ᠠᠶᠢᠮᠠᠭ ᠤᠨ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠾᠧ ᠶᠦᠨ ᠹᠧᠩ ᠨᠠᠷ ᠭᠤᠣᠯ ᠤᠨ ᠪᠠᠶᠢᠰᠢᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/10/9
   10 ᠰᠠᠷ᠎ᠠ ᠶᠢᠨ 9 ᠤ ᠡᠳᠦᠷ᠂ ᠠᠶᠢᠮᠠᠭ ᠤᠨ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠾᠧ ᠶᠦᠨ ᠹᠧᠩ ᠨᠠᠷ ᠭᠤᠣᠯ ᠤᠨ ᠪᠠᠶᠢᠰᠢᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠯᠢᠶᠠᠨ ᠵᠤᠸᠠᠩ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠰᠤᠷᠭᠠᠯᠲᠤ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠵᠤ ᠰᠣᠯᠢᠯᠴᠠᠬᠤ ᠵᠡᠷᠭᠡ ᠬᠡᠯᠪᠡᠷᠢ ᠪᠠᠷ ᠮᠠᠨ ᠤ ᠪᠠᠯᠭᠠᠰᠤᠨ ᠤ ᠢᠯᠡ ᠪᠠᠶᠢᠭ᠎ᠠ ᠡᠯᠡᠰᠦᠷᠬᠡᠭ ᠭᠠᠵᠠᠷ ᠤᠨ ᠦᠨᠳᠦᠰᠦᠨ ᠪᠠᠶᠢᠳᠠᠯ᠂ ᠵᠠᠰᠠᠯᠲᠠ ᠶᠢᠨ ᠠᠷᠭ᠎ᠠ ᠬᠡᠮᠵᠢᠶ᠎ᠡ᠂ ᠵᠠᠰᠠᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠳᠠᠷᠠᠭᠠᠴᠢ ᠶᠢᠨ ᠬᠠᠮᠢᠶᠠᠷᠴᠤ ᠬᠠᠮᠠᠭᠠᠯᠠᠭᠰᠠᠨ ᠪᠠᠶᠢᠳᠠᠯ ᠢ ᠨᠠᠷᠢᠨ ᠣᠶᠢᠯᠠᠭᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠳᠤ ᠢᠯᠠᠯᠲᠠ ᠣᠯᠬᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠰᠢᠰᠲ᠋ᠧᠮ ᠲᠠᠢ ᠲᠥᠯᠥᠪᠵᠢᠭᠦᠯᠬᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠶᠢ ᠪᠠᠷᠢᠮᠲᠠᠯᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠬᠤ ᠬᠡᠷᠡᠭᠲᠡᠢ᠃ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠡᠯ᠎ᠡ ᠲᠥᠷᠥᠯ ᠤᠨ ᠡᠬᠢ ᠪᠠᠶᠠᠯᠢᠭ ᠢ ᠰᠠᠶᠢᠲᠤᠷ ᠨᠡᠶᠢᠳᠬᠡᠵᠦ᠂ ᠪᠡᠯᠡ ᠮᠥᠩᠭᠦ᠂ ᠤᠰᠤᠨ ᠤ ᠡᠬᠢ ᠪᠠᠶᠠᠯᠢᠭ᠂ ᠦᠷ᠎ᠡ ᠴᠢᠬᠢ ᠵᠡᠷᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠳᠤᠯᠠᠵᠤ᠂ ᠠᠮᠢ ᠠᠬᠤᠢ ᠶᠢᠨ ᠰᠡᠷᠭᠦᠭᠡᠯᠲᠡ ᠶᠢᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠡᠷᠴᠢᠮ ᠢ ᠴᠢᠩᠭᠠᠳᠬᠠᠵᠤ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠬᠦᠯᠬᠦ ᠭᠡᠷᠡᠭᠲᠡᠢ ᠬᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号