ᠮᠠᠨ ᠤ ᠤᠷᠤᠨ ᠤ ᠠᠩᠬᠠᠳᠠᠭᠴᠢ ᠬᠠᠷᠭᠠᠨ᠎ᠠ ᠶᠢᠨ ᠨᠡᠶᠢᠭᠡᠮᠯᠢᠭ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/10/9
   ᠦᠪᠡᠷᠲᠡᠭᠡᠨ ᠵᠠᠰᠠᠬᠤ ᠤᠷᠤᠨ ᠤ ᠠᠩᠬᠠᠳᠠᠭᠴᠢ ᠬᠠᠷᠭᠠᠨ᠎ᠠ ᠶᠢᠨ ᠨᠡᠶᠢᠭᠡᠮᠯᠢᠭ ᠤᠯᠠᠭᠠᠨᠴᠠᠪ ᠬᠤᠲᠠ ᠳᠤ ᠤᠶᠢᠷ᠎ᠠ ᠳᠤ ᠪᠠᠶᠢᠭᠤᠯᠤᠭᠳᠠᠵᠤ᠂ ᠬᠠᠷᠭᠠᠨ᠎ᠠ ᠶᠢᠨ ᠡᠬᠢ ᠪᠠᠶᠠᠯᠢᠭ ᠤᠨ ᠬᠦᠭᠵᠢᠯᠲᠡ ᠳᠤ ᠰᠢᠨ᠎ᠠ ᠪᠠᠷᠢᠮᠵᠢᠶ᠎ᠠ ᠲᠠᠢ ᠪᠤᠯᠤᠭᠰᠠᠨ ᠢ ᠬᠠᠷᠠᠭᠤᠯᠪᠠ᠃ ᠤᠯᠠᠭᠠᠨᠴᠠᠪ ᠬᠤᠲᠠ ᠶᠢᠨ 8 ᠬᠠᠷᠭᠠᠨ᠎ᠠ ᠶᠢᠨ ᠠᠵᠤ ᠠᠬᠤᠶᠢᠯᠠᠯ ᠨᠢ 22 ᠬᠠᠷᠭᠠᠨ᠎ᠠ ᠪᠤᠯᠪᠠᠰᠤᠷᠠᠭᠤᠯᠬᠤ ᠠᠵᠤ ᠠᠬᠤᠶᠢᠯᠠᠯ ᠲᠠᠢ ᠬᠠᠮᠳᠤᠷᠠᠨ᠂ ︽ᠤᠯᠠᠭᠠᠨᠴᠠᠪ ᠬᠤᠲᠠ ᠶᠢᠨ ᠬᠠᠷᠭᠠᠨ᠎ᠠ ᠶᠢᠨ ᠠᠵᠤ ᠤᠶᠢᠯᠡᠰ ᠤᠨ ᠰᠢᠨ᠎ᠠ ᠶᠢ ᠡᠭᠦᠳᠬᠦ ᠬᠦᠭᠵᠢᠯᠲᠡ ᠶᠢᠨ ᠨᠡᠶᠢᠭᠡᠮᠯᠢᠭ︾ ᠢ ᠪᠠᠶᠢᠭᠤᠯᠪᠠ᠃   ᠬᠠᠷᠭᠠᠨ᠎ᠠ ᠪᠤᠯ ᠨᠢᠭᠡ ᠵᠦᠢᠯ ᠤᠨ ᠤᠯᠠᠨ ᠬᠡᠷᠡᠭᠴᠡᠭᠡᠲᠤ ᠤᠷᠭᠤᠮᠠᠯ ᠤᠨ ᠡᠬᠢ ᠪᠠᠶᠠᠯᠢᠭ ᠪᠤᠯᠤᠭᠰᠠᠨ ᠤ ᠬᠤᠪᠢ ᠳᠤ ᠲᠡᠬᠦᠨ ᠤ ᠠᠵᠤ ᠤᠶᠢᠯᠠᠰ ᠤᠨ ᠬᠡᠯᠬᠢᠶ᠎ᠠ ᠨᠢ ᠲᠦᠭᠦᠭᠡᠢ ᠮᠠᠲ᠋ᠧᠷᠢᠶᠠᠯ ᠲᠠᠷᠢᠵᠤ ᠡᠳ᠋ᠰᠢᠭᠦᠯᠬᠦ᠂ ᠲᠡᠵᠢᠭᠡᠯ ᠪᠤᠷᠳᠤᠭ᠎ᠠ ᠤᠶᠢᠯᠠᠳᠪᠤᠷᠢᠯᠡᠬᠦ᠂ ᠡᠷᠡᠬᠦᠯ ᠮᠡᠨᠳᠤ ᠶᠢᠨ ᠢᠳᠡᠭᠡᠨ ᠢ ᠰᠤᠳᠤᠯᠤᠨ ᠨᠡᠭᠡᠭᠡᠬᠦ ᠵᠡᠷᠭᠡ ᠤᠯᠠᠨ ᠬᠦᠷᠢᠶ᠎ᠠ ᠴᠠᠷᠠᠭ᠎ᠠ ᠳᠤ ᠬᠤᠯᠪᠤᠭᠳᠠᠵᠤ ᠪᠠᠶᠢᠳᠠᠭ᠃ ᠲᠤᠰ ᠨᠡᠶᠢᠭᠡᠮᠯᠢᠭ ᠤᠨ ᠪᠠᠶᠢᠭᠤᠯᠤᠭᠳᠠᠭᠰᠠᠨ ᠨᠢ ᠮᠠᠨ ᠤ ᠤᠷᠤᠨ ᠤ ᠬᠠᠷᠭᠠᠨ᠎ᠠ ᠶᠢᠨ ᠠᠵᠤ ᠤᠶᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠠᠷ ᠲᠤᠤᠷ᠎ᠠ᠂ ᠠᠵᠤ ᠤᠶᠢᠯᠡᠰ ᠤᠨ ᠬᠡᠯᠬᠢᠶ᠎ᠠ ᠲᠠᠭᠦᠯᠳᠡᠷᠵᠢᠭᠡᠳᠦᠢ᠂ ᠵᠠᠬ᠎ᠠ ᠲᠡᠯᠭᠡᠭᠦᠷ ᠤᠨ ᠨᠡᠭᠡᠭᠡᠨ ᠬᠦᠭᠵᠢᠭᠦᠯᠦᠯᠲᠡ ᠬᠦᠷᠦᠯᠴᠠᠬᠦ ᠦᠭᠡᠢ ᠵᠡᠷᠭᠡ ᠠᠰᠠᠭᠤᠳᠠᠯ ᠢ ᠰᠶᠢᠳᠪᠤᠷᠢᠯᠡᠬᠦ ᠳᠤ ᠲᠦᠯᠬᠢᠴᠠ ᠤᠶᠢᠯᠠᠳᠦᠯ ᠦᠵᠡᠭᠦᠯᠬᠦ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号