ᠳᠥᠷᠥᠯᠵᠢ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠲᠤᠰᠬᠠᠢ ᠪᠠᠶᠢᠴᠠᠭᠠᠨ ᠵᠢᠯᠣᠭᠤᠳᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/9
   ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠰᠬᠠᠢ ᠪᠠᠶᠢᠴᠠᠭᠠᠨ ᠵᠢᠯᠣᠭᠤᠳᠬᠤ ᠬᠠᠮᠢᠶ᠎ᠠ ᠪᠦᠬᠦᠢ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ 10 ᠰᠠᠷ᠎ᠠ ᠶᠢᠨ 8 ᠤ ᠡᠳᠦᠷ ᠂ ᠳᠥᠷᠥᠯᠵᠢ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠰᠬᠠᠢ ᠪᠠᠶᠢᠴᠠᠭᠠᠨ ᠵᠢᠯᠣᠭᠤᠳᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠶᠠᠨ ᠹᠧᠩ ᠬᠤᠷᠠᠯ ᠢ ᠡᠷᠬᠢᠯᠡᠵᠦ᠂ ᠪᠦᠬᠦ ᠺᠠᠳ᠋ᠷ ᠠᠵᠢᠯᠲᠠᠨ᠂ ᠭᠠᠴᠠᠭᠠᠨ ᠤ ᠱᠦᠵᠢ᠂ ᠨᠢᠭᠡᠳᠦᠭᠡᠷ ᠱᠦᠵᠢ ᠣᠷᠣᠯᠴᠠᠪᠠ᠃    ᠬᠤᠷᠠᠯ ᠠᠴᠠ᠂ ᠨᠢᠭᠡ ᠳᠤ᠂ ᠲᠤᠭ᠎ᠠ ᠪᠠᠷᠢᠮᠲᠠ ᠶᠢᠨ ᠣᠨᠣᠪᠴᠢᠲᠠᠢ᠂ ᠳᠠᠩᠰᠠ ᠡᠪᠬᠡᠮᠡᠯ ᠤᠨ ᠮᠠᠲ᠋ᠧᠷᠢᠶᠠᠯ ᠪᠦᠷᠢᠨ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ᠃ ᠪᠠᠯᠭᠠᠰᠤ᠂ ᠭᠠᠴᠠᠭ᠎ᠠ ᠬᠤᠶᠠᠷ ᠱᠠᠲᠤᠨ ᠤ ᠬᠢᠨ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠠᠷᠢᠮᠵᠢᠶ᠎ᠠ ᠲᠠᠢ ᠬᠠᠷᠢᠴᠠᠭᠤᠯᠤᠨ ᠬᠠᠷᠭᠤᠭᠤᠯᠵᠤ᠂ ᠠᠵᠢᠯ ᠤᠨ ᠡᠬᠡ ᠳᠠᠩᠰᠠ ᠶᠢ ᠲᠡᠭᠦᠯᠳᠡᠷᠵᠢᠭᠦᠯᠦᠨ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ ᠠᠵᠤ ᠦᠢᠯᠡᠰ ᠤᠨ ᠲᠥᠷᠥᠯ ᠵᠦᠢᠯ ᠤᠨ ᠪᠠᠶᠢᠳᠠᠯ ᠵᠢᠴᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠭᠲᠠᠭᠠᠨ᠎ᠠ᠃ ᠱᠠᠭᠠᠷᠳᠠᠯᠭ᠎ᠠ ᠶᠣᠰᠣᠭᠠᠷ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠬᠤ ᠠᠵᠢᠯ ᠢ ᠥᠷᠨᠢᠭᠦᠯᠵᠦ᠂ ᠠᠵᠢᠯ ᠤᠨ ᠦᠷ᠎ᠡ ᠪᠦᠲᠦᠮᠵᠢ ᠶᠢ ᠭᠦᠢᠴᠡᠳ ᠢᠯᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ︔ ᠡᠭᠦᠨ ᠤ ᠬᠠᠮᠲᠤ ᠥᠩᠭᠡᠷᠡᠭᠰᠡᠨ ᠤ ᠥᠪᠡᠰᠦᠪᠡᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠵᠢᠴᠢ ᠪᠠᠭᠤᠷᠠᠢ ᠭᠤᠭᠴᠤᠭ᠎ᠠ ᠶᠢ ᠲᠣᠳᠣᠷᠬᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠬᠤᠶᠠᠷ ᠲᠤ᠂ ᠣᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠬᠤ ᠶᠢ ᠪᠠᠲᠤᠯᠠᠪᠠ᠃ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠣᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠵᠣᠯᠭᠠᠯᠴᠠᠭ᠎ᠠ ᠶᠢ ᠰᠠᠶᠢᠲᠤᠷ ᠬᠢᠬᠦ ᠬᠡᠷᠡᠭᠲᠡᠢ︔ ᠡᠯ᠎ᠡ ᠰᠠᠯᠠᠭ᠎ᠠ ᠮᠥᠴᠢᠷ ᠤᠨ ᠬᠤᠭᠤᠷᠣᠨᠳᠣ ᠴᠤ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ ᠪᠣᠯᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠠᠮᠢᠶ᠎ᠠ ᠪᠦᠬᠦᠢ ᠠᠵᠢᠯ ᠢ ᠥᠷᠨᠢᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号