ ᠲᠤᠰᠠ ᠲᠠᠢ ᠨᠡᠶᠢᠴᠡᠨ᠎ᠡ᠃ ᠰᠣᠯᠣᠩᠭᠤᠰ ᠤᠨ ᠨᠠᠮ ᠪᠣᠯᠤᠨ ᠵᠠᠰᠠᠭ ᠤᠨ ᠣᠷᠳᠣᠨ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠶᠣᠰᠣᠭᠠᠷ᠂ ᠰᠣᠯᠣᠩᠭᠤᠰ ᠳᠤᠮᠳᠠᠳᠤ ᠶᠢᠨ ᠨᠥᠬᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠲᠥᠯᠥᠭᠡ ᠦᠷᠭᠦᠯᠵᠢᠯᠡᠨ ᠴᠢᠷᠮᠠᠶᠢᠨ᠎ᠠ᠃ ᠳᠤᠮᠳᠠᠳᠤ ᠤᠯᠤᠰ ᠤᠨ ᠠᠷᠠᠳ ᠲᠦᠮᠡᠨ ᠶᠡᠷᠦᠩᠬᠡᠢ ᠱᠦᠵᠢ ᠰᠢ ᠶᠢᠨ ᠫᠢᠩ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠶᠠᠨ ᠳᠤ ᠲᠠᠰᠤᠷᠠᠯᠳᠠ ᠦᠭᠡᠢ ᠰᠢᠨ᠎ᠡ ᠠᠮᠵᠢᠯᠲᠠ ᠤᠯᠬᠤ ᠶᠢ ᠬᠦᠰᠡᠨ ᠵᠥᠩᠨᠡᠵᠦ ᠪᠠᠶᠢᠨ᠎ᠠ ᠭᠡᠵᠤ ᠢᠯᠡᠳᠭᠡᠪᠡ    ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 6 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号