ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ ᠰᠡᠷᠭᠡᠶᠢᠯᠡᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/10/9
   ︽ᠤᠯᠤᠰ ᠤᠨ ᠪᠠᠶᠠᠷ︾ ᠪᠣᠯ ᠪᠢᠳᠡᠨ ᠤ ᠣᠨᠴᠠᠭᠠᠢ ᠪᠠᠶᠠᠷ ᠤᠨ ᠡᠳᠦᠷ ᠮᠥᠨ᠂ ᠪᠠᠰᠠ ᠴᠤ ᠪᠢᠳᠡᠨ ᠤ ᠠᠮᠠᠷᠠᠯᠲᠠ ᠶᠢᠨ ᠵᠢᠭᠤᠯᠴᠢᠯᠠᠯ ᠤᠨ ᠣᠷᠭᠢᠯ ᠢ ᠤᠭᠲᠤᠬᠤ ᠴᠠᠭ ᠮᠥᠴᠡ ᠮᠥᠨ᠂ ᠡᠨᠡ ᠵᠢᠯ ᠮᠠᠨ ᠤ ᠬᠤᠰᠢᠭᠤᠨ ᠤ ᠬᠤᠷ᠎ᠠ ᠪᠣᠷᠣᠭᠠᠨ ᠡᠯᠪᠡᠭ ᠪᠥᠭᠡᠳ ᠤᠰᠤ ᠡᠪᠡᠰᠦ ᠡᠯᠪᠡᠭ ᠪᠠᠶᠢᠵᠤ᠂ ᠬᠡᠭᠡᠷ᠎ᠡ ᠶᠢᠨ ᠤᠷᠭᠤᠮᠠᠯ ᠢᠭᠴᠤ ᠰᠠᠬᠤᠯᠢᠭ ᠪᠠᠶᠢᠵᠤ᠂ ᠮᠠᠨ ᠤ ᠵᠢᠭᠤᠯᠴᠢᠯᠠᠯ ᠳᠤ ᠦᠵᠡᠰᠬᠦᠯᠡᠩᠲᠦ ᠰᠠᠶᠢᠬᠠᠨ ᠦᠵᠡᠮᠵᠢ ᠨᠡᠮᠡᠷᠢᠯᠡᠭᠰᠡᠨ ᠢᠶᠠᠷ ᠪᠠᠷᠠᠬᠤ ᠦᠭᠡᠢ᠂ ᠪᠠᠰᠠ ᠴᠤ ᠮᠠᠨ ᠤ ᠭᠠᠯ ᠰᠡᠷᠭᠡᠶᠢᠯᠡᠬᠦ ᠠᠵᠢᠯ ᠳᠤ ᠪᠠᠭ᠎ᠠ ᠪᠤᠰᠤ ᠳᠠᠷᠤᠯᠲᠠ ᠨᠡᠮᠡᠭᠳᠡᠭᠦᠯᠦᠭᠰᠡᠨ ᠪᠠᠶᠢᠨ᠎ᠠ᠃ ᠭᠤᠶᠣ ᠦᠵᠡᠮᠵᠢ ᠨᠢ ᠬᠡᠳᠦ᠋ᠢᠪᠡᠷ ᠰᠠᠶᠢᠨ ᠪᠣᠯᠪᠠᠴᠤ ᠭᠠᠯ ᠢ ᠰᠡᠷᠭᠡᠶᠢᠯᠡᠬᠦ ᠠᠮᠤᠷ ᠲᠦᠪᠰᠢᠨ ᠨᠢ ᠨᠡᠩ ᠴᠢᠬᠤᠯᠠ ᠶᠤᠮ᠃ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠴᠠ ᠪᠣᠯᠤᠭᠰᠠᠨ ᠡᠯ᠎ᠡ ᠲᠥᠷᠥᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠡᠷᠡᠭ ᠪᠠᠶᠢᠨ ᠳᠠᠬᠢᠨ ᠭᠠᠷᠴᠤ᠂ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠪᠠ᠃ ︽ᠤᠯᠤᠰ ᠤᠨ ᠪᠠᠶᠠᠷ ᠤᠨ ᠠᠮᠤᠷ ᠠᠮᠤᠭᠤᠯᠠᠩ︾ ᠢ ᠦᠨᠡᠨ ᠬᠦ ᠪᠠᠲᠤᠯᠠᠬᠤ ᠶᠢᠨ ᠲᠥᠯᠥᠭᠡ᠂ ᠪᠢᠳᠡ ᠨᠡᠶᠢᠭᠡᠮ ᠤᠨ ᠡᠯ᠎ᠡ ᠡᠲᠡᠭᠡᠳ ᠤᠨ ᠵᠣᠬᠢᠶᠠᠨ ᠪᠠᠶᠢᠭᠤᠯᠤᠯᠲᠠ᠂ ᠪᠦᠯᠬᠦᠮ ᠵᠢᠴᠢ ᠲᠣᠰᠬᠤᠨ ᠤ ᠠᠷᠠᠳ ᠨᠠᠶᠢᠵᠢ ᠨᠠᠷ ᠲᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄    1. ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠵᠤ᠂ ᠭᠠᠯ ᠰᠡᠷᠭᠡᠶᠢᠯᠡᠬᠦ ᠦᠵᠡᠯ ᠤᠬᠠᠮᠰᠠᠷ ᠢᠶᠠᠨ ᠴᠢᠩᠭᠠᠷᠠᠭᠤᠯᠬᠤ ᠬᠡᠷᠡᠭᠲᠡᠢ᠃ ᠣᠢ ᠰᠢᠭᠤᠢ ᠨᠤᠲᠤᠭ ᠪᠡᠯᠴᠢᠭᠡᠷ ᠪᠣᠯ ᠡᠬᠡ ᠬᠠᠭᠤᠷᠠᠢ ᠶᠢᠨ ᠠᠮᠢ ᠠᠬᠤᠢ ᠶᠢᠨ ᠰᠢᠰᠲ᠋ᠧᠮ ᠤᠨ ᠭᠤᠣᠯ ᠴᠣᠭᠴᠠ ᠪᠣᠯᠬᠤ ᠪᠥᠭᠡᠳ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠶᠢᠨ ᠰᠠᠭᠤᠷᠢ ᠪᠣᠯᠤᠨ᠎ᠠ᠃ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠪᠣᠯ ᠨᠢᠭᠡ ᠵᠦᠢᠯ ᠤᠨ ᠡᠭᠦᠰᠦᠭᠰᠡᠨ ᠬᠡᠪᠴᠢᠶ᠎ᠡ ᠨᠢ ᠥᠷᠭᠡᠨ᠂ ᠭᠡᠨᠡᠳᠲᠡ ᠶᠢᠨ ᠴᠢᠨᠠᠷ ᠢᠶᠠᠷ ᠴᠢᠩᠭ᠎ᠠ᠂ ᠬᠤᠣᠷ ᠬᠥᠨᠥᠭᠡᠯᠲᠦ ᠴᠢᠨᠠᠷ ᠢᠶᠠᠷ ᠶᠡᠭᠡ᠂ ᠰᠢᠢᠳᠪᠦᠷᠢᠯᠡᠵᠦ ᠠᠪᠤᠷᠠᠨ ᠲᠤᠰᠠᠯᠠᠬᠤ ᠳᠤ ᠲᠦᠢᠯ ᠤᠨ ᠬᠦᠴᠢᠷᠲᠡᠢ ᠶᠤᠮ᠂ ᠪᠠᠶᠢᠭᠠᠯᠢ ᠶᠢᠨ ᠭᠠᠮᠰᠢᠭ ᠨᠢ ᠣᠯᠠᠨ ᠵᠢᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠪᠣᠯᠤᠨ ᠬᠡᠳᠦᠨ ᠦᠶ᠎ᠡ ᠶᠢᠨ ᠬᠥᠮᠦᠰ ᠢ ᠰᠢᠷᠭᠠᠭᠤ ᠬᠠᠲᠠᠭᠤᠵᠢᠯᠲᠠᠢ ᠴᠢᠷᠮᠠᠶᠢᠨ ᠪᠤᠶᠢᠵᠢᠭᠤᠯᠤᠭᠰᠠᠨ ᠣᠢ ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠢ ᠡᠪᠳᠡᠯᠡᠭᠡ ᠳᠤ ᠤᠴᠠᠷᠠᠭᠤᠯᠬᠤ ᠪᠠᠷ ᠪᠠᠷᠠᠬᠤ ᠦᠭᠡᠢ᠂ ᠠᠶᠢᠯ ᠲᠣᠰᠬᠤᠨ ᠢ ᠰᠢᠲᠠᠭᠠᠵᠤ ᠰᠦᠢᠳᠬᠡᠭᠰᠡᠨ ᠴᠦ ᠴᠢᠨᠠᠭᠰᠢᠯᠠᠪᠠᠯ ᠬᠥᠮᠦᠨ ᠬᠠᠷ᠎ᠠ ᠦᠬᠦᠵᠦ ᠰᠢᠷᠬᠠᠲᠤᠭᠰᠠᠨ ᠪᠠᠶᠢᠨ᠎ᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠡᠷᠴᠢᠮ ᠴᠢᠩᠭᠠᠷᠠᠬᠤ ᠶᠢ ᠳᠠᠭᠠᠯᠳᠤᠨ᠂ ᠣᠢ ᠰᠢᠭᠤᠢ ᠨᠤᠲᠤᠭ ᠪᠡᠯᠴᠢᠭᠡᠷ ᠤᠨ ᠲᠠᠯᠠᠪᠠᠢ ᠶᠡᠭᠡ ᠪᠠᠷ ᠨᠡᠮᠡᠭᠳᠡᠭᠰᠡᠨ ᠪᠥᠭᠡᠳ ᠪᠦᠬᠦ ᠪᠥᠮᠪᠥᠷᠴᠡᠭ ᠤᠨ ᠠᠭᠤᠷ ᠠᠮᠢᠰᠬᠤᠯ ᠬᠡᠪ ᠤᠨ ᠪᠤᠰᠤ ᠪᠣᠯᠵᠣ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠲᠣᠬᠢᠶᠠᠯᠳᠤᠮᠵᠢ ᠥᠨᠳᠥᠷ ᠪᠣᠯᠤᠭᠰᠠᠨ ᠪᠥᠭᠡᠳ ᠳᠡᠭᠡᠭᠰᠢᠯᠡᠬᠦ ᠬᠠᠨᠳᠤᠰᠢ ᠲᠠᠢ ᠪᠣᠯᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠠᠮᠢ ᠠᠬᠤᠢ ᠶᠢᠨ ᠰᠢᠰᠲ᠋ᠧᠮ ᠤᠨ ᠠᠮᠤᠷ ᠲᠦᠪᠰᠢᠨ ᠢ ᠬᠦᠨᠳᠦ ᠨᠣᠴᠢᠲᠠᠢ ᠬᠤᠬᠢᠷᠠᠭᠤᠯᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠦᠷᠳᠡᠭᠦᠯᠵᠦ᠂ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠨ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠴᠢᠩᠭ᠎ᠠ ᠰᠡᠷᠭᠡᠶᠢᠯᠡᠵᠦ᠂ ᠪᠣᠬᠢᠷᠲᠤᠯ ᠦᠭᠡᠢ ᠭᠡᠷ ᠣᠷᠣᠨ ᠢ ᠪᠦᠲᠦᠭᠡᠨ ᠪᠠᠶᠢᠭᠤᠯᠬᠤ ᠪᠣᠯ ᠪᠢᠳᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃    2. ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠰᠠᠬᠢᠵᠤ᠂ ᠪᠣᠯᠪᠠᠰᠤᠨ ᠢᠶᠠᠷ ᠵᠢᠭᠤᠯᠴᠢᠯᠠᠬᠤ ᠶᠢ ᠰᠠᠨᠠᠭᠠᠴᠢᠯᠠᠬᠤ ᠬᠡᠷᠡᠭᠲᠡᠢ᠃ ᠣᠶᠢᠲᠤ ᠣᠷᠣᠨ ᠳᠤ ᠣᠴᠢᠵᠤ ᠪᠣᠯᠬᠤ ᠦᠭᠡᠢ᠂ ᠠᠭᠤᠯᠠᠨ ᠣᠷᠣᠨ ᠳᠤ ᠦᠨᠡᠰᠦ ᠰᠢᠲᠠᠭᠠᠵᠤ ᠪᠣᠷᠳᠣᠭᠤᠷ ᠴᠤᠭᠯᠠᠭᠤᠯᠬᠤ᠂ ᠠᠲᠠᠷ ᠰᠢᠲᠠᠭᠠᠬᠤ᠂ ᠰᠢᠨᠠ ᠠᠰᠠᠭᠠᠬᠤ ᠦᠭᠡᠢ ᠪᠥᠭᠡᠳ ᠰᠢᠭᠤᠶᠢᠲᠤ ᠣᠷᠣᠨ ᠳᠤ ᠣᠩᠭᠤᠨ ᠳᠡᠭᠡᠷ᠎ᠡ ᠪᠠᠨ ᠴᠠᠭᠠᠰᠤ ᠰᠢᠲᠠᠭᠠᠬᠤ᠂ ᠬᠦᠵᠢ ᠠᠰᠠᠭᠠᠬᠤ᠂ ᠯᠠ ᠠᠰᠠᠭᠠᠬᠤ᠂ ᠫᠤᠤᠵᠢᠩ ᠲᠠᠯᠪᠢᠵᠤ ᠪᠣᠯᠬᠤ ᠦᠭᠡᠢ︔ ᠣᠶᠢᠲᠤ ᠣᠷᠣᠨ ᠳᠤ ᠲᠠᠮᠠᠬᠢ ᠲᠠᠲᠠᠬᠤ᠂ ᠬᠡᠭᠡᠷ᠎ᠡ ᠶᠢᠨ ᠭᠠᠯ᠂ ᠭᠠᠯ᠂ ᠭᠠᠯ ᠤᠨ ᠭᠡᠷᠡᠯ ᠢᠶᠠᠷ ᠭᠡᠷᠡᠯᠲᠦᠭᠦᠯᠭᠡ ᠬᠢᠵᠦ ᠪᠣᠯᠬᠤ ᠦᠭᠡᠢ᠂ ᠰᠢᠭᠤᠶᠢᠲᠤ ᠣᠷᠣᠨ ᠳᠤ ᠨᠡᠭᠦᠷᠡᠰᠦ ᠬᠠᠭᠠᠯᠵᠤ ᠲᠦᠯᠡᠬᠦ ᠪᠠ ᠲᠦᠯᠡᠰᠢ ᠲᠦᠯᠡᠵᠦ ᠪᠣᠯᠬᠤ ᠦᠭᠡᠢ︔ ᠰᠢᠭᠤᠶᠢᠲᠤ ᠣᠷᠣᠨ ᠳᠤ ᠳᠤᠷ᠎ᠠ ᠪᠠᠷ ᠵᠥᠭᠡᠭᠡᠪᠦᠷᠢᠯᠡᠬᠦ᠂ ᠲᠦᠯᠡᠬᠦ ᠵᠡᠷᠭᠡ ᠠᠮᠠᠷᠬᠠᠨ ᠨᠣᠴᠣᠬᠤ ᠠᠵᠢᠯ ᠬᠢᠵᠦ ᠪᠣᠯᠬᠤ ᠦᠭᠡᠢ︔ ᠰᠢᠭᠤᠶᠢᠲᠤ ᠣᠷᠣᠨ ᠳᠤ ᠳᠤᠷ᠎ᠠ ᠪᠠᠷ ᠣᠴᠢᠵᠤ ᠪᠣᠯᠬᠤ ᠦᠭᠡᠢ ᠂ ᠬᠡᠭᠡᠷ᠎ᠡ ᠳᠤᠷ᠎ᠠ ᠪᠠᠷ ᠢᠶᠠᠨ ᠰᠢᠭᠤᠶᠢᠲᠤ ᠣᠷᠣᠨ ᠳᠤ ᠣᠴᠢᠵᠤ ᠭᠠᠯ ᠨᠠᠭᠠᠳᠬᠤ ᠶᠢ ᠵᠥᠪᠰᠢᠶᠡᠷᠡᠬᠦ ᠦᠭᠡᠢ᠂ ᠣᠶᠢᠲᠤ ᠣᠷᠣᠨ ᠳᠤ ᠬᠡᠭᠡᠷ᠎ᠡ ᠶᠢᠨ ᠬᠤᠨᠤᠭ᠂ ᠵᠢᠭᠤᠯᠴᠢᠯᠠᠯ᠂ ᠲᠠᠬᠢᠯᠭ᠎ᠠ᠂ ᠰᠦᠮ᠎ᠡ ᠶᠢᠨ ᠬᠤᠷᠠᠯ ᠬᠢᠬᠦ ᠦᠶ᠎ᠡ ᠳᠤ ᠭᠠᠯ ᠬᠡᠷᠡᠭᠯᠡᠵᠦ ᠪᠣᠯᠬᠤ ᠦᠭᠡᠢ᠃    3. ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠤᠬᠠᠮᠰᠠᠷ ᠠᠴᠠ ᠪᠠᠨ ᠬᠠᠤᠯᠢ ᠬᠡᠷᠡᠭᠵᠢᠭᠦᠯᠵᠦ ᠬᠠᠤᠯᠢ ᠶᠢ ᠰᠠᠬᠢᠬᠤ ᠬᠡᠷᠡᠭᠲᠡᠢ᠃ 9 ᠰᠠᠷ᠎ᠠ ᠶᠢᠨ 15 ᠤ ᠡᠳᠦᠷ ᠮᠠᠨ ᠤ ᠬᠤᠰᠢᠭᠤ ᠨᠢᠭᠡᠨᠲᠡ ᠭᠠᠯ ᠰᠡᠷᠭᠡᠶᠢᠯᠡᠬᠦ ᠬᠤᠭᠤᠴᠠᠭᠠᠨ ᠳᠤ ᠣᠷᠣᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠂ ᠮᠠᠨ ᠤ ᠪᠣᠬᠢᠷᠲᠤᠯ ᠦᠭᠡᠢ ᠭᠡᠷ ᠣᠷᠣᠨ ᠢᠶᠠᠨ ᠰᠠᠶᠢᠲᠤᠷ ᠬᠠᠮᠠᠭᠠᠯᠠᠬᠤ ᠶᠢᠨ ᠲᠥᠯᠥᠭᠡ᠂ ᠥᠷᠭᠡᠨ ᠣᠯᠠᠨ ᠠᠷᠠᠳ ᠲᠦᠮᠡᠨ ᠡᠷᠭᠢᠨ ᠲᠣᠭᠤᠷᠢᠨ ᠤ ᠲᠥᠷᠥᠯ ᠰᠠᠳᠤᠨ ᠨᠠᠶᠢᠵᠠ ᠨᠥᠬᠦᠳ ᠲᠤ ᠣᠢ ᠰᠢᠭᠤᠢ ᠨᠤᠲᠤᠭ ᠪᠡᠯᠴᠢᠭᠡᠷ ᠢ ᠬᠠᠮᠠᠭᠠᠯᠠᠬᠤ ᠶᠢᠨ ᠴᠢᠬᠤᠯᠠ ᠴᠢᠨᠠᠷ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠤᠣᠷ ᠬᠥᠨᠥᠭᠡᠯᠲᠦ ᠴᠢᠨᠠᠷ ᠢ ᠢᠳᠡᠪᠬᠢᠲᠡᠢ ᠤᠬᠠᠭᠤᠯᠬᠤ ᠬᠡᠷᠡᠭᠲᠡᠢ᠃ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠭᠠᠷᠤᠮᠠᠭᠴᠠ ᠭᠠᠯ ᠲᠦᠢᠮᠡᠷ ᠤᠨ ᠪᠠᠶᠢᠳᠠᠯ ᠤᠨ ᠲᠦᠭᠰᠢᠭᠦᠷᠢ ᠮᠡᠳᠡᠭᠡᠯᠡᠬᠦ ᠤᠲᠠᠰᠤ ᠶᠢ ᠳᠠᠷᠤᠢ ᠲᠦᠷᠭᠡᠨ ᠤᠲᠠᠰᠤᠳᠠᠭᠠᠷᠠᠢ 96119 ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠪᠣᠯᠪᠠᠰᠤᠷᠠᠯ ᠬᠦᠷᠲᠡᠭᠰᠡᠨ ᠦᠭᠡᠢ ᠬᠥᠮᠦᠰ ᠰᠢᠭᠤᠳ ᠭᠠᠯ ᠤᠨᠲᠠᠷᠠᠭᠠᠬᠤ ᠳᠤ ᠣᠷᠣᠯᠴᠠᠵᠤ ᠪᠣᠯᠬᠤ ᠦᠭᠡᠢ᠃    ᠪᠢᠳᠡ ᠭᠠᠷ ᠬᠤᠯᠪᠣᠯᠴᠠᠨ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠬᠠᠷᠢᠭᠤᠴᠠᠯᠭ᠎ᠠ ᠪᠠ ᠡᠭᠦᠷᠭᠡ ᠪᠠᠨ ᠰᠠᠶᠢᠲᠤᠷ ᠭᠦᠢᠴᠡᠳᠬᠡᠵᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠬᠥᠮᠦᠨ ᠲᠥᠷᠥᠯᠬᠢᠲᠡᠨ ᠤ ᠰᠠᠶᠢᠨ ᠰᠠᠶᠢᠬᠠᠨ ᠭᠡᠷ ᠣᠷᠣᠨ ᠢ ᠡᠪᠳᠡᠬᠦ ᠲᠣᠬᠢᠶᠠᠯ ᠢ ᠠᠯᠳᠠᠭᠤᠯᠵᠤ᠂ ᠨᠠᠰᠤ ᠨᠥᠭᠴᠢᠭᠰᠡᠳ ᠪᠠ ᠲᠥᠷᠥᠭᠰᠡᠨ ᠬᠥᠮᠦᠰ ᠲᠤ ᠬᠥᠬᠡ ᠠᠭᠤᠯᠠ ᠬᠥᠬᠡᠮᠳᠦᠭ ᠤᠰᠤ ᠡᠳ᠋ᠯᠡᠭᠦᠯᠵᠦ᠂ ᠤᠯᠠᠮ ᠠᠴᠠ ᠤᠯᠠᠮ ᠡᠯᠪᠡᠭ ᠪᠠᠶᠠᠯᠢᠭ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠨᠡᠶᠢᠭᠡᠮ ᠳᠠᠶᠠᠭᠠᠷ ᠲᠤ ᠡᠳ᠋ᠯᠡᠬᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号