ᠯᠢ ᠴᠢᠶᠠᠩ ᠠᠵᠤ ᠠᠬᠤᠢ ᠶᠢᠨ ᠪᠠᠶᠢᠳᠠᠯ ᠤᠨ ᠲᠤᠰᠬᠠᠢ ᠮᠡᠷᠭᠡᠵᠢᠯᠲᠡᠳ ᠪᠠ ᠠᠵᠤ ᠠᠬᠤᠶᠢᠯᠠᠯᠲᠠᠳ ᠤᠨ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/9
   ᠰᠢᠨᠬᠤᠸᠠ ᠬᠤᠷᠢᠶᠠᠨ ᠤ ᠪᠡᠭᠡᠵᠢᠩ ᠤᠨ 10 ᠳ᠋ᠤᠭᠠᠷ ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 10 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ ᠠᠵᠤ ᠠᠬᠤᠢ ᠶᠢᠨ ᠪᠠᠶᠢᠳᠠᠯ ᠤᠨ ᠲᠤᠰᠬᠠᠢ ᠮᠡᠷᠭᠡᠵᠢᠯᠲᠡᠳ ᠪᠠ ᠠᠵᠤ ᠠᠬᠤᠶᠢᠯᠠᠯᠲᠠᠳ ᠤᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠳᠠᠷᠠᠭᠠᠴᠢ ᠶᠢᠨ ᠠᠵᠤ ᠠᠬᠤᠢ ᠶᠢᠨ ᠠᠵᠢᠯ ᠤᠨ ᠲᠠᠯ᠎ᠠ ᠪᠠᠷ ᠬᠢ ᠰᠠᠨᠠᠯ ᠰᠠᠨᠠᠭᠤᠯᠭ᠎ᠠ ᠶᠢ ᠰᠣᠨᠣᠰᠪᠠ᠃    ᠰᠠᠭᠤᠳᠠᠯ ᠤᠨ ᠬᠤᠷᠠᠯ ᠢᠶᠠᠷ᠂ ᠯᠥᠸᠧ ᡁᠢ ᠾᠧᠩ᠂ ᠵᠧᠦ ᠴᠢ ᠷᠧᠨ᠂ ᠬᠤᠸᠠᠩ ᠢᠦᠢ᠂ ᠵᠠᠩ ᠮᠢᠩ᠂ ᠵᠠᠩ ᠱᠦᠢ ᠯᠢ᠂ ᠶᠢᠦ ᠸᠧᠢ᠂ ᠵᠧᠦ ᠶᠦᠩ᠂ ᠽᠦᠸᠧ ᠳ᠋ᠢᠩ ᠨᠠᠷ ᠤᠷᠢᠳ ᠬᠤᠵᠢᠳ ᠶᠠᠷᠢᠶ᠎ᠠ ᠲᠠᠯᠪᠢᠵᠠᠢ᠃ ᠤᠯᠠᠨ ᠢᠶᠠᠷ ᠢᠶᠠᠨ᠂ ᠡᠨᠡ ᠵᠢᠯ ᠠᠴᠠ ᠨᠠᠭᠠᠰᠢ᠂ ᠨᠠᠷᠢᠨ ᠪᠤᠳᠤᠯᠢᠶᠠᠨᠲᠠᠢ ᠪᠦᠭᠡᠳ ᠬᠦᠨᠳᠦ ᠬᠡᠴᠡᠭᠦᠦ ᠭᠠᠳᠠᠭᠠᠳᠤ ᠣᠷᠴᠢᠨ ᠤ ᠡᠮᠦᠨ᠎ᠡ᠂ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠯᠲᠠ ᠲᠠᠢ ᠪᠠᠶᠢᠪᠠ᠃ ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ᠨᠡᠮᠡᠭᠳᠡᠯ ᠤᠨ ᠬᠡᠮᠵᠢᠶ᠎ᠡ ᠶᠢ ᠲᠣᠭᠲᠠᠪᠤᠷᠢᠵᠢᠭᠤᠯᠬᠤ ᠬᠠᠮ ᠲᠦᠷᠦ ᠶᠢᠨ ᠪᠣᠳᠣᠯᠭ᠎ᠠ ᠡᠷᠴᠢᠮ ᠢᠶᠠᠷ ᠴᠢᠩᠭ᠎ᠠ᠂ ᠬᠠᠨᠳᠤᠯᠭᠠᠲᠤ ᠴᠢᠨᠠᠷ ᠢᠶᠠᠷ ᠣᠨᠣᠴᠠᠲᠠᠢ᠂ ᠵᠠᠬ᠎ᠠ ᠳᠡᠯᠭᠡᠭᠦᠷ ᠤᠨ ᠵᠢᠱᠢᠯᠲᠡ ᠴᠦ ᠢᠯᠡᠳᠲᠡ ᠰᠠᠶᠢᠵᠢᠷᠠᠪᠠ ᠭᠡᠵᠡᠢ᠃ ᠤᠯᠠᠨ ᠢᠶᠠᠷ ᠢᠶᠠᠨ ᠪᠠᠰᠠ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃    ᠲᠤᠰᠬᠠᠢ ᠮᠡᠷᠭᠡᠵᠢᠯᠲᠡᠳ ᠪᠠ ᠠᠵᠤ ᠠᠬᠤᠶᠢᠯᠠᠯᠲᠠᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠯᠢ ᠴᠢᠶᠠᠩ᠂ ᠶᠡᠷᠦᠩᠬᠡᠢ ᠱᠦᠵᠢ ᠰᠢ ᠶᠢᠨ ᠫᠢᠩ ᠲᠦᠷᠦᠭᠦᠬᠡᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠢᠶᠠᠷ ᠴᠢᠬᠤᠯᠠ ᠶᠠᠷᠢᠶ᠎ᠠ ᠲᠠᠯᠪᠢᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠤᠨ᠂ ᠳᠠᠷᠠᠭᠠᠴᠢ ᠶᠢᠨ ᠠᠵᠤ ᠠᠬᠤᠢ ᠶᠢᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠬᠤᠶᠢᠰᠢᠳᠠ ᠶᠢᠨ ᠨᠢᠭᠡ ᠬᠤᠭᠤᠴᠠᠭᠠᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠴᠢᠬᠤᠯᠠ ᠵᠢᠷᠤᠮᠯᠠᠯ ᠬᠠᠩᠭᠠᠵᠠᠢ᠃ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠶᠡᠭᠡ ᠬᠠᠨᠳᠤᠰᠢ ᠶᠢ ᠲᠣᠳᠣᠷᠬᠠᠢ ᠲᠠᠨᠢᠵᠤ᠂ ᠢᠲᠡᠭᠡᠯ ᠵᠣᠷᠢᠭ ᠢᠶᠠᠨ ᠪᠠᠲᠤᠳᠬᠠᠬᠤ ᠪᠠᠷ ᠪᠠᠷᠠᠬᠤ ᠦᠭᠡᠢ ᠪᠠᠰᠠ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠵᠤ᠂ ᠢᠳᠡᠪᠬᠢᠲᠡᠢ ᠪᠠᠷ ᠠᠷᠭᠠᠴᠠᠨ᠂ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢ ᠲᠣᠭᠲᠠᠭᠠᠵᠤ ᠬᠡᠷᠡᠭᠵᠢᠭᠦᠯᠬᠦ ᠳᠤ ᠪᠠᠨ ᠵᠠᠬ᠎ᠠ ᠳᠡᠯᠭᠡᠭᠦᠷ ᠤᠨ ᠲᠤᠰᠬᠠᠯ ᠢ ᠠᠩᠬᠠᠷᠤᠨ ᠰᠣᠨᠣᠰᠴᠤ᠂ ᠨᠡᠶᠢᠭᠡᠮ ᠤᠨ ᠬᠢᠨ ᠤ ᠠᠩᠬᠠᠷᠤᠯ ᠳᠤ ᠬᠠᠷᠢᠭᠤ ᠥᠭᠴᠦ᠂ ᠬᠥᠭᠵᠢᠯᠲᠡ ᠶᠢᠨ ᠢᠲᠡᠭᠡᠯ ᠵᠣᠷᠢᠭ ᠢ ᠲᠠᠰᠤᠷᠠᠯᠲᠠ ᠦᠭᠡᠢ ᠬᠥᠪᠴᠢᠯᠡᠬᠦ ᠬᠡᠷᠡᠭᠲᠡᠢ ᠭᠡᠵᠡᠢ᠃    ᠯᠢ ᠴᠢᠶᠠᠩ ᠴᠢᠬᠤᠯᠠᠴᠢᠯᠠᠬᠤ ᠳᠤ ᠪᠠᠨ᠂ ᠲᠠᠷᠠᠭᠠᠴᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ᠂ ᠡᠯ᠎ᠡ ᠲᠠᠯ᠎ᠠ ᠶᠢᠨ ᠬᠢᠨ ᠬᠠᠷᠢᠭᠤᠴᠠᠯᠭᠠᠲᠤ ᠰᠡᠳᠬᠢᠯᠭᠡ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ᠂ ᠪᠥᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠵᠤ ᠠᠬᠤᠢ ᠶᠢᠨ ᠨᠡᠮᠡᠭᠳᠡᠯ ᠤᠨ ᠬᠡᠮᠵᠢᠶ᠎ᠡ ᠶᠢ ᠲᠣᠭᠲᠠᠪᠤᠷᠢᠵᠢᠭᠤᠯᠬᠤ ᠬᠠᠮ ᠲᠦᠷᠤ ᠶᠢᠨ ᠪᠣᠳᠣᠯᠭ᠎ᠠ ᠶᠢ ᠱᠠᠯᠠᠪᠳᠠᠨ ᠰᠠᠶᠢᠲᠤᠷ ᠨᠠᠶᠢᠳᠠᠪᠤᠷᠢᠵᠢᠭᠤᠯᠵᠤ᠂ ᠨᠢᠭᠡᠨᠲᠡ ᠨᠡᠶᠢᠲᠡᠯᠡᠭᠰᠡᠨ ᠲᠦᠷᠤ ᠶᠢᠨ ᠪᠣᠳᠣᠯᠭ᠎ᠠ ᠶᠢ ᠲᠦᠷᠭᠡᠪᠴᠢᠯᠡᠨ ᠬᠡᠷᠡᠭᠵᠢᠭᠦᠯᠵᠦ᠂ ᠡᠷᠲᠡ ᠨᠠᠶᠢᠳᠠᠪᠤᠷᠢᠵᠢᠭᠤᠯᠵᠤ ᠡᠷᠲᠡ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠂ ᠶᠠᠭ ᠰᠤᠳᠤᠯᠵᠤ ᠪᠠᠶᠢᠭ᠎ᠠ ᠲᠦᠷᠤ ᠶᠢᠨ ᠪᠣᠳᠣᠯᠭ᠎ᠠ ᠳᠤ ᠠᠯᠢ ᠲᠦᠷᠭᠡᠨ ᠢᠶᠠᠷ ᠪᠣᠳᠠᠲᠠᠢ ᠲᠥᠰᠥᠯ ᠭᠠᠷᠭᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠳᠠᠮᠵᠢᠭᠤᠯᠭ᠎ᠠ ᠶᠢᠨ ᠦᠷ᠎ᠡ ᠪᠦᠲᠦᠮᠵᠢ ᠶᠢ ᠮᠥᠷᠳᠡᠨ ᠦᠨᠡᠯᠡᠵᠦ᠂ ᠰᠢᠯᠢᠳᠡᠭᠵᠢᠭᠦᠯᠬᠦ ᠶᠣᠰᠣᠲᠠᠢ ᠶᠢ ᠨᠢ ᠰᠢᠯᠢᠳᠡᠭᠵᠢᠭᠦᠯᠦᠨ᠂ ᠬᠦᠴᠦᠯᠡᠬᠦ ᠶᠣᠰᠣᠲᠠᠢ ᠳᠤ ᠨᠢ ᠬᠦᠴᠦᠯᠡᠬᠦ ᠬᠡᠷᠡᠭᠲᠡᠢ᠃ ᠡᠭᠦᠨ ᠤ ᠵᠡᠷᠭᠡ ᠪᠠᠷ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠲᠥᠯᠥᠪᠯᠡᠬᠦ ᠲᠠᠢ ᠤᠶᠠᠯᠳᠤᠭᠤᠯᠤᠨ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠨᠢᠭᠡ ᠪᠦᠯᠦᠭ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠨᠥᠭᠡᠴᠡᠯᠡᠬᠦ ᠶᠢᠨ ᠬᠠᠮᠲᠤ᠂ ᠠᠵᠤ ᠠᠬᠤᠢ ᠶᠢᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠢ ᠳᠤ ᠨᠢ ᠨᠡᠶᠢᠲᠡᠯᠡᠬᠦ ᠬᠡᠷᠡᠭᠲᠡᠢ᠃ ᠠᠵᠤ ᠠᠬᠤᠢ ᠶᠢ ᠲᠣᠭᠲᠠᠪᠤᠷᠢᠵᠢᠭᠤᠯᠬᠤ ᠶᠢᠨ ᠵᠠᠩᠭᠢᠯᠠᠭ᠎ᠠ ᠨᠢ ᠠᠵᠤ ᠠᠬᠤᠶᠢᠯᠠᠯ ᠢ ᠲᠣᠭᠲᠠᠪᠤᠷᠢᠵᠢᠭᠤᠯᠬᠤ ᠳᠤ ᠪᠠᠶᠢᠨ᠎ᠠ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠲᠠᠶᠢᠯᠵᠤ ᠥᠭᠬᠦ ᠠᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠭᠠᠵᠠᠷ ᠤᠨ ᠬᠢᠨ ᠢ ᠵᠢᠭᠠᠨ ᠵᠢᠯᠣᠭᠤᠳᠴᠤ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠠᠶᠢᠴᠠᠭᠠᠨ ᠪᠢᠲᠡᠭᠦᠮᠵᠢᠯᠡᠬᠦ ᠵᠡᠷᠭᠡ ᠠᠰᠠᠭᠤᠳᠠᠯ ᠢ ᠡᠷᠡᠰ ᠵᠠᠰᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ᠪᠠᠶᠢᠷᠢᠯᠠᠭᠤᠯᠤᠯᠲᠠ ᠶᠣᠰᠣᠭᠠᠷ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠠᠷᠭ᠎ᠠ ᠪᠠᠷ ᠬᠥᠭᠵᠢᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠡᠢ᠃    ᠯᠢ ᠴᠢᠶᠠᠩ ᠠᠵᠤ ᠠᠬᠤᠶᠢᠯᠠᠯᠲᠠᠳ ᠠᠵᠤ ᠠᠬᠤᠶᠢᠯᠠᠯ ᠢᠶᠠᠨ ᠯᠠᠪᠳᠠᠭᠤᠨ ᠪᠠᠲᠤᠲᠠᠢ ᠰᠠᠶᠢᠲᠤᠷ ᠡᠷᠭᠢᠯᠡᠵᠦ᠂ ᠵᠠᠬ᠎ᠠ ᠳᠡᠯᠭᠡᠭᠦᠷ ᠢ ᠨᠡᠭᠡᠭᠡᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠥᠷᠭᠡᠳᠬᠡᠬᠦ ᠵᠡᠷᠭᠡ ᠲᠠᠯ᠎ᠠ ᠪᠠᠷ ᠢᠳᠡᠪᠬᠢᠲᠡᠢ ᠠᠵᠢᠯᠯᠠᠬᠤ ᠶᠢ ᠬᠦᠰᠡᠵᠦ ᠪᠠᠶᠢᠨ᠎ᠠ᠃ ᠲᠤᠰᠬᠠᠢ ᠮᠡᠷᠭᠡᠵᠢᠯᠲᠡᠳ ᠡᠷᠳᠡᠮᠲᠡᠳ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠤᠨ ᠲᠣᠭᠤᠷᠢᠨ ᠳᠤ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠪᠠᠷᠠᠭᠠᠯᠬᠢᠯᠠᠯ ᠤᠨ ᠴᠢᠨᠠᠷᠲᠠᠢ᠂ ᠪᠦᠲᠦᠭᠡᠯᠴᠢ ᠴᠢᠨᠠᠷᠲᠠᠢ ᠰᠠᠨᠠᠯ ᠢ ᠢᠯᠡᠭᠦᠬᠡᠨ ᠳᠤᠷᠠᠳᠬᠤ ᠶᠢ ᠬᠦᠰᠡᠵᠦ ᠪᠠᠶᠢᠨ᠎ᠠ ᠭᠡᠵᠡᠢ᠃    ᠦ᠋ ᠵᠧᠩ ᠯᠦᠩ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号