︽ᠲᠠᠪᠤᠨ ᠠᠬᠠᠮᠠᠳ︾ ᠤᠨ ᠤᠬᠠᠭᠤᠯᠤᠨ ᠲᠠᠶᠢᠯᠪᠤᠷᠢᠯᠠᠯᠲᠠ ᠰᠤᠷᠭᠠᠭᠤᠯᠢ ᠶᠢᠨ ᠬᠦᠷᠢᠶᠡᠨ ᠳᠤ ᠣᠷᠣᠵᠤ ᠬᠠᠤᠯᠢ ᠪᠠᠷ ᠵᠠᠰᠠᠬᠤ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/9
   ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠢ ᠪᠠ ᠦᠰᠦᠨ ᠪᠤᠶᠢᠵᠢᠯᠲᠠ ᠶᠢᠨ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠥᠯᠥᠭᠡ᠂ 9 ᠰᠠᠷ᠎ᠠ ᠶᠢᠨ 27 ᠤ ᠡᠳᠦᠷ᠂ ᠪᠠᠶᠠᠨᠨᠠᠭᠤᠷ ᠰᠤᠮᠤ ᠶᠢᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ︽ᠲᠠᠪᠤᠨ ᠠᠬᠠᠮᠠᠳ︾ ᠤᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠰᠤᠷᠭᠠᠭᠤᠯᠢ ᠳᠤ ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ ᠡᠵᠡᠷᠬᠡᠬᠦ ᠬᠥᠮᠦᠵᠢᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ︽ᠲᠠᠪᠤᠨ ᠠᠬᠠᠮᠠᠳ︾ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠦᠨᠡᠨ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠡᠵᠡᠷᠬᠡᠬᠦ ᠬᠡᠷᠡᠭ ᠤᠨ ᠬᠤᠣᠷ ᠬᠥᠨᠥᠭᠡᠯ᠂ ᠬᠠᠯᠳᠠᠭᠰᠠᠨ ᠬᠠᠤᠯᠢ ᠴᠠᠭᠠᠵᠠ ᠶᠢᠨ ᠶᠠᠯ᠎ᠠ ᠬᠢᠭᠰᠡᠨ ᠨᠡᠷ᠎ᠡ ᠵᠢᠴᠢ ᠡᠭᠦᠷᠭᠡᠯᠡᠬᠦ ᠴᠢᠬᠤᠯᠠᠲᠠᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠠᠶᠢᠯᠪᠤᠷᠢᠯᠠᠨ ᠥᠭᠴᠦ᠂ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠡᠵᠡᠷᠬᠡᠭᠯᠡᠯ ᠢ ᠬᠡᠷᠬᠢᠨ ᠰᠡᠷᠭᠡᠶᠢᠯᠡᠬᠦ ᠪᠠ ᠠᠷᠭᠠᠴᠠᠵᠤ᠂ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠮᠠᠭᠤ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠶᠢ ᠵᠢᠭᠠᠵᠤ ᠥᠭᠪᠡ᠃ ᠳᠠᠷᠠᠭ᠎ᠠ ᠨᠢ᠂ ︽ᠲᠠᠪᠤᠨ ᠠᠬᠠᠮᠠᠳ︾ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠰᠤᠷᠤᠭᠴᠢᠳ ᠲᠤ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾᠂ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠨ ᠥᠭᠴᠦ᠂ ᠬᠡᠦᠬᠡᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠡᠷᠡᠭᠦᠯ ᠮᠡᠨᠳᠦ ᠪᠠᠷ ᠰᠦᠯᠵᠢᠶᠡᠨ ᠳᠤ ᠭᠠᠷᠴᠤ᠂ ᠡᠯ᠎ᠡ ᠲᠥᠷᠥᠯ ᠤᠨ ᠬᠠᠤᠯᠢ ᠪᠤᠰᠤ ᠬᠡᠪᠯᠡᠭᠳᠡᠬᠦᠨ ᠪᠠ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠤᠬᠠᠮᠰᠠᠷ ᠠᠴᠠ ᠪᠠᠨ ᠡᠰᠡᠷᠭᠦᠴᠡᠬᠦ ᠤᠬᠠᠮᠰᠠᠷ ᠢ ᠪᠣᠢ ᠪᠣᠯᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号