ᠦᠶᠡᠷ ᠤᠨ ᠬᠤᠭᠤᠴᠠᠭᠠᠨ ᠳᠤ ᠪᠥᠬᠦ ᠣᠷᠣᠨ ᠳᠤ ᠶᠡᠭᠡ ᠬᠡᠪᠴᠢᠶ᠎ᠡ ᠪᠠᠷ ᠵᠠᠮ ᠬᠠᠷᠢᠯᠴᠠᠭ᠎ᠠ ᠲᠠᠰᠤᠷᠠᠭᠰᠠᠨ ᠪᠠᠶᠢᠳᠠᠯ ᠭᠠᠷᠤᠭᠰᠠᠨ ᠦᠭᠡᠶ
ᠨᠡᠶᠢᠲᠡᠯᠡᠭᠰᠡᠨ ᠴᠠᠭ᠄
2024/10/9
   ᠡᠨᠡ ᠵᠢᠯ ᠤᠨ ᠦᠶᠡᠷ ᠤᠨ ᠬᠤᠭᠤᠴᠠᠭᠠᠨ ᠳᠤ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ︽ᠭᠤᠷᠪᠠ ᠶᠢ ᠬᠠᠮᠢᠶᠠᠷᠴᠤ ᠭᠤᠷᠪᠠ ᠶᠢ ᠨᠠᠶᠢᠳᠠᠪᠤᠷᠢᠵᠢᠭᠤᠯᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠮ ᠬᠠᠷᠢᠯᠴᠠᠭᠠᠨ ᠤ ᠠᠶᠤᠯ ᠠᠴᠠ ᠠᠪᠤᠷᠠᠵᠤ ᠪᠠᠲᠤᠯᠠᠨ ᠨᠡᠪᠲᠡᠷᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠤ᠂ ᠬᠡᠳᠦ᠋ᠢᠪᠡᠷ 48 ᠬᠡᠰᠡᠭ ᠲᠦᠷᠭᠡᠨ ᠤ ᠵᠠᠰᠠᠮᠠᠯ ᠵᠠᠮ᠂ 1141 ᠬᠡᠰᠡᠭ ᠤᠯᠤᠰ ᠤᠨ ᠪᠠ ᠮᠤᠵᠢ ᠶᠢᠨ ᠭᠤᠤᠯ ᠵᠠᠮ ᠱᠤᠭᠤᠮ᠂ 603 ᠬᠡᠰᠡᠭ ᠬᠥᠳᠡᠭᠡ ᠲᠣᠰᠬᠤᠨ ᠤ ᠵᠠᠰᠠᠮᠠᠯ ᠵᠠᠮ ᠢ ᠪᠠᠭᠳᠠᠭᠠᠭᠰᠠᠨ ᠨᠡᠶᠢᠲᠡ 1792 ᠬᠡᠰᠡᠭ ᠵᠠᠰᠠᠮᠠᠯ ᠵᠠᠮ ᠦᠶᠡᠷ ᠤᠰᠤᠨ ᠳᠤ ᠡᠪᠳᠡᠭᠳᠡᠭᠰᠡᠨ ᠪᠤᠯᠪᠠᠴᠦ ᠶᠡᠭᠡ ᠬᠡᠪᠴᠢᠶ᠎ᠡ ᠪᠠᠷ ᠵᠠᠮ ᠬᠠᠷᠢᠯᠴᠠᠭ᠎ᠠ ᠲᠠᠰᠤᠷᠠᠭᠰᠠᠨ ᠪᠠᠶᠢᠳᠠᠯ ᠭᠠᠷᠤᠭᠰᠠᠨ ᠦᠭᠡᠶ᠃   ᠦᠪᠡᠷᠳᠡᠬᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠠᠬᠡᠬᠡᠪᠤᠷᠢ ᠶᠢᠨ ᠲᠢᠩᠬᠢᠮ ᠠᠴᠠ ᠤᠶᠢᠯᠠᠭᠠᠭᠰᠠᠨ ᠢᠶᠠᠷ᠂ ᠮᠠᠨ ᠤ ᠤᠷᠤᠨ 3 ᠰᠠᠷ᠎ᠠ ᠠᠴᠠ ᠡᠬᠢᠯᠡᠨ ᠦᠶᠡᠷ ᠤᠨ ᠬᠤᠭᠤᠴᠠᠭᠠᠨ ᠤ ᠡᠮᠦᠨᠡᠬᠢ ᠡᠯ᠎ᠡ ᠵᠦᠢᠯ ᠤᠨ ᠠᠵᠢᠯ ᠢ ᠭᠠᠷᠲᠠᠨ ᠪᠡᠯᠡᠳᠭᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠵᠠᠰᠠᠮᠠᠯ ᠵᠠᠮ ᠤᠨ ᠡᠵᠡᠩᠨᠡᠯᠲᠡ ᠵᠡᠷᠭᠡ ᠬᠦᠷᠢᠶᠡᠨ ᠳᠠᠬᠢ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠨ ᠳᠢᠭᠯᠡᠵᠦ᠂ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 2438 ᠬᠡᠮ ᠰᠤᠭᠤᠭ ᠢ ᠪᠠᠶᠢᠴᠠᠭᠠᠨ ᠭᠠᠷᠭᠠᠵᠤ᠂ ᠡᠯ᠎ᠡ ᠲᠥᠷᠥᠯ ᠤᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠭᠦᠢᠴᠡᠳ ᠪᠡᠯᠡᠳᠭᠡᠨ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢᠨ ᠬᠦᠴᠦᠨ ᠢ ᠲᠡᠭᠦᠯᠳᠡᠷᠵᠢᠭᠦᠯᠵᠤ᠂ ᠪᠦᠬᠦ ᠣᠷᠣᠨ ᠳᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ 611 ᠡᠩᠨᠡᠭᠡ ᠶᠢ ᠪᠠᠶᠢᠭᠤᠯᠤᠨ᠂ 11771 ᠬᠥᠮᠦᠨ᠂ 4562 ᠮᠠᠰᠢᠨ ᠲᠡᠷᠭᠡ ᠪᠤᠯᠤᠨ 5.5 ᠲᠦᠮᠡ ᠭᠠᠷᠤᠶ ᠲᠣᠨ ᠬᠠᠶᠢᠷ ᠴᠢᠯᠠᠭᠤᠨ ᠮᠠᠲ᠋ᠧᠷᠢᠶᠠᠯ ᠢ ᠪᠡᠯᠡᠳᠬᠡᠨ ᠲᠤᠬᠢᠷᠠᠭᠤᠯᠪᠠ᠃   ᠡᠬᠦᠨ ᠤ ᠬᠠᠮᠳᠤ ᠪᠠᠰᠠ ᠵᠠᠮ ᠲᠡᠭᠡᠭᠡᠪᠦᠷᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢ ᠴᠢᠩᠭᠠᠳᠬᠠᠬᠤ᠂ ᠵᠠᠰᠠᠮᠠᠯ ᠵᠠᠮ ᠤᠨ ᠲᠣᠭᠤᠷᠢᠨ ᠪᠠᠶᠢᠴᠠᠭᠠᠬᠤ ᠳᠠᠪᠲᠠᠮᠵᠢ ᠤᠳᠠᠭ᠎ᠠ ᠶᠢ ᠨᠡᠮᠡᠭᠳᠡᠭᠦᠯᠬᠦ᠂ ᠣᠯᠠᠨ ᠨᠡᠶᠢᠲᠡ ᠶᠢᠨ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠬᠥᠲᠥᠯᠥᠨ ᠵᠢᠯᠣᠭᠤᠳᠬᠤ ᠵᠡᠷᠭᠡ 6 ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠪᠠ︔ ᠵᠠᠰᠠᠮᠠᠯ ᠵᠠᠮ ᠤᠨ ᠬᠥᠭᠦᠷᠭᠡ᠂ ᠨᠦᠬᠡᠨ ᠵᠠᠮ᠂ ᠥᠨᠳᠥᠷ ᠬᠥᠲᠥᠯ ᠵᠡᠷᠭᠡ ᠭᠤᠤᠯᠳᠠᠯᠭ᠎ᠠ ᠲᠠᠢ ᠬᠡᠰᠡᠭ ᠲᠤ ᠠᠶᠤᠯ ᠲᠦᠭᠰᠢᠭᠦᠷᠢ ᠶᠢᠨ ᠬᠡᠮ ᠰᠤᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠶᠢᠨ ᠬᠠᠮᠳᠤ 6 ᠰᠢᠪᠠᠳᠠᠭᠤᠯᠤᠨ ᠵᠢᠯᠣᠭᠤᠳᠬᠤ ᠳᠤᠭᠤᠶᠢᠯᠠᠩ ᠲᠣᠮᠢᠯᠠᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠷᠴᠦ ᠰᠢᠪᠠᠳᠠᠭᠤᠯᠤᠨ ᠵᠢᠯᠣᠭᠤᠳᠴᠤ᠂ 273 ᠠᠰᠠᠭᠤᠳᠠᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠪᠠ︔ ᠴᠠᠭ ᠠᠭᠤᠷ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠨᠡᠪᠲᠡᠷᠡᠯᠴᠡᠭᠡ ᠶᠢ ᠴᠢᠩᠭᠠᠳᠬᠠᠵᠤ᠂ 7 ᠰᠠᠷ᠎ᠠ ᠶᠢᠨ 16 ᠤ ᠡᠳᠦᠷ ᠠᠴᠠ ᠨᠠᠭᠠᠰᠢ ᠨᠡᠶᠢᠲᠡ 3159 ᠵᠤᠷᠪᠤᠰ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠨ᠂ ᠪᠥᠬᠦ ᠣᠷᠣᠨ ᠤ ᠭᠤᠤᠯ ᠪᠣᠯᠬᠤ ᠵᠠᠰᠠᠮᠠᠯ ᠵᠠᠮ ᠤᠨ ᠴᠠᠭ ᠠᠭᠤᠷ ᠤᠨ ᠨᠥᠬᠦᠴᠡᠯ ᠤᠨ ᠤᠷᠢᠳᠴᠢᠯᠠᠭᠰᠠᠨ ᠮᠡᠳᠡᠭᠡ ᠶᠢ 45 ᠬᠤᠭᠤᠴᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠴᠠᠭ ᠠᠭᠤᠷ ᠤᠨ ᠦᠢᠯᠡᠴᠢᠯᠡᠭᠡᠨ ᠤ ᠲᠤᠰᠬᠠᠶ ᠮᠡᠳᠡᠭᠦᠯᠦᠯᠲᠡ ᠶᠢ 7 ᠬᠤᠭᠤᠴᠠᠭ᠎ᠠ ᠨᠡᠶᠢᠲᠡᠯᠡᠭᠰᠡᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号