ᠲᠣᠰᠬᠤᠨ ᠳᠤ ᠰᠠᠭᠤᠵᠤ ᠬᠠᠪᠰᠤᠷᠤᠨ ᠲᠡᠳᠬᠦᠵᠦ ᠬᠥᠭᠵᠢᠯᠲᠡ ᠶᠢ ᠰᠦᠪᠡᠭᠴᠢᠯᠡᠨ ᠲᠣᠰᠬᠤᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/10/9
   ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠤᠶᠠᠷ ᠰᠤᠮᠤ ᠪᠠᠯᠭᠠᠰᠤᠨ ᠤ ᠲᠠᠷᠢᠵᠤ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠮᠠᠯᠴᠢᠨ ᠲᠠᠷᠢᠶᠠᠴᠢᠨ ᠤ ᠲᠠᠷᠢᠵᠤ ᠲᠡᠵᠢᠭᠡᠨ ᠦᠷᠡᠵᠢᠭᠦᠯᠬᠦ ᠴᠢᠳᠠᠪᠤᠷᠢ ᠬᠢᠭᠡᠳ ᠬᠢᠷᠢ ᠲᠦᠪᠰᠢᠨ ᠢ ᠬᠥᠭᠵᠢᠭᠡᠬᠦ ᠶᠢᠨ ᠲᠥᠯᠥᠭᠡ᠂ ᠣᠶᠢᠷ᠎ᠠ ᠳᠤ᠂ ᠬᠤᠸᠠ ᠳ᠋ᠧᠩ ᠭᠠᠴᠠᠭᠠᠨ ᠤ ᠬᠠᠪᠰᠤᠷᠤᠨ ᠲᠡᠳᠬᠦᠬᠦ ᠨᠢᠭᠡᠴᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠭᠠᠨ ᠬᠢᠭᠡᠳ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠲᠠᠨ᠂ ᠣᠢ ᠰᠢᠭᠤᠢ ᠡᠪᠡᠰᠦ ᠪᠡᠯᠴᠢᠭᠡᠷ ᠤᠨ ᠬᠤᠣᠷ ᠬᠥᠨᠥᠭᠡᠯ ᠲᠠᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠪᠦᠯᠬᠦᠮ ᠤᠨ ᠰᠢᠨᠵᠢᠯᠡᠭᠡᠨ ᠤ ᠳᠠᠭᠠᠭᠤᠯᠤᠭᠴᠢ ᠦ᠋ ᠰᠢᠤ ᠬᠤᠸᠠ ᠨᠥᠬᠦᠷ ᠢ ᠤᠷᠢᠵᠤ ᠬᠢᠴᠢᠶᠡᠯ ᠣᠷᠣᠭᠤᠯᠪᠠ᠃ ᠡᠯ᠎ᠡ ᠭᠠᠴᠠᠭᠠᠨ ᠤ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠨᠢᠭᠡᠳᠦᠭᠡᠷ ᠱᠦᠵᠢ᠂ ᠭᠠᠴᠠᠭᠠᠨ ᠤ ᠱᠦᠵᠢ᠂ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ᠂ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠤᠨ ᠪᠦᠷᠢᠯᠳᠦᠬᠦᠨ᠂ ︽ᠰᠢᠶᠣᠤ ᠵᠢᠩ ᠮᠠᠶ᠋ᠢᠭ︾ ᠤᠨ ᠬᠥᠳᠡᠭᠡ ᠲᠣᠰᠬᠤᠨ ᠤ ᠠᠵᠤ ᠦᠢᠯᠡᠰ ᠤᠨ ᠳᠠᠭᠠᠭᠤᠯᠤᠭᠴᠢ ᠣᠷᠣᠯᠴᠠᠵᠠᠢ᠃    ᠬᠤᠷᠠᠯ ᠳᠡᠭᠡᠷ᠎ᠡ᠂ ᠦ᠋ ᠰᠢᠤ ᠬᠤᠸᠠ ᠯᠧᠺᠲ᠋ᠣᠷ ᠠᠮᠢᠳᠤᠯᠢᠭ ᠳᠦᠷᠰᠦᠯᠢᠭ᠂ ᠬᠢᠯᠪᠠᠷ ᠣᠶᠢᠯᠠᠭᠠᠮᠵᠢᠲᠠᠢ ᠢᠯᠡᠳᠬᠡᠬᠦ ᠠᠷᠭ᠎ᠠ ᠮᠠᠶ᠋ᠢᠭ ᠢᠶᠠᠷ ᠤᠯᠠᠭᠠᠨ ᠬᠤᠷᠣᠬᠠᠢ ᠶᠢᠨ ᠣᠷᠣ ᠦᠢᠯᠡᠳᠬᠦ᠂ ᠴᠢᠭᠢᠭ ᠤᠨ ᠤᠯᠠᠭᠠᠨ ᠬᠤᠷᠣᠬᠠᠢ ᠶᠢᠨ ᠲᠥᠷᠥᠯ ᠢ ᠲᠠᠯᠪᠢᠬᠤ᠂ ᠲᠠᠯᠪᠢᠵᠤ ᠲᠡᠵᠢᠭᠡᠬᠦ ᠮᠡᠷᠭᠡᠵᠢᠯ᠂ ᠡᠳᠦᠷ ᠲᠤᠲᠤᠮ ᠤᠨ ᠬᠠᠮᠢᠶᠠᠷᠤᠯᠲᠠ᠂ ᠡᠪᠡᠳᠴᠢᠨ ᠤ ᠬᠥᠨᠥᠭᠡᠯ ᠢ ᠰᠡᠷᠭᠡᠶᠢᠯᠡᠨ ᠵᠠᠰᠠᠬᠤ᠂ ᠲᠡᠭᠦᠵᠦ ᠬᠤᠷᠢᠶᠠᠬᠤ ᠪᠠ ᠡᠳ᠋ᠰᠢᠭᠦᠯᠬᠦ ᠵᠡᠷᠭᠡ ᠲᠠᠯ᠎ᠠ ᠪᠠᠷ ᠴᠢᠭᠢᠭ ᠤᠨ ᠤᠯᠠᠭᠠᠨ ᠬᠤᠷᠣᠬᠠᠢ ᠶᠢ ᠲᠡᠵᠢᠭᠡᠨ ᠦᠷᠡᠵᠢᠭᠦᠯᠬᠦ ᠲᠤᠰᠬᠠᠢ ᠮᠡᠷᠭᠡᠵᠢᠯ ᠢ ᠨᠠᠷᠢᠨ ᠲᠠᠨᠢᠯᠴᠠᠭᠤᠯᠵᠤ᠂ ᠲᠤᠬᠠᠢ ᠶᠢᠨ ᠲᠠᠯᠠᠪᠠᠢ ᠳᠤ ᠮᠠᠯᠵᠢᠬᠤ ᠲᠠᠷᠢᠶᠠᠯᠠᠬᠤ ᠡᠷᠦᠬᠡ ᠲᠠᠢ ︽ᠨᠢᠭᠡ ᠳᠤ ᠨᠢᠭᠡ︾ ᠶᠢᠨ ᠰᠡᠵᠢᠭᠯᠡᠯ ᠢ ᠲᠠᠶᠢᠯᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠴᠢᠭᠢᠭ ᠤᠨ ᠤᠯᠠᠭᠠᠨ ᠬᠤᠷᠣᠬᠠᠢ ᠶᠢ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠲᠣᠮᠣ ᠡᠭᠦᠳᠡ ᠶᠢ ᠨᠡᠭᠡᠭᠡᠵᠦ᠂ ᠬᠥᠭᠵᠢᠯᠲᠡ ᠶᠢᠨ ᠰᠡᠳᠬᠢᠮᠵᠢ ᠶᠢ ᠲᠣᠳᠣᠷᠬᠠᠶᠢᠯᠠᠨ᠂ ᠵᠢᠵᠢᠭ ᠴᠢᠭᠢᠭ ᠤᠨ ᠤᠯᠠᠭᠠᠨ ᠬᠤᠷᠣᠬᠠᠢ ᠪᠠᠷ ᠡᠷᠭᠢᠯᠲᠡᠲᠦ ᠠᠵᠤ ᠠᠬᠤᠢ ᠶᠢᠨ ᠰᠢᠨ᠎ᠡ ᠠᠵᠤ ᠦᠢᠯᠡᠰ ᠢ ᠠᠬᠢᠭᠤᠯᠵᠤ᠂ ᠠᠮᠢ ᠠᠬᠤᠢ᠂ ᠠᠵᠤ ᠠᠬᠤᠢ ᠪᠠ ᠨᠡᠶᠢᠭᠡᠮ ᠤᠨ ︽ᠭᠤᠷᠪᠠᠨ ᠴᠢᠬᠤᠯᠠ ᠦᠷ᠎ᠡ ᠠᠰᠢᠭ︾ ᠢ ᠬᠦᠴᠦᠯᠡᠨ ᠪᠡᠶᠡᠯᠡᠭᠦᠯᠪᠡ᠃    ᠬᠤᠷᠠᠯ ᠤᠨ ᠳᠠᠷᠠᠭ᠎ᠠ᠂ ᠬᠤᠶᠠᠷᠰᠤᠮᠤ ᠪᠠᠯᠭᠠᠰᠤ ᠬᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠵᠤ ᠠᠮᠢ ᠠᠬᠤᠢ ᠶᠢᠨ ᠴᠢᠭᠢᠭ ᠤᠨ ᠤᠯᠠᠭᠠᠨ ᠬᠤᠷᠣᠬᠠᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠴᠡᠭ ᠲᠤ ᠭᠦᠨᠵᠡᠭᠡᠶᠢᠷᠡᠨ ᠲᠤᠬᠠᠢ ᠶᠢᠨ ᠲᠠᠯᠠᠪᠠᠢ ᠳᠤ ᠵᠢᠭᠠᠨ ᠰᠤᠷᠭᠠᠯᠲᠠ ᠬᠢᠵᠦ᠂ ᠬᠤᠷᠠᠯ ᠳᠤ ᠣᠷᠣᠯᠴᠠᠭᠰᠠᠳ ᠤᠨ ᠭᠠᠷ ᠬᠥᠳᠡᠯᠵᠦ ᠠᠵᠢᠯᠯᠠᠬᠤ ᠴᠢᠳᠠᠪᠤᠷᠢ ᠶᠢ ᠨᠡᠮᠡᠭᠳᠡᠭᠦᠯᠵᠡᠢ᠃ ᠳᠠᠷᠠᠭ᠎ᠠ ᠨᠢ ᠵᠤᠤ ᠱᠠ ᠭᠠᠴᠠᠭ᠎ᠠ ᠶᠢᠨ 50 ᠮᠦ ᠳᠤᠮᠳᠠ ᠳᠣᠣᠷ᠎ᠠ ᠤᠨᠠᠯᠲᠠ ᠲᠠᠢ ᠲᠠᠷᠢᠶᠠᠨ ᠭᠠᠵᠠᠷ ᠤᠨ ᠲᠡᠵᠢᠭᠡᠯ ᠡᠪᠡᠰᠦ ᠲᠠᠷᠢᠬᠤ ᠶᠢ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠲᠣᠭᠤᠷᠢᠭ ᠲᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ᠲᠠᠶᠢᠯᠪᠤᠷᠢᠯᠠᠬᠤ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ ᠡᠭᠦᠯᠳᠡᠷ ᠢ ᠲᠠᠨᠢᠯᠴᠠᠭᠤᠯᠬᠤ ᠵᠡᠷᠭᠡ ᠪᠠᠷ ᠬᠤᠷᠠᠯ ᠳᠤ ᠣᠷᠣᠯᠴᠠᠭᠰᠠᠳ ᠲᠤ ᠡᠯ᠎ᠡ ᠲᠡᠵᠢᠭᠡᠯ ᠡᠪᠡᠰᠦ ᠪᠣᠷᠳᠣᠭᠠᠨ ᠤ ᠳᠠᠪᠠᠭᠤᠯᠢᠭ ᠪᠣᠯᠤᠨ ᠤᠨᠠᠯᠲᠠ ᠶᠢ ᠨᠠᠷᠢᠨ ᠣᠶᠢᠯᠠᠭᠠᠭᠤᠯᠵᠤ᠂ ᠢᠯᠡ ᠲᠣᠳᠣ ᠬᠠᠷᠢᠴᠠᠭᠤᠯᠤᠯ ᠢ ᠪᠦᠷᠢᠯᠳᠦᠭᠦᠯᠵᠦ᠂ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠬᠤ ᠶᠢ ᠳᠡᠯᠭᠡᠷᠡᠭᠦᠯᠬᠦ᠂ ᠲᠡᠵᠢᠭᠡᠨ ᠦᠷᠡᠵᠢᠭᠦᠯᠬᠦ ᠡᠷᠦᠬᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠳᠤ ᠰᠠᠭᠤᠷᠢ ᠲᠠᠯᠪᠢᠵᠤ ᠥᠭᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号