︽ᠰᠢ ᠶᠢᠨ ᠫᠢᠩ ᠤᠨ ᠤᠰᠤ ᠶᠢ ᠵᠠᠰᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2024/10/9
   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠤᠰᠤ ᠶᠢ ᠵᠠᠰᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠶᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠥᠬᠦ ᠤᠯᠤᠰ ᠲᠤ ᠲᠠᠷᠬᠠᠭᠠᠪᠠ᠃   ᠤᠰᠤ ᠪᠣᠯ ᠲᠦᠮᠡᠨ ᠪᠣᠳᠠᠰ ᠤᠨ ᠡᠬᠡ᠂ ᠣᠷᠣᠰᠢᠨ ᠲᠣᠭᠲᠠᠨᠢᠬᠤ ᠶᠢᠨ ᠦᠨᠳᠦᠰᠦ᠂ ᠪᠣᠯᠪᠠᠰᠤᠨ ᠤ ᠡᠬᠢ ᠰᠤᠷᠪᠤᠯᠵᠢ ᠮᠥᠨ᠃ ᠤᠰᠤ ᠶᠢ ᠵᠠᠰᠠᠬᠤ ᠨᠢ ᠳᠤᠮᠳᠠᠳᠤ ᠶᠢᠨ ᠦᠨᠳᠦᠰᠦᠲᠡᠨ ᠤ ᠣᠷᠣᠰᠢᠨ ᠲᠣᠭᠲᠠᠨᠢᠬᠤ ᠪᠠ ᠤᠯᠤᠰ ᠣᠷᠣᠨ ᠤ ᠨᠢᠭᠡᠳᠦᠯ ᠬᠦᠭᠵᠢᠯ ᠮᠠᠨᠳᠤᠯᠳᠠ ᠳᠤ ᠲᠦᠢᠯ ᠤᠨ ᠴᠢᠬᠤᠯᠠ ᠪᠠᠶᠢᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠪᠣᠯᠤᠨ ᠤᠯᠤᠰ ᠤᠨ ᠥᠨᠢ ᠤᠳᠠᠭᠠᠨ ᠤ ᠠᠮᠤᠷ ᠲᠣᠭᠲᠠᠭᠤᠨ ᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ᠂ ᠪᠦᠬᠦ ᠲᠠᠯ᠎ᠠ ᠶᠢᠨ ᠬᠠᠷᠠᠭᠠᠰᠤ ᠠᠴᠠ ᠤᠰᠤ ᠶᠢ ᠵᠠᠰᠠᠬᠤ ᠰᠢᠨ᠎ᠡ ᠵᠠᠮ ᠢ ᠡᠷᠢᠯᠬᠢᠯᠡᠵᠦ᠂ ᠠᠷᠠᠳ ᠤᠨ ᠠᠮᠢᠳᠤᠷᠠᠯ ᠢ ᠳᠡᠭᠡᠳᠦᠯᠡᠵᠦ᠂ ᠤᠰᠤ ᠶᠢ ᠵᠠᠰᠠᠬᠤ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠭᠢᠮᠵᠢ ᠶᠢ ᠲᠣᠳᠣᠷᠬᠠᠶᠢᠯᠠᠵᠤ᠂ ᠤᠰᠤᠨ ᠤ ᠭᠠᠮᠰᠢᠭ ᠢ ᠰᠡᠷᠭᠡᠶᠢᠯᠡᠨ ᠵᠠᠰᠠᠬᠤ᠂ ᠤᠰᠤᠨ ᠤ ᠡᠬᠢ ᠪᠠᠶᠠᠯᠢᠭ ᠢ ᠠᠷᠪᠢᠯᠠᠬᠤ᠂ ᠤᠰᠤᠨ ᠤ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠤᠰᠤᠨ ᠤ ᠣᠷᠴᠢᠨ ᠲᠣᠭᠤᠷᠢᠨ ᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠰᠤᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠤᠰᠤ ᠶᠢ ᠵᠠᠰᠠᠵᠤ ᠤᠯᠤᠰ ᠢ ᠠᠮᠤᠷᠵᠢᠭᠤᠯᠬᠤ᠂ ᠤᠰᠤᠨ ᠠᠰᠢᠭᠯᠠᠯᠲᠠ ᠶᠢ ᠮᠠᠨᠳᠤᠭᠤᠯᠵᠤ ᠠᠷᠠᠳ ᠲᠤ ᠠᠰᠢᠭ ᠬᠦᠷᠲᠡᠭᠡᠬᠦ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠪᠡ᠃ ᠰᠢ ᠶᠢᠨ ᠫᠢᠩ ᠨᠥᠬᠦᠷ ᠤᠰᠤ ᠶᠢ ᠵᠠᠰᠠᠬᠤ ᠶᠢᠨ ᠲᠣᠭᠤᠷᠢᠨ ᠳᠤ ᠠᠯᠢ ᠣᠯᠠᠨ ᠴᠢᠬᠤᠯᠠ ᠥᠭᠦᠯᠡᠯᠲᠡ ᠨᠡᠶᠢᠲᠡᠯᠡᠵᠦ᠂ ᠤᠳᠭ᠎ᠠ ᠰᠠᠨᠠᠭ᠎ᠠ ᠠᠯᠤᠰ ᠬᠡᠲᠦ ᠶᠢᠨ᠂ ᠠᠭᠤᠯᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠶ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠤᠰᠤᠨ ᠤ ᠭᠠᠮᠰᠢᠭ᠂ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠶ᠂ ᠤᠰᠤᠨ ᠤ ᠣᠷᠴᠢᠨ ᠲᠣᠭᠤᠷᠢᠨ ᠤ ᠵᠠᠰᠠᠯᠲᠠ ᠶᠢ ᠨᠢᠭᠡᠳᠦᠯᠲᠡᠶ ᠲᠥᠯᠥᠪᠵᠢᠭᠦᠯᠵᠦ᠂ ᠤᠰᠤᠨ ᠤ ᠰᠣᠶᠣᠯ ᠢ ᠰᠠᠶᠢᠲᠤᠷ ᠬᠠᠮᠠᠭᠠᠯᠠᠵᠤ ᠰᠠᠶᠢᠲᠤᠷ ᠤᠯᠠᠮᠵᠢᠯᠠᠨ ᠪᠠᠳᠠᠷᠠᠭᠤᠯᠵᠤ᠂ ︽ᠬᠥᠮᠦᠨ ᠤᠰᠤᠨ ᠤ ᠡᠶ᠎ᠡ ᠵᠣᠬᠢᠴᠠᠩᠭᠤᠶ︾ ᠶᠢ ᠠᠬᠢᠭᠤᠯᠵᠤ᠂ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠤᠰᠤᠨ ᠤ ᠠᠮᠤᠷ ᠲᠦᠪᠰᠢᠨ ᠤ ᠬᠦᠴᠦᠲᠡᠶ ᠪᠠᠲᠤᠯᠠᠭ᠎ᠠ ᠬᠠᠩᠭᠠᠵᠤ᠂ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃   ︽ᠥᠭᠦᠯᠡᠯᠲᠡ ᠶᠢᠨ ᠲᠡᠭᠦᠪᠦᠷᠢ︾ ᠨᠢ 6 ᠲᠤᠰᠬᠠᠢ ᠰᠡᠳᠦᠪ ᠬᠤᠪᠢᠶᠠᠵᠤ᠂ ᠨᠡᠶᠢᠳᠡ 297 ᠬᠡᠰᠡᠭ ᠥᠭᠦᠯᠡᠯᠲᠡ ᠪᠠᠷ ᠪᠦᠷᠢᠯᠳᠦᠵᠡᠢ᠂ ᠰᠢ ᠶᠢᠨ ᠫᠢᠩ ᠨᠥᠬᠦᠷ ᠤᠨ 2012 ᠣᠨ ᠤ 12 ᠰᠠᠷ᠎ᠠ ᠠᠴᠠ 2024 ᠣᠨ ᠤ 8 ᠰᠠᠷ᠎ᠠ ᠪᠣᠯᠲᠠᠯᠠᠬᠢ ᠬᠤᠭᠤᠴᠠᠭᠠᠨ ᠤ ᠢᠯᠡᠳᠬᠡᠯ᠂ ᠶᠠᠷᠢᠶ᠎ᠠ᠂ ᠶᠠᠷᠢᠶ᠎ᠠ ᠢᠯᠡᠳᠭᠡᠯ᠂ ᠪᠠᠶᠠᠷ ᠤᠨ ᠦᠭᠡ᠂ ᠬᠠᠷᠢᠭᠤ ᠵᠠᠬᠢᠳᠠᠯ᠂ ᠵᠢᠭᠠᠪᠤᠷᠢ᠂ ᠴᠣᠬᠤᠯᠠᠪᠤᠷᠢ ᠵᠡᠷᠭᠡ 130 ᠭᠠᠷᠤᠢ ᠴᠢᠬᠤᠯᠠ ᠲᠤᠯᠭᠤᠷ ᠪᠢᠴᠢᠭ ᠠᠴᠠ ᠰᠣᠩᠭᠤᠨ ᠠᠪᠤᠪᠠ᠃ ᠡᠭᠦᠨ ᠳᠤ ᠬᠡᠰᠡᠭ ᠥᠭᠦᠯᠡᠯᠲᠡ ᠶᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 8 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号