ᠭᠤᠣᠯ ᠤᠨ ᠪᠠᠶᠢᠰᠢᠩ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠰᠬᠠᠢ ᠪᠠᠶᠢᠴᠠᠭᠠᠨ ᠵᠢᠯᠣᠭᠤᠳᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/9
   10 ᠰᠠᠷ᠎ᠠ ᠶᠢᠨ 9 ᠤ ᠡᠳᠦᠷ᠂ ᠭᠤᠣᠯ ᠤᠨ ᠪᠠᠶᠢᠰᠢᠩ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠰᠬᠠᠢ ᠪᠠᠶᠢᠴᠠᠭᠠᠨ ᠵᠢᠯᠣᠭᠤᠳᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠡᠯ᠎ᠡ ᠭᠠᠴᠠᠭᠠᠨ ᠤ ᠳᠠᠭᠠᠭᠠᠴᠢᠯᠠᠨ ᠠᠪᠤᠭᠰᠠᠨ ᠤᠳᠤᠷᠢᠳᠤᠯᠭ᠎ᠠ ᠂ ᠨᠢᠭᠡᠳᠦᠭᠡᠷ ᠱᠦᠵᠢ᠂ ᠭᠠᠴᠠᠭᠠᠨ ᠤ ᠱᠦᠵᠢ ᠬᠤᠷᠠᠯ ᠳᠤ ᠣᠷᠣᠯᠴᠠᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠰᠤᠷᠭᠠᠯᠲᠤ ᠬᠤᠷᠠᠯ ᠢ ᠡᠷᠬᠢᠯᠡᠪᠡ᠃    ᠬᠤᠷᠠᠯ ᠳᠡᠭᠡᠷ᠎ᠡ᠂ ᠬᠤᠰᠢᠭᠤᠨ ᠤ ︽ᠪᠦᠬᠦ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠲᠤᠰᠬᠠᠢ ᠪᠠᠶᠢᠴᠠᠭᠠᠯᠲᠠ ᠶᠢᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠠᠵᠢᠯ ᠤᠨ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ 2024 ᠣᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠤ ᠳᠠᠷᠠᠭᠠᠬᠢ ᠦᠨᠡᠯᠡᠨ ᠵᠢᠱᠢᠵᠦ ᠦᠨᠡᠯᠡᠨ ᠵᠢᠱᠢᠬᠦ ᠡᠭᠦᠷᠭᠡ ᠶᠢᠨ ᠵᠠᠳᠠᠯᠤᠯᠲᠠ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠲᠥᠰᠦᠯ︾ ᠢ ᠲᠠᠶᠢᠯᠪᠤᠷᠢᠯᠠᠬᠤ ᠶᠢᠨ ᠬᠠᠮᠲᠤ ᠪᠣᠳᠠᠲᠠᠢ ᠠᠵᠢᠯ ᠤᠨ ᠲᠤᠬᠠᠢ ᠨᠠᠷᠢᠨ ᠪᠠᠶᠢᠷᠢᠯᠠᠭᠤᠯᠤᠯᠲᠠ ᠬᠢᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠦᠬᠦ ᠠᠵᠢᠯᠲᠠᠨ ᠤ ᠬᠦᠴᠦᠨ ᠢ ᠳᠠᠶᠢᠴᠢᠯᠠᠵᠤ᠂ ᠲᠤᠭ᠎ᠠ ᠪᠠᠷᠢᠮᠲᠠ ᠶᠢᠨ ᠣᠨᠣᠪᠴᠢᠲᠠᠢ᠂ ᠳᠠᠩᠰᠠ ᠡᠪᠬᠡᠮᠡᠯ ᠤᠨ ᠮᠠᠲ᠋ᠧᠷᠢᠶᠠᠯ ᠪᠦᠷᠢᠨ ᠭᠦᠢᠴᠡᠳ ᠪᠠᠶᠢᠬᠤ ᠶᠢ ᠦᠨᠡᠨᠬᠦ ᠪᠠᠲᠤᠯᠠᠵᠤ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号