ᠮᠠᠨ ᠤ ᠤᠷᠤᠨ ᠡᠯᠧᠺᠲᠷᠣᠨ ᠬᠥᠳᠡᠯᠮᠦᠷᠢ ᠶᠢᠨ ᠭᠡᠷ᠎ᠡ ᠶᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ ᠪᠠᠶᠢᠨ᠎ᠠ
ᠨᠡᠶᠢᠲᠡᠯᠡᠭᠰᠡᠨ ᠴᠠᠭ᠄
2024/10/9
  ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠤᠶᠢᠯᠠᠭᠠᠭᠰᠠᠨ ᠢᠶᠠᠷ᠂ 2023 ᠣᠨ ᠠᠴᠠ ᠨᠠᠭᠠᠰᠢ ᠮᠠᠨ ᠤ ᠤᠷᠤᠨ ᠬᠥᠳᠡᠯᠮᠦᠷᠢ ᠶᠢᠨ ᠭᠡᠷ᠎ᠡ ᠶᠢᠨ ᠪᠥᠬᠦ ᠶᠠᠪᠤᠴᠠ ᠶᠢᠨ ᠡᠯᠧᠺᠲᠷᠤᠨᠴᠢᠯᠠᠬᠰᠠᠨ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠡᠯᠧᠺᠲᠷᠣᠨ ᠬᠥᠳᠡᠯᠮᠦᠷᠢ ᠶᠢᠨ ᠭᠡᠷ᠎ᠡ ᠶᠢ ᠬᠥᠬᠡᠬᠤᠲᠠ᠂ ᠦᠬᠠᠶ᠂ ᠣᠷᠳᠣᠰ᠂ ᠤᠯᠠᠭᠠᠨᠬᠠᠳᠠ ᠪᠠ ᠲᠦᠩᠯᠢᠶᠣᠤ ᠵᠡᠷᠭᠡ 5 ᠲᠤᠷᠰᠢᠯᠲᠠ ᠶᠢᠨ ᠴᠡᠭ ᠤᠨ ᠠᠶᠢᠮᠠᠭ ᠬᠤᠲᠠ ᠪᠠᠶᠢᠭᠰᠠᠨ ᠠᠴᠠ ᠤᠲᠤᠬᠠᠨ ᠪᠤᠯᠲᠠᠯ᠎ᠠ ᠪᠥᠬᠦ ᠣᠷᠣᠨ ᠳᠤ ᠳᠡᠯᠭᠡᠷᠡᠭᠦᠯᠦᠨ ᠬᠡᠷᠡᠭᠯᠡᠵᠦ᠂ 12 ᠠᠶᠢᠮᠠᠭ ᠬᠤᠲᠠ᠂ 103 ᠬᠤᠰᠢᠭᠤ ᠰᠢᠶᠠᠨ ᠢ ᠬᠠᠮᠤᠷᠬᠤ ᠶᠢ ᠪᠡᠶᠡᠯᠡᠭᠦᠯᠵᠦ᠂ ᠪᠥᠬᠦ ᠣᠷᠣᠨ ᠳᠤ ᠨᠢᠭᠡᠨᠲᠡ 65.5 ᠲᠦᠮᠡᠨ ᠬᠤᠪᠢ ᠡᠯᠧᠺᠲᠷᠣᠨ ᠬᠥᠳᠡᠯᠮᠦᠷᠢ ᠶᠢᠨ ᠭᠡᠷ᠎ᠡ ᠲᠣᠭᠲᠠᠵᠤ᠂ 1.27 ᠲᠦᠮᠡᠨ ᠦᠢᠯᠡᠴᠢᠯᠡᠭᠡᠨ ᠤ ᠠᠵᠤ ᠠᠬᠤᠶᠢᠯᠠᠯ ᠲᠠᠢ ᠪᠣᠯᠪᠠ᠃   ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠡᠷᠡᠭᠯᠡᠭᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠲᠠᠯ ᠤᠨ ᠦᠢᠯᠠᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠤᠪᠴᠢᠶ᠎ᠠ ᠶᠢᠨ ᠬᠡᠷᠠᠴᠢᠯᠡᠭᠡ ᠬᠢᠬᠦ ᠦᠢᠯᠠᠴᠢᠯᠡᠬᠡᠨ ᠤ ᠰᠢᠰᠲ᠋ᠧᠮ ᠳᠤ ᠭᠦᠢᠴᠡᠳ ᠲᠦᠰᠢᠭᠯᠡᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠠᠪᠴᠠᠩ ᠳᠤ ᠡᠯᠧᠺᠲᠷᠣᠨ ᠬᠥᠳᠡᠯᠮᠦᠷᠢ ᠶᠢᠨ ᠭᠡᠷ᠎ᠡ ᠶᠢᠨ ᠦᠢᠯᠡᠴᠢᠯᠡᠭᠡᠨ ᠤ ᠴᠢᠳᠠᠮᠵᠢ ᠨᠡᠮᠡᠵᠤ᠂ ᠰᠦᠯᠵᠢᠶᠡᠨ ᠳᠡᠭᠡᠷᠡᠬᠢ ᠪᠠ ᠪᠤᠲᠠᠲᠤ ᠴᠤᠭᠴᠠ ᠶᠢ ᠵᠡᠷᠭᠡ ᠪᠠᠷ ᠠᠵᠢᠯᠯᠠᠭᠤᠯᠬᠤ ᠭᠡᠷ᠎ᠡ ᠲᠣᠭᠲᠠᠭᠠᠬᠤ ᠶᠠᠪᠤᠴᠠ ᠶᠢ ᠲᠣᠭᠲᠠᠭᠠᠠ᠂ ᠰᠦᠢᠳᠭᠡᠯ ᠬᠤᠷᠢᠶᠠᠬᠤ ᠦᠭᠡᠢ ᠪᠠᠷ ᠡᠯᠧᠺᠲᠷᠣᠨ ᠲᠠᠮᠠᠭ᠎ᠠ ᠲᠣᠬᠢᠷᠠᠭᠤᠯᠬᠤ᠂ ᠬᠥᠳᠡᠯᠮᠦᠷᠢ ᠶᠢᠨ ᠭᠡᠷ᠎ᠡ ᠲᠣᠭᠲᠠᠬᠤ᠂ ᠬᠦᠴᠤᠨ ᠦᠬᠡᠢ ᠪᠤᠯᠭᠠᠬᠤ᠂ ᠦᠷᠭᠦᠯᠵᠢᠯᠡᠨ ᠬᠡᠷ᠎ᠠ ᠲᠤᠭᠲᠠᠬᠤ᠂ ᠬᠤᠪᠢᠷᠠᠭᠤᠯᠬᠤ᠂ ᠳᠠᠩᠰᠠᠯᠠᠬᠤ᠂ ᠪᠠᠶᠢᠴᠠᠭᠠᠨ ᠠᠰᠠᠭᠤᠬᠤ ᠪᠦᠬᠦ ᠶᠠᠪᠤᠴᠠ ᠶᠢᠨ ᠡᠯᠤᠺᠲᠷᠤᠨᠴᠢᠯᠠᠯᠳᠠ ᠶᠢ ᠪᠠᠶᠠᠯᠡᠬᠦᠯᠵᠤ᠂ ᠬᠥᠮᠦᠨ ᠬᠡᠷᠡᠭᠯᠡᠬᠦ ᠨᠢᠭᠡᠴᠢ ᠪᠣᠯᠤᠨ ᠬᠥᠳᠡᠯᠮᠦᠷᠢᠴᠢᠨ ᠵᠠᠰᠠᠭ ᠤᠨ ᠣᠷᠳᠣᠨ ᠤ ᠨᠡᠭᠡᠭᠡᠭᠰᠡᠨ ᠰᠦᠢᠳᠭᠡᠯ ᠬᠤᠷᠢᠶᠠᠬᠤ ᠦᠭᠡᠢ ᠡᠯᠧᠺᠲᠷᠣᠨ ᠬᠥᠳᠡᠯᠮᠦᠷᠢ ᠶᠢᠨ ᠭᠡᠷ᠎ᠡ ᠶᠢᠨ ᠲᠠᠪᠴᠠᠩ ᠢᠶᠠᠷ ᠳᠠᠮᠵᠢᠨ ᠭᠡᠷ᠎ᠡ ᠲᠣᠭᠲᠠᠬᠤ ᠶᠢ ᠪᠡᠶᠡᠯᠡᠭᠦᠯᠬᠦ᠂ ᠠᠵᠢᠯᠲᠠᠨ ᠡᠯᠰᠡᠬᠦ ᠶᠢ ᠨᠡᠶᠢᠲᠡᠯᠡᠬᠦ᠂ ᠠᠵᠢᠯᠴᠢᠨ ᠬᠡᠷᠡᠭᠯᠡᠬᠦ ᠶᠢ ᠳᠠᠩᠰᠠᠯᠠᠬᠤ ᠵᠡᠷᠭᠡ 24 ᠵᠦᠢᠯ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠵᠦᠢᠯᠡᠰ ᠵᠢᠴᠢ ᠭᠡᠷ᠎ᠡ ᠶᠢ ᠪᠠᠶᠢᠴᠠᠭᠠᠨ ᠯᠠᠪᠯᠠᠬᠤ᠂ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠬᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠨᠥᠬᠦᠪᠥᠷᠢ ᠣᠯᠭᠤᠬᠤ ᠵᠡᠷᠭᠡ 22 ᠵᠦᠢᠯ ᠤᠨ ᠬᠤᠪᠢ ᠬᠥᠮᠦᠨ ᠤ ᠦᠢᠯᠡᠴᠢᠯᠡᠭᠡᠨ ᠤ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠭᠡᠵᠦ︾᠂ ︽ᠠᠯᠠᠭᠠᠨ ᠳᠡᠭᠡᠷ᠎ᠡ ᠪᠠᠨ ᠪᠠᠶᠢᠴᠠᠭᠠᠬᠤ︾ ᠶᠢ ᠪᠠᠶᠠᠯᠡᠬᠦᠯᠵᠠᠢ᠃   ᠡᠭᠦᠨ ᠤ ᠬᠠᠮᠲᠤ᠂ ᠲᠤᠬᠠᠶᠢᠯᠠᠭᠰᠠᠨ ᠠᠵᠢᠯ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠵᠤ ᠬᠤᠯᠪᠣᠭᠠᠯᠠᠨ ᠬᠥᠳᠡᠯᠦᠯᠴᠡᠬᠦ ᠶᠢ ᠲᠠᠰᠤᠷᠠᠯᠲᠠ ᠥᠬᠡᠶ ᠴᠢᠩᠭᠠᠳᠬᠠᠵᠤ᠂ ᠡᠯᠧᠺᠲᠷᠣᠨ ᠬᠥᠳᠡᠯᠮᠦᠷᠢ ᠶᠢᠨ ᠭᠡᠷ᠎ᠡ ᠲᠣᠭᠲᠠᠬᠤ᠂ ᠬᠦᠴᠦᠨ ᠥᠬᠡᠶ ᠪᠣᠯᠭᠠᠬᠤ ᠬᠢᠭᠡᠳ ᠠᠵᠢᠯ ᠣᠯᠤᠭᠰᠠᠨ ᠠᠵᠢᠯ ᠠᠯᠳᠠᠭᠰᠠᠨ ᠢ ᠳᠡᠩᠰᠡᠯᠡᠨ ᠲᠡᠮᠳᠡᠭᠯᠡᠬᠦ᠂ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠢ ᠳᠡᠩᠰᠡᠯᠡᠨ ᠲᠡᠮᠳᠡᠭᠯᠡᠬᠦ᠂ ᠠᠵᠢᠯ ᠠᠴᠠ ᠪᠣᠯᠤᠭᠰᠠᠨ ᠭᠡᠮᠲᠦᠯ ᠤᠨ ᠭᠡᠷᠡᠴᠢ ᠪᠠᠷᠢᠮᠲᠠ ᠶᠢ ᠴᠤᠭᠯᠠᠭᠤᠯᠬᠤ ᠵᠡᠷᠭᠡ 18 ᠵᠦᠢᠯ ᠤᠨ ᠥᠨᠳᠥᠷ ᠳᠠᠪᠲᠠᠮᠵᠢᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠵᠢᠴᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠬᠤ ᠵᠡᠷᠭᠡ ᠲᠤᠬᠠᠶᠢᠯᠠᠭᠰᠠᠨ ᠠᠵᠢᠯ ᠯᠤᠭ᠎ᠠ ᠬᠠᠷᠢᠯᠴᠠᠨ ᠬᠤᠯᠪᠣᠵᠤ᠂ ᠡᠯ᠎ᠡ ᠬᠦᠷᠢᠶᠡᠨ ᠤ ᠲᠤᠬᠠᠶᠢᠯᠠᠭᠰᠠᠨ ᠠᠵᠢᠯ ᠤᠨ ᠠᠬᠤᠶ ᠪᠠᠶᠢᠳᠠᠯ ᠤᠨ ᠭᠦᠨᠵᠡᠭᠡᠶ ᠠᠭᠤᠰᠤᠯᠴᠠᠬᠤ ᠶᠢ ᠠᠬᠢᠭᠤᠯᠤᠨ᠂ ᠠᠵᠤ ᠠᠬᠤᠶᠢᠯᠠᠯ ᠪᠠ ᠬᠥᠳᠡᠯᠮᠦᠷᠢᠴᠢᠳ ᠤᠨ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠭᠥᠷᠳᠡᠬᠦ ᠳᠤ ᠲᠥᠬᠦᠮ ᠦᠵᠡᠭᠦᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号