ᠡᠦ ᠪᠠᠩ ᠭᠥᠸᠧ ᠨᠥᠬᠦᠷ ᠨᠠᠰᠤ ᠪᠠᠷᠠᠪᠠ
ᠨᠡᠶᠢᠲᠡᠯᠡᠭᠰᠡᠨ ᠴᠠᠭ᠄
2024/10/9
   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ   ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠠᠰᠢᠭᠤᠳᠠᠯ ᠤᠨ ᠮᠡᠳᠡᠭᠡ   ᠡᠦ ᠪᠠᠩ ᠭᠥᠸᠧ ᠨᠥᠬᠦᠷ ᠤᠨ ᠨᠢᠭᠡ ᠨᠠᠰᠤ ᠪᠣᠯ ᠬᠤᠪᠢᠰᠬᠠᠯ ᠤᠨ ᠨᠢᠭᠡ ᠨᠠᠰᠤ᠂ ᠬᠡᠷᠠᠯ ᠰᠠᠴᠣᠷᠠᠩᠭᠤᠢ ᠨᠢᠭᠡ ᠨᠠᠰᠤ᠂ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠭᠰᠡᠨ ᠨᠢᠭᠡ ᠨᠠᠰᠤ᠂ ᠡᠪ ᠬᠠᠮᠲᠤ ᠶᠤᠰᠤᠨ ᠤ ᠬᠦ᠋ᠰᠡᠯᠡᠩ᠂ ᠨᠠᠮ ᠪᠠ ᠲᠦᠷᠦ ᠶᠢᠨ ᠠᠵᠢᠯ ᠦᠢᠯᠡᠰ ᠤᠨ ᠲᠥᠯᠥᠭᠡ ᠴᠤᠴᠠᠯᠲᠠ ᠦᠭᠡᠢ ᠲᠡᠮᠡᠴᠡᠭᠰᠡᠨ ᠨᠢᠭᠡ ᠨᠠᠰᠤ ᠮᠥᠨ᠃   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠥᠷᠥ ᠶᠢᠨ ᠶᠠᠪᠤᠳᠠᠯ ᠤᠨ ᠬᠤᠷᠢᠶ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠳᠦᠷᠦ ᠶᠢᠨ ᠵᠦᠪᠯᠡᠯᠬᠡᠨ ᠤ ᠪᠦᠬᠦ ᠤᠯᠤᠰ ᠤᠨ ᠬᠤᠷᠢᠶ᠎ᠠ ᠳᠦᠢᠯ ᠢᠶᠠᠷ ᠡᠮᠬᠡᠨᠢᠨ ᠭᠠᠰᠢᠭᠤᠳᠠᠵᠥ ᠵᠠᠷᠯᠠᠨ ᠮᠡᠳᠡᠭᠳᠡᠬᠦ ᠨᠢ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢᠳᠡᠭ ᠭᠡᠰᠢᠭᠦᠨ᠂ ᠤᠷᠲᠤ ᠤᠳᠠᠭᠠᠨ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ ᠰᠢᠳᠤᠷᠭᠤ ᠪᠠᠶᠢᠯᠳᠤᠭᠴᠢ᠂ ᠦᠭᠡᠶᠢᠭᠦᠦ ᠠᠩᠭᠢ ᠶᠢᠨ ᠭᠠᠷᠮᠠᠭᠠᠢ ᠬᠤᠪᠢᠰᠬᠠᠯᠴᠢ᠂ ᠤᠯᠤᠰ ᠲᠦᠷᠦᠴᠢᠨ᠂ ᠨᠠᠮ ᠪᠠ ᠲᠥᠷᠥ ᠶᠢᠨ ᠰᠢᠯᠭᠠᠷᠠᠬᠰᠠᠨ ᠤᠳᠤᠷᠢᠳᠬᠤ ᠬᠥᠮᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠠᠷᠪᠠᠨ ᠲᠠᠪᠤᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠠᠷᠪᠠᠨ ᠵᠢᠷᠭᠤᠳᠤᠭᠠᠷ ᠬᠤᠭᠤᠴᠠᠭ᠎ᠠ᠂ ᠠᠷᠪᠠᠨ ᠳᠣᠯᠣᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠤᠯ ᠤᠨ ᠳᠡᠳ᠋ ᠶᠡᠷᠦᠩᠬᠡᠢ ᠰᠠᠶᠢᠳ᠂ ᠠᠷᠪᠠᠳᠤᠭᠠᠷ᠂ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠡᠤ ᠪᠠᠩ ᠭᠦᠸᠧ ᠨᠥᠬᠦᠷ᠂ ᠡᠪᠡᠳᠴᠢᠨ ᠠᠴᠠ ᠪᠣᠯᠵᠤ ᠡᠮᠨᠡᠭᠡᠳ ᠲᠤᠰᠠ ᠪᠤᠯᠤᠬᠰᠠᠨ ᠦᠭᠡᠢ᠂ 2024 ᠣᠨ ᠤ 10 ᠰᠠᠷ᠎ᠠ ᠶᠢᠨ 8 ᠤ ᠡᠳᠦᠷ ᠤᠨ 4 ᠴᠠᠭ 36 ᠮᠢᠨᠦ᠋ᠲ ᠲᠤ ᠪᠡᠭᠡᠵᠢᠩ ᠳᠤ ᠨᠠᠰᠤ ᠪᠠᠷᠠᠪᠠ᠂ ᠨᠠᠰᠤᠨ ᠰᠡᠭᠦᠳᠡᠷ 84᠃   ᠡᠦ ᠪᠠᠩ ᠭᠥᠸᠧ ᠨᠥᠬᠦᠷ 1941 ᠣᠨ ᠤ 7 ᠰᠠᠷ᠎ᠠ ᠳᠤ ᠲᠦᠷᠦᠵᠡᠢ᠂ ᠠᠨᠾᠦ᠋ᠢ ᠮᠤᠵᠢ ᠶᠢᠨ ᠹᠤᠶᠢᠳᠦ᠋ᠩ ᠤᠨ ᠬᠥᠮᠦᠨ᠃ ᠲᠡᠷᠡ ᠵᠠᠯᠠᠭᠤ ᠪᠠᠭ᠎ᠠ ᠨᠠᠰᠤᠨ ᠠᠴᠠ ᠪᠠᠨ ᠡᠬᠡ ᠤᠯᠤᠰ ᠢᠶᠠᠨ ᠬᠠᠶᠢᠷᠠᠯᠠᠵᠤ᠂ ᠰᠢᠷᠭᠠᠭᠤ ᠬᠠᠳᠠᠭᠤᠵᠢᠯᠳᠠᠢ ᠰᠤᠷᠤᠯᠴᠠᠵᠤ᠂ ᠤᠷᠤᠬᠰᠢᠯᠠᠨ ᠳᠠᠪᠰᠢᠬᠤ ᠶᠢ ᠬᠥᠭᠡᠭᠡᠴᠡᠯᠳᠦᠭᠰᠡᠨ ᠶᠤᠮ᠃ 1960 ᠣᠨ ᠠᠴᠠ 1967 ᠣᠨ ᠪᠣᠯᠲᠠᠯ᠎ᠠ ᠴᠢᠩᠬᠤᠸᠠ ᠶᠡᠭᠡ ᠰᠤᠷᠭᠠᠭᠤᠯᠢ ᠶᠢᠨ ᠷᠠᠳᠢᠣ᠋ ᠡᠯᠧᠺᠲᠷᠣᠨ ᠤ ᠤᠬᠠᠭᠠᠨ ᠤ ᠰᠠᠯᠪᠤᠷᠢ ᠶᠢᠨ ᠬᠤᠭᠤᠰᠣᠨ ᠴᠠᠬᠢᠯᠭᠠᠨ ᠲᠣᠨᠣᠭᠯᠠᠭᠠᠰᠤ ᠶᠢᠨ ᠲᠤᠰᠬᠠᠢ ᠮᠡᠷᠭᠡᠵᠢᠯ ᠳᠤ ᠰᠤᠷᠤᠯᠴᠠᠪᠠ᠃ 1964 ᠣᠨ ᠤ 4 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ 1967 ᠣᠨ ᠠᠴᠠ ᠡᠬᠢᠯᠡᠨ ᠱᠠᠩᠬᠠᠢ ᠶᠢᠨ ᠡᠯᠧᠺᠲᠷᠣᠨ ᠬᠤᠭᠤᠯᠠᠢ ᠶᠢᠨ ᠭᠤᠷᠪᠠᠳᠤᠭᠠᠷ ᠦᠢᠯᠡᠳᠪᠦᠷᠢ ᠶᠢᠨ ᠮᠡᠷᠭᠡᠵᠢᠯᠲᠡᠨ᠂ ᠮᠡᠷᠭᠡᠵᠢᠯ ᠤᠨ ᠰᠠᠯᠠᠭ᠎ᠠ ᠶᠢᠨ ᠳᠠᠷᠤᠭ᠎ᠠ᠂ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠪᠢᠰᠬᠠᠯ ᠤᠨ ᠵᠥᠪᠯᠡᠯ ᠤᠨ ᠳᠡᠳ᠋ ᠡᠷᠬᠢᠯᠡᠭᠴᠢ᠂ ᠦᠢᠯᠡᠳᠪᠦᠷᠢ ᠶᠢᠨ ᠳᠡᠳ᠋ ᠳᠠᠷᠤᠭ᠎ᠠ᠂ ᠦᠢᠯᠡᠳᠪᠦᠷᠢ ᠶᠢᠨ ᠳᠠᠷᠤᠭ᠎ᠠ᠂ ᠱᠠᠩᠬᠠᠢ ᠬᠤᠳᠠ ᠶᠢᠨ ᠡᠯᠧᠺᠲᠷᠣᠨ ᠰᠡᠯᠪᠢᠭ ᠲᠤᠨᠤᠭ ᠤᠨ ᠠᠵᠤ ᠦᠢᠯᠡᠳᠪᠦᠷᠢ ᠶᠢᠨ ᠺᠤᠮᠫᠠᠨᠢ ᠶᠢᠨ ᠳᠡᠳ᠋ ᠳᠠᠭᠠᠭᠠᠮᠠᠯ᠂ ᠱᠠᠩᠬᠠᠢ ᠬᠤᠳᠠ ᠶᠢᠨ ᠬᠤᠭᠤᠰᠤᠨ ᠴᠠᠬᠢᠯᠭᠠᠨ ᠲᠤᠨᠤᠭᠯᠠᠭᠠᠰᠤ ᠶᠢᠨ ᠺᠤᠮᠫᠠᠨᠢ ᠶᠢᠨ ᠳᠡᠳ᠋ ᠳᠠᠭᠠᠭᠠᠮᠠᠯ᠂ ᠱᠠᠩᠬᠠᠢ ᠬᠤᠳᠠ ᠶᠢᠨ ᠴᠠᠭᠯᠢᠭ ᠤᠨ ᠴᠠᠬᠢᠯᠭᠠᠨ ᠮᠡᠳᠡᠭᠡ ᠶᠢᠨ ᠠᠵᠤ ᠦᠢᠯᠡᠳᠪᠦᠷᠢ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠶᠢᠨ ᠲᠤᠰᠢᠶᠠᠯ ᠢ ᠡᠬᠦᠷᠬᠡᠯᠡᠵᠤ ᠦᠩᠬᠡᠷᠡᠪᠡ᠃   ︽ᠰᠣᠶᠣᠯ ᠤᠨ ᠶᠡᠭᠡ ᠬᠤᠪᠢᠰᠬᠠᠯ︾ ᠤᠨ ᠬᠤᠭᠤᠴᠠᠭᠠᠨ ᠳᠤ᠂ ᠲᠡᠷᠡ ᠨᠠᠮᠴᠢ ᠴᠢᠨᠠᠷ ᠤᠨ ᠵᠠᠷᠴᠢᠮ ᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠵᠦ᠂ ᠪᠣᠳᠠᠲᠤ ᠠᠵᠢᠯᠯᠠᠭ᠎ᠠ ᠪᠠᠷ ᠢᠶᠠᠨ ᠡᠰᠡᠷᠬᠦᠴᠡᠨ ᠬᠤᠷᠢᠭᠯᠠᠪᠠ᠃   1983 ᠣᠨ ᠤ 3 ᠰᠠᠷ᠎ᠠ ᠠᠴᠠ 1991 ᠣᠨ ᠤ 3 ᠰᠠᠷ᠎ᠠ ᠪᠣᠯᠲᠠᠯ᠎ᠠ᠂ ᠡᠦ ᠪᠠᠩ ᠭᠦᠸᠧ ᠨᠥᠬᠦᠷ ᠱᠠᠩᠬᠠᠶ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠪᠥᠭᠡᠳ ᠬᠤᠲᠠ ᠶᠢᠨ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯ ᠤᠨ ᠬᠤᠷᠢᠶ᠎ᠠ ᠶᠢᠨ ᠱᠦᠵᠢ᠂ ᠱᠠᠩᠬᠠᠶ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠃   1991 ᠣᠨ ᠤ 3 ᠰᠠᠷ᠎ᠠ ᠠᠴᠠ 1994 ᠣᠨ ᠤ 9 ᠰᠠᠷ᠎ᠠ ᠪᠣᠯᠲᠠᠯ᠎ᠠ᠂ ᠡᠦ ᠪᠠᠩ ᠭᠦᠸᠧ ᠨᠥᠬᠦᠷ ᠱᠠᠩᠬᠠᠶ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠬᠦᠷᠭᠡᠯᠡᠪᠡ᠃ 1992 ᠣᠨ ᠤ 10 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠠᠩᠬᠠᠳᠤᠭᠠᠷ ᠪᠦᠬᠦᠳᠡ ᠬᠤᠷᠠᠯ ᠳᠡᠭᠡᠷ᠎ᠡ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠢᠶᠠᠷ ᠰᠣᠩᠭᠤᠭᠳᠠᠪᠠ᠃ ᠲᠡᠷᠡ ᠳ᠋ᠧᠩ ᠰᠢᠶᠤᠤ ᠫᠢᠩ ᠨᠥᠬᠦᠷ ᠤᠨ ᠡᠮᠦᠨᠡᠲᠦ ᠣᠷᠣᠨ ᠢᠶᠠᠷ ᠳᠤᠭᠤᠷᠢᠨ ᠪᠠᠶᠢᠴᠠᠭᠠᠬᠤ ᠦᠶ᠎ᠡ ᠶᠢᠨ ᠶᠠᠷᠢᠶ᠎ᠠ ᠶᠢᠨ ᠵᠣᠷᠢᠭ ᠰᠠᠨᠠᠭ᠎ᠠ ᠶᠢ ᠢᠳᠡᠪᠬᠢᠲᠡᠢ ᠤᠬᠠᠭᠤᠯᠤᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠫᠦᠳᠦ᠋ᠩ ᠢ ᠨᠡᠭᠡᠭᠡᠨ ᠬᠥᠭᠵᠢᠭᠦᠯᠵᠦ ᠨᠡᠭᠡᠭᠡᠯᠳᠠ ᠬᠢᠬᠦ ᠲᠤᠬᠠᠢ ᠴᠢᠬᠤᠯᠠ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠬᠢᠷᠠᠭᠤᠯᠤᠯᠳᠠ ᠶᠢ ᠴᠢᠬᠤᠯᠠᠴᠢᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠤᠨ ᠬᠤᠳᠠ ᠶᠢᠨ ᠶᠠᠪᠤᠳᠠᠯ ᠤᠨ ᠪᠦᠳᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠱᠠᠩᠬᠠᠢ ᠶᠢᠨ ᠳᠣᠲᠣᠭᠠᠳᠤ ᠭᠠᠳᠠᠭᠠᠳᠤ ᠳᠤ ᠪᠦᠬᠦ ᠲᠠᠯ᠎ᠠ ᠪᠠᠷ ᠨᠡᠭᠡᠭᠡᠯᠳᠠ ᠬᠢᠬᠦ ᠰᠢᠨ᠎ᠡ ᠪᠠᠶᠢᠳᠠᠯ ᠢ ᠨᠡᠭᠡᠭᠡᠨ ᠡᠭᠦᠳᠬᠦ ᠶᠢ ᠠᠬᠢᠭᠤᠯᠪᠠ᠃ ᠲᠡᠷᠡ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠠ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠥᠭᠡᠷᠡᠴᠢᠯᠡᠯᠲᠡ ᠨᠡᠭᠡᠭᠡᠯᠳᠠ ᠪᠠ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠳᠤ ᠨᠡᠩ ᠰᠠᠶᠢᠳᠤᠷ ᠦᠢᠯᠡᠴᠢᠯᠡᠪᠡ᠃   1994 ᠣᠨ ᠤ 9 ᠰᠠᠷ᠎ᠠ ᠳᠤ᠂ ᠡᠦ ᠪᠠᠩ ᠭᠦᠸᠧ ᠨᠥᠬᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠳᠡᠭᠡᠷ᠎ᠡ ᠲᠥᠪ ᠤᠨ ᠱᠦᠵᠢ ᠨᠡᠷ ᠤᠨ ᠭᠠᠵᠠᠷ ᠤᠨ ᠱᠦᠵᠢ ᠪᠠᠷ ᠨᠥᠬᠦᠵᠦ ᠰᠣᠩᠭᠤᠭᠳᠠᠪᠠ᠃ 1995 ᠣᠨ ᠤ 3 ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠤᠨ ᠲᠤᠰᠢᠶᠠᠯ ᠢ ᠡᠬᠦᠷᠭᠡᠯᠡᠪᠡ᠃ ᠡᠨᠡ ᠬᠤᠭᠤᠴᠠᠭᠠᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠤᠷᠪᠠᠨ ᠬᠠᠪᠴᠢᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠺᠣᠮᠢᠰ ᠤᠨ ᠳᠡᠳ᠋ ᠡᠷᠬᠢᠯᠡᠭᠴᠢ᠂ ᠲᠥᠪ ᠤᠨ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠠᠵᠢᠯ ᠤᠨ ᠬᠤᠷᠢᠶ᠎ᠠ ᠶᠢᠨ ᠱᠦᠵᠢ᠂ ᠲᠥᠪ ᠤᠨ ᠠᠵᠤ ᠠᠬᠤᠶᠢᠯᠠᠯ ᠤᠨ ᠠᠵᠢᠯ ᠤᠨ ᠬᠤᠷᠢᠶ᠎ᠠ ᠶᠢᠨ ᠱᠦᠵᠢ ᠵᠡᠷᠭᠡ ᠲᠤᠰᠢᠶᠠᠯ ᠢ ᠬᠠᠪᠰᠤᠷᠭᠠᠨ ᠡᠬᠦᠷᠭᠡᠯᠡᠪᠡ᠃ ᠲᠡᠷᠡ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠨ᠂ ᠥᠭᠡᠷᠡᠴᠢᠯᠡᠯᠲᠡ ᠬᠦᠭᠵᠢᠯᠳᠠ ᠲᠣᠭᠲᠠᠭᠤᠨ ᠤ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠤᠯᠤᠰ ᠤᠨ ᠥᠮᠴᠢᠯᠡᠯ ᠤᠨ ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠥᠭᠡᠷᠡᠴᠢᠯᠡᠯᠲᠡ ᠪᠠ ᠬᠦᠴᠢᠷᠳᠡᠯ ᠠᠴᠠ ᠠᠩᠭᠢᠵᠢᠷᠠᠭᠤᠯᠬᠤ ᠭᠤᠷᠪᠠᠨ ᠵᠢᠯ ᠤᠨ ᠬᠠᠷᠠᠯᠲᠠ ᠶᠢ ᠬᠤᠭᠤᠴᠠᠭ᠎ᠠ ᠶᠣᠰᠣᠭᠠᠷ ᠦᠨᠳᠦᠰᠦᠨ ᠳᠡᠭᠡᠨ ᠪᠡᠶᠡᠯᠡᠭᠦᠯᠬᠦ ᠶᠢ ᠠᠬᠢᠭᠤᠯᠵᠤ᠂ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠤᠨ ᠪᠠᠶᠢᠭᠤᠯᠤᠯᠲᠠ ᠶᠢ ᠲᠦᠷᠭᠡᠳᠭᠡᠨ᠂ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠭᠤᠯᠤᠯᠳᠠ ᠶᠢ ᠲᠤᠬᠢᠷᠠᠭᠤᠯᠬᠤ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠥᠭᠡᠷᠡᠴᠢᠯᠡᠨ ᠪᠠᠶᠢᠭᠤᠯᠵᠤ᠂ ᠲᠠᠬᠢᠨ ᠠᠵᠢᠯ ᠣᠯᠭᠤᠬᠤ ᠠᠵᠢᠯ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠶᠡᠭᠡ ᠬᠡᠮᠵᠢᠶᠡᠨ ᠤ ᠭᠠᠷᠮᠠᠭᠠᠢ ᠪᠦᠲᠦᠮᠵᠢᠲᠡᠢ ᠠᠵᠢᠯ ᠢ ᠬᠢᠵᠠᠢ᠃ ᠲᠡᠷᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠷᠪᠠᠨ ᠬᠠᠪᠴᠢᠯ ᠤᠨ ᠪᠠᠷᠢᠯᠭ᠎ᠠ ᠪᠣᠯᠤᠨ ᠲᠡᠮᠤᠷ ᠵᠠᠮ᠂ ᠵᠠᠰᠠᠮᠠᠯ ᠵᠠᠮ᠂ ᠭᠠᠷᠠᠮ᠂ ᠰᠢᠦᠳᠠᠨ ᠴᠠᠬᠢᠯᠭᠠᠨ ᠴᠢᠮᠡᠭᠡ ᠬᠤᠯᠪᠣᠭᠠᠨ ᠤ ᠪᠦᠳᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠦᠴᠦ ᠪᠠᠨ ᠲᠥᠪᠯᠡᠷᠡᠭᠦᠯᠦᠨ ᠪᠦᠬᠦ ᠲᠠᠯ᠎ᠠ ᠳᠤ ᠬᠤᠯᠪᠣᠭᠳᠠᠬᠤ ᠨᠢᠭᠡ ᠪᠦᠯᠦᠭ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠢ ᠪᠦᠳᠦᠭᠡᠨ ᠪᠠᠶᠢᠭᠤᠯᠵᠤ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠨᠥᠭᠡᠴᠡ ᠬᠦᠴᠦᠨ ᠢ ᠦᠨᠡᠨ ᠬᠦ ᠴᠢᠩᠭᠠᠳᠬᠠᠪᠠ᠃   2002 ᠣᠨ ᠤ 11 ᠰᠠᠷ᠎ᠠ ᠳᠤ᠂ ᠡᠦ ᠪᠠᠩ ᠭᠦᠸᠧ ᠨᠥᠬᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠵᠢᠷᠭᠤᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠠᠩᠬᠠᠳᠤᠭᠠᠷ ᠪᠦᠭᠦᠳᠡ ᠬᠤᠷᠠᠯ ᠳᠡᠭᠡᠷ᠎ᠡ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠪᠠᠶᠢᠩᠭᠤ ᠶᠢᠨ ᠭᠡᠰᠢᠭᠦᠨ ᠢᠶᠠᠷ ᠰᠣᠩᠭᠤᠭᠳᠠᠪᠠ᠃ 2003 ᠣᠨ ᠤ 3 ᠰᠠᠷ᠎ᠠ ᠳᠤ᠂ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ᠂ ᠲᠡᠷᠡ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠪᠠᠷ ᠰᠣᠩᠭᠤᠭᠳᠠᠵᠤ᠂ ᠲᠤᠰ ᠰᠠᠷ᠎ᠠ ᠳᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠲᠤᠰᠢᠶᠠᠯ ᠢ ᠡᠬᠦᠷᠭᠡᠯᠡᠪᠡ᠃ 2007 ᠣᠨ ᠤ 10 ᠰᠠᠷ᠎ᠠ ᠳᠤ᠂ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠣᠯᠣᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠠᠩᠬᠠᠳᠤᠭᠠᠷ ᠪᠦᠬᠦᠳᠡ ᠬᠤᠷᠠᠯ ᠳᠡᠭᠡᠷ᠎ᠡ ᠳᠠᠬᠢᠨᠲᠠ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠪᠠᠶᠢᠩᠭᠤ ᠶᠢᠨ ᠭᠡᠰᠢᠭᠦᠨ ᠢᠶᠠᠷ ᠰᠣᠩᠭᠤᠭᠳᠠᠪᠠ᠃ 2008 ᠣᠨ ᠤ 3 ᠰᠠᠷ᠎ᠠ ᠳᠤ᠂ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ᠂ ᠲᠡᠷᠡ ᠳᠠᠬᠢᠨᠲᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠪᠠᠷ ᠰᠣᠩᠭᠤᠭᠳᠠᠵᠤ᠂ ᠲᠤᠰ ᠰᠠᠷ᠎ᠠ ᠳᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠲᠤᠰᠢᠶᠠᠯ ᠢ ᠡᠬᠦᠷᠭᠡᠯᠡᠪᠡ᠃ ᠲᠡᠷᠡ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠨ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠠᠵᠢᠯ ᠤᠨ ᠪᠣᠳᠠᠲᠤ ᠦᠷ᠎ᠡ ᠪᠦᠲᠦᠮᠵᠢ ᠪᠠᠨ ᠲᠠᠰᠤᠷᠠᠯᠳᠠ ᠦᠭᠡᠢ ᠴᠢᠩᠭᠠᠳᠬᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠤᠨᠤᠯ ᠪᠠ ᠦᠢᠯᠡᠳᠦᠯᠭᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠤᠨ ᠬᠥᠭᠵᠢᠭᠦᠯᠵᠦ᠂ ᠨᠡᠶᠢᠭᠡᠮ ᠵᠢᠷᠤᠮ ᠤᠨ ᠠᠷᠠᠳᠴᠢᠯᠠᠯ ᠢ ᠬᠥᠭᠵᠢᠭᠦᠯᠬᠦ᠂ ᠨᠡᠶᠢᠭᠡᠮ ᠵᠢᠷᠤᠮ ᠤᠨ ᠬᠠᠤᠯᠢ ᠲᠦᠷᠢᠮ ᠢ ᠪᠦᠷᠢᠨᠰᠢᠬᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃   ᠡᠦ ᠪᠠᠩ ᠭᠦᠸᠧ ᠨᠥᠬᠦᠷ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠴᠢᠬᠤᠯᠠ ᠤᠳᠤᠷᠢᠳᠤᠭᠴᠢ ᠮᠥᠨ᠃ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠲᠡᠷᠡ ᠬᠠᠤᠯᠢ ᠲᠣᠭᠲᠠᠭᠠᠬᠤ ᠠᠵᠢᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ ᠶᠢ ᠪᠠᠷᠢᠮᠲᠠᠯᠠᠵᠤ᠂ ᠰᠢᠨ᠎ᠡ ᠪᠠᠶᠢᠳᠠᠯ ᠳᠤ ᠵᠣᠬᠢᠴᠠᠭᠤᠯᠤᠨ ᠬᠤᠯᠪᠣᠭᠳᠠᠯ ᠪᠦᠬᠦᠢ ᠬᠠᠤᠯᠢ ᠴᠠᠭᠠᠵᠠ ᠶᠢ ᠲᠣᠭᠲᠠᠭᠠᠨ ᠵᠠᠰᠠᠪᠤᠷᠢ ᠣᠷᠣᠭᠤᠯᠵᠤ᠂ ᠬᠠᠤᠯᠢ ᠴᠠᠭᠠᠵᠠ ᠶᠢ ᠴᠡᠪᠡᠷᠯᠡᠨ ᠴᠡᠭᠴᠡᠯᠡᠬᠦ ᠠᠵᠢᠯ ᠢ ᠲᠥᠪᠯᠡᠷᠡᠭᠦᠯᠦᠨ ᠥᠷᠨᠢᠭᠦᠯᠪᠡ᠃ ᠲᠡᠷᠡ ᠲᠥᠪ ᠤᠨ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠤᠨ ᠡᠬᠡ ᠨᠤᠤᠷᠠᠭ ᠢ ᠵᠣᠬᠢᠶᠠᠨ ᠪᠠᠶᠢᠭᠤᠯᠤᠨ ᠲᠤᠭᠤᠷᠪᠢᠭᠰᠠᠨ ᠪᠥᠭᠡᠳ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠢᠶᠠᠷ ᠪᠠᠳᠤᠯᠠᠭᠤᠯᠪᠠ᠃ ᠲᠡᠷᠡ ᠤᠯᠤᠰ ᠢ ᠬᠠᠭᠠᠴᠠᠭᠤᠯᠬᠤ ᠶᠢ ᠡᠰᠡᠷᠭᠦᠴᠡᠬᠦ ᠬᠠᠤᠯᠢ᠂ ᠪᠣᠳᠠᠰ ᠤᠨ ᠡᠷᠬᠡ ᠶᠢᠨ ᠬᠠᠤᠯᠢ ᠵᠡᠷᠭᠡ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ ᠠᠯᠢ ᠣᠯᠠᠨ ᠬᠠᠤᠯᠢ ᠴᠠᠭᠠᠵᠠ ᠶᠢ ᠡᠷᠬᠢᠯᠡᠨ ᠲᠣᠭᠲᠠᠭᠠᠵᠤ ᠵᠠᠰᠠᠪᠤᠷᠢ ᠣᠷᠣᠭᠤᠯᠤᠨ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠤᠨ ᠪᠦᠷᠢᠯᠳᠦᠬᠦ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠲᠡᠷᠡ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠪᠣᠯ ᠬᠥᠳᠡᠯᠦᠩᠭᠦᠶ᠂ ᠨᠡᠭᠡᠭᠡᠯᠲᠡ ᠲᠠᠢ᠂ ᠬᠥᠭᠵᠢᠯᠲᠡ ᠲᠠᠢ ᠶᠤᠮ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠳᠦᠯᠭᠡ ᠶᠢᠨ ᠬᠥᠭᠵᠢᠯᠲᠡ ᠶᠢ ᠳᠠᠭᠠᠯᠳᠤᠨ ᠬᠥᠭᠵᠢᠬᠦ ᠬᠡᠷᠡᠭᠲᠡᠶ ᠭᠡᠵᠦ ᠴᠢᠬᠤᠯᠠᠴᠢᠯᠠᠪᠠ᠃ ᠲᠡᠷᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠴᠥᠮ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠳᠤ ᠠᠰᠢᠭᠲᠠᠢ᠂ ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ ᠳᠤ ᠠᠰᠢᠭᠲᠠᠢ ᠪᠠᠶᠢᠬᠤ ᠬᠡᠷᠡᠭᠲᠡᠢ᠃ ᠡᠭᠦᠨ ᠢ ᠬᠡᠵᠢᠶ᠎ᠡ ᠴᠦ ᠭᠡᠰᠡᠨ ᠭᠤᠶᠢᠪᠢᠭᠤᠯᠵᠤ ᠪᠣᠯᠬᠤ ᠦᠭᠡᠢ ᠭᠡᠵᠦ ᠴᠢᠬᠤᠯᠠᠴᠢᠯᠠᠪᠠ᠃ ᠲᠡᠷᠡ ᠰᠢᠨ᠎ᠡ ᠭᠠᠷᠤᠭ᠎ᠠ ᠲᠡᠭᠡᠷ᠎ᠡ ᠬᠠᠤᠯᠢ ᠲᠣᠭᠲᠠᠭᠠᠬᠤ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠯᠲᠡ ᠶᠢ ᠰᠦᠪᠡᠭᠴᠢᠯᠡᠨ ᠥᠷᠨᠢᠭᠦᠯᠵᠦ᠂ ᠬᠠᠤᠯᠢ ᠲᠣᠭᠲᠠᠭᠠᠬᠤ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠪᠦᠲᠦᠮᠵᠢᠲᠡᠢ ᠬᠡᠷᠡᠭᠵᠢᠭᠦᠯᠦᠭᠳᠡᠬᠦ ᠶᠢ ᠠᠬᠢᠭᠤᠯᠪᠠ᠃ ᠲᠡᠷᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠭᠤᠣᠯ ᠠᠵᠢᠯ ᠤᠨ ᠲᠤᠭᠤᠷᠢᠨ ᠳᠤ ᠪᠠᠶᠢᠬᠤ᠂ ᠭᠤᠣᠯᠳᠠᠯᠭ᠎ᠠ ᠶᠢ ᠲᠤᠪᠤᠶᠢᠯᠭᠠᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠬᠢᠨᠠᠯᠲᠠ ᠲᠠᠯᠪᠢᠬᠤ ᠠᠵᠢᠯ ᠤᠨ ᠰᠡᠳᠭᠢᠮᠵᠢ ᠶᠢ ᠲᠣᠳᠣᠷᠬᠠᠢ ᠳᠤᠷᠠᠳᠤᠨ ᠭᠠᠷᠭᠠᠵᠤ᠂ ᠬᠢᠨᠠᠯᠲᠠ ᠲᠠᠯᠪᠢᠬᠤ ᠠᠵᠢᠯ ᠤᠨ ᠬᠡᠯᠪᠡᠷᠢ ᠠᠷᠭ᠎ᠠ ᠪᠠᠷᠢᠯ ᠢ ᠲᠡᠭᠦᠯᠳᠡᠷᠵᠢᠭᠦᠯᠦᠨ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠪᠠ᠃ ᠲᠡᠷᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠨᠢ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠶᠢ ᠲᠠᠭᠠᠬᠤ ᠪᠠ ᠲᠡᠭᠦᠨ ᠳᠤ ᠦᠢᠯᠡᠴᠢᠯᠡᠬᠦ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭᠠᠨ ᠤ ᠣᠨᠴᠠᠯᠢᠭ ᠪᠠ ᠳᠠᠪᠠᠭᠤᠯᠢᠭ ᠢ ᠪᠠᠳᠠᠷᠠᠭᠤᠯᠬᠤ ᠶᠢ ᠴᠢᠬᠤᠯᠠᠴᠢᠯᠠᠵᠤ᠂ ᠡᠯ᠎ᠡ ᠤᠯᠤᠰ ᠤᠨ ᠵᠥᠪᠯᠡᠯᠭᠡᠨ ᠤ ᠬᠤᠷᠠᠯ ᠵᠢᠴᠢ ᠤᠯᠠᠨ ᠲᠠᠯᠠᠲᠤ ᠵᠥᠪᠯᠡᠯᠭᠡᠨ ᠤ ᠬᠤᠷᠠᠯ ᠤᠨ ᠵᠣᠬᠢᠶᠠᠨ ᠪᠠᠶᠢᠭᠤᠯᠤᠯᠲᠠ ᠯᠤᠭ᠎ᠠ ᠶᠢᠨ ᠨᠥᠬᠦᠷᠰᠡᠭ ᠬᠠᠷᠢᠯᠴᠠᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭᠠᠨ ᠤ ᠰᠢᠨ᠎ᠡ ᠪᠠᠶᠢᠳᠠᠯ ᠢ ᠪᠤᠢ ᠪᠣᠯᠭᠠᠬᠤ ᠶᠢ ᠠᠬᠢᠭᠤᠯᠪᠠ᠃ ᠲᠡᠷᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠬᠤ ᠶᠢ ᠲᠦᠢᠯ ᠢᠶᠠᠷ ᠴᠢᠬᠤᠯᠠᠴᠢᠯᠠᠵᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠤᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ ᠤᠳ ᠢ ᠤᠳᠤᠷᠢᠳᠤᠨ ᠰᠤᠳᠤᠯᠤᠨ ᠲᠣᠭᠲᠠᠭᠠᠵᠤ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠳᠡᠮᠵᠢᠨ ᠪᠠᠲᠤᠯᠠᠵᠤ᠂ ᠲᠥᠯᠥᠭᠡᠯᠡᠭᠴᠢᠳ ᠤᠨ ᠠᠵᠢᠯ ᠤᠨ ᠳᠦᠷᠢᠮᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠲᠥᠯᠥᠭᠡᠯᠡᠭᠴᠢᠳ ᠤᠨ ᠲᠦᠷᠦ ᠶᠢᠨ ᠶᠠᠪᠤᠳᠠᠯ ᠳᠤ ᠣᠷᠣᠯᠴᠠᠬᠤ ᠪᠠ ᠲᠦᠷᠦ ᠶᠢᠨ ᠶᠠᠪᠤᠳᠠᠯ ᠢ ᠬᠠᠮᠢᠶᠠᠷᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠪᠠ᠃ ᠲᠡᠷᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠢ ᠵᠦᠪᠯᠡᠯ ᠤᠨ ᠦᠢᠯᠡᠳᠦᠯ ᠢ ᠪᠠᠳᠠᠷᠠᠭᠤᠯᠵᠤ᠂ ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   2013 ᠣᠨ ᠤ 3 ᠰᠠᠷ᠎ᠠ ᠳᠤ᠂ ᠡᠤ ᠪᠠᠩ ᠭᠦᠸᠧ ᠨᠥᠬᠦᠷ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠬᠦ ᠪᠠᠨ ᠪᠤᠯᠢᠵᠠᠢ᠃ ᠤᠳᠤᠷᠢᠳᠬᠤ ᠪᠠᠶᠢᠷᠢ ᠠᠴᠠ ᠪᠠᠨ ᠪᠠᠭᠤᠭᠰᠠᠨ ᠤ ᠳᠠᠷᠠᠭ᠎ᠠ᠂ ᠲᠡᠷᠡ ᠰᠢ ᠶᠢᠨ ᠫᠢᠩ ᠨᠥᠬᠦᠷ ᠢᠶᠠᠷ ᠭᠤᠤᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠶᠢ ᠡᠷᠡᠰ ᠬᠦᠷᠢᠶᠡᠯᠡᠨ ᠳᠡᠮᠵᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠨᠠᠮ ᠪᠣᠯᠤᠨ ᠲᠦᠷᠦ ᠶᠢᠨ ᠠᠵᠢᠯ ᠦᠢᠯᠡᠰ ᠤᠨ ᠬᠥᠭᠵᠢᠯᠲᠡ ᠶᠢ ᠬᠠᠯᠠᠮᠵᠢᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠠᠯ ᠢ ᠡᠰᠡᠷᠭᠦᠴᠡᠬᠦ ᠲᠡᠮᠡᠴᠡᠯ ᠢ ᠡᠷᠡᠰ ᠳᠡᠮᠵᠢᠪᠡ᠃   ᠡᠦ ᠪᠠᠩ ᠭᠦᠸᠧ ᠨᠥᠬᠦᠷ ᠤᠨ ᠨᠢᠭᠡ ᠨᠠᠰᠤ ᠪᠣᠯ ᠬᠤᠪᠢᠰᠬᠠᠯ ᠤᠨ ᠨᠢᠭᠡ ᠨᠠᠰᠤ᠂ ᠬᠡᠷᠠᠯ ᠰᠠᠴᠣᠷᠠᠩᠭᠤᠢ ᠨᠢᠭᠡ ᠨᠠᠰᠤ᠂ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠭᠰᠡᠨ ᠨᠢᠭᠡ ᠨᠠᠰᠤ᠂ ᠡᠪ ᠬᠠᠮᠲᠤ ᠶᠤᠰᠤᠨ ᠤ ᠬᠦ᠋ᠰᠡᠯᠡᠩ᠂ ᠨᠠᠮ ᠪᠠ ᠲᠦᠷᠦ ᠶᠢᠨ ᠠᠵᠢᠯ ᠦᠢᠯᠡᠰ ᠤᠨ ᠲᠥᠯᠥᠭᠡ ᠴᠤᠴᠠᠯᠲᠠ ᠦᠭᠡᠢ ᠲᠡᠮᠡᠴᠡᠭᠰᠡᠨ ᠨᠢᠭᠡ ᠨᠠᠰᠤ ᠮᠥᠨ᠃ ᠲᠡᠭᠦᠨ ᠤ ᠨᠠᠰᠤ ᠪᠠᠷᠠᠭᠰᠠᠨ ᠨᠢ ᠨᠠᠮ ᠪᠠ ᠲᠦᠷᠦ ᠶᠢᠨ ᠬᠦᠨᠳᠦ ᠶᠡᠭᠡ ᠬᠤᠬᠢᠷᠠᠯ ᠮᠥᠨ᠃ ᠪᠢᠳᠡ ᠡᠮᠭᠡᠨᠢᠯ ᠢᠶᠠᠨ ᠬᠦᠴᠦᠨ ᠪᠣᠯᠭᠠᠨ ᠬᠤᠪᠢᠷᠠᠭᠤᠯᠵᠤ᠂ ᠲᠡᠭᠦᠨ ᠤ ᠬᠤᠪᠢᠰᠬᠠᠯᠲᠤ ᠵᠣᠷᠢᠭ ᠰᠠᠨᠠᠭ᠎ᠠ᠂ ᠡᠷᠬᠢᠮ ᠳᠡᠭᠡᠳᠦ ᠶᠤᠰᠤ ᠰᠤᠷᠲᠠᠬᠤᠨ ᠪᠠ ᠰᠢᠯᠢᠳᠡᠭ ᠰᠤᠷᠲᠠᠯ ᠢ ᠲᠠᠭᠠᠨ ᠰᠤᠷᠤᠯᠴᠠᠵᠤ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠨᠢᠭᠡ ᠰᠡᠳᠭᠢᠯ ᠨᠢᠭᠡ ᠵᠣᠷᠢᠭ ᠢᠶᠠᠷ᠂ ᠡᠷᠴᠢ ᠵᠣᠷᠢᠭ ᠢᠶᠠᠨ ᠬᠥᠪᠴᠢᠯᠡᠨ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ᠃   ᠡᠦ ᠪᠠᠩ ᠭᠦᠸᠧ ᠨᠥᠬᠦᠷ ᠥᠨᠢᠳᠡ ᠪᠠᠯᠠᠷᠠᠰᠢ ᠦᠭᠡᠶ︕   ︵ᠰᠢᠨᠬᠤᠸᠠ ᠬᠤᠷᠢᠶ᠎ᠠ ᠶᠢᠨ ᠪᠡᠬᠡᠵᠢᠩ ᠤᠨ 10 ᠰᠠᠷ᠎ᠠ ᠶᠢᠨ 8 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号