ᠭᠤᠣᠯ ᠤᠨ ᠪᠠᠶᠢᠰᠢᠩ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/9
    10 ᠰᠠᠷ᠎ᠠ ᠶᠢᠨ 9 ᠤ ᠡᠳᠦᠷ᠂ ᠭᠤᠣᠯ ᠤᠨ ᠪᠠᠶᠢᠰᠢᠩ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠡᠯ᠎ᠡ ᠭᠠᠴᠠᠭᠠᠨ ᠤ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠨᠢᠭᠡᠳᠦᠭᠡᠷ ᠱᠦᠵᠢ᠂ ᠭᠠᠴᠠᠭᠠᠨ ᠤ ᠱᠦᠵᠢ ᠬᠤᠷᠠᠯ ᠳᠤ ᠣᠷᠣᠯᠴᠠᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠰᠤᠷᠭᠠᠯᠲᠤ ᠬᠤᠷᠠᠯ ᠡᠷᠬᠢᠯᠡᠪᠡ᠃    ᠬᠤᠷᠠᠯ ᠳᠡᠭᠡᠷ᠎ᠡ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠥᠷᠢ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ᠂ ᠮᠠᠰᠢᠨ ᠴᠠᠬᠢᠯᠭᠠᠨ ᠬᠤᠳᠳᠤᠭ ᠢ ᠰᠡᠯᠪᠢᠨ ᠵᠠᠰᠠᠬᠤ᠂ ᠠᠷᠠᠳ ᠤᠨ ᠶᠠᠪᠤᠳᠠᠯ ᠤᠨ ᠠᠪᠤᠷᠠᠨ ᠲᠤᠰᠠᠯᠠᠯᠲᠠ ᠶᠢ ᠨᠡᠪᠲᠡᠷᠡᠭᠦᠯᠬᠦ᠂ ︽ᠬᠤᠶᠠᠷ ᠵᠦᠢᠯ ᠤᠨ ᠰᠦᠢᠳᠬᠡᠯ ᠬᠤᠷᠢᠶᠠᠬᠤ︾ ᠠᠵᠢᠯ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠵᠤ᠂ ᠲᠠᠬᠢᠨ ᠠᠬᠢᠭᠤᠯᠪᠠ᠃    ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠵᠦ᠂ ᠶᠡᠭᠡ ᠲᠠᠯ᠎ᠠ ᠶᠢᠨ ᠤᠬᠠᠮᠰᠠᠷ᠂ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠠᠵᠢᠯ ᠤᠨ ᠲᠥᠯᠥᠪᠵᠢᠭᠦᠯᠭᠡ ᠪᠠᠶᠢᠷᠢᠯᠠᠭᠤᠯᠤᠯᠲᠠ ᠶᠢ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠢ ᠥᠷᠨᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ︽ᠬᠤᠶᠠᠷ ᠵᠦᠢᠯ ᠤᠨ ᠰᠦᠢᠳᠬᠡᠯ ᠬᠤᠷᠢᠶᠠᠬᠤ︾ ᠠᠵᠢᠯ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠳᠤ ᠰᠢᠨ᠎ᠡ ᠰᠢᠪᠲᠤᠯᠤᠯᠲᠠ᠂ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠬᠤ ᠶᠢ ᠦᠨᠡᠨ ᠬᠦ ᠪᠠᠳᠤᠯᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号