ᠠᠮᠤ ᠪᠤᠳᠠᠭᠠᠨ ᠤ ᠬᠤᠬᠢᠷᠠᠯ ᠢ ᠪᠠᠭᠠᠰᠬᠠᠬᠤ᠂ ᠲᠠᠷᠢᠶᠠᠴᠢᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠶᠢ | ᠪᠡᠶᠡᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠰᠢᠨᠠᠵᠠᠮ ᠰᠤᠮᠤ ᠨᠠᠮ ᠤᠨ ᠬᠤᠷᠢ᠊ ᠡᠶ᠎ᠡ ᠪᠠᠷ | ᠭᠤᠣᠯᠯᠠᠭᠤᠯᠬᠤ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭ᠎ᠠ᠂ ᠰᠠᠯᠠᠭ᠎ᠠ ᠮᠥᠴᠢᠷ ᠬᠠᠮᠵᠢᠯᠴᠠᠬᠤ᠂ ᠵᠢᠱᠢᠶ᠎ᠡ | ᠦᠵᠡᠭᠦᠯᠦᠨ ᠤᠷᠢᠳ ᠢᠶᠠᠷ ᠬᠡᠷᠡᠭᠵᠢᠭᠦᠯᠬᠦ᠂ ᠠᠯᠬᠤᠮ ᠠᠯᠬᠤᠮ ᠢᠶᠠᠷ ᠠᠬᠢᠭᠤᠯᠬᠤ ᠵᠡᠷᠭᠡ ᠠᠵᠢᠯ ᠤᠨ ᠵᠠᠭᠪᠤᠷ ᠢᠶᠠᠷ | ᠳᠠᠮᠵᠢᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠨᠵᠢᠯᠡᠬᠦ ᠤᠬᠠᠭᠠᠨᠴᠢ ᠪᠠᠷ ᠠᠮᠤ | ᠪᠤᠳᠠᠭ᠎ᠠ ᠨᠥᠭᠡᠴᠡᠯᠡᠬᠦ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠮᠤ ᠪᠤᠳᠠᠭᠠᠨ ᠤ | ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠪᠡ᠃ | ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤᠳᠬᠠᠨ᠎ᠠ᠃ | ᠰᠢᠨᠠᠵᠠᠮ ᠰᠤᠮᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠂ ᠰᠢᠨᠵᠢᠯᠡᠬᠦ ᠤᠬᠠᠭᠠᠨᠴᠢ ᠪᠠᠷ ᠠᠮᠤ | ᠪᠤᠳᠠᠭ᠎ᠠ ᠨᠥᠭᠡᠴᠡᠯᠡᠬᠦ ᠲᠤᠰᠬᠠᠢ ᠰᠡᠳᠦᠪᠲᠦ ᠠᠬᠢᠭᠤᠯᠬᠤ ᠬᠤᠷᠠᠯ ᠬᠤᠷᠠᠯᠳᠤᠭᠤᠯᠵᠤ᠂ ᠨᠠᠮ ᠵᠠᠰᠠᠭ ᠤᠨ ᠨᠢᠭᠡᠳᠦᠭᠡᠷ | ᠭᠠᠷ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠳᠠᠲᠠᠢ ᠠᠳᠬᠤᠬᠤ᠂ ᠬᠡᠰᠡᠭ | ᠳᠠᠭᠠᠭᠠᠴᠢᠯᠠᠭᠰᠠᠨ ᠤᠳᠤᠷᠢᠳᠤᠯᠭ᠎ᠠ ᠵᠣᠬᠢᠴᠠᠭᠤᠯᠤᠨ ᠠᠳᠬᠤᠬᠤ᠂ ᠡᠯ᠎ᠡ ᠭᠠᠴᠠᠭᠠᠨ ᠤ ᠱᠦᠵᠢ ᠬᠠᠮᠲᠤ ᠪᠠᠷ | ᠠᠳᠬᠤᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠣᠢ ᠪᠣᠯᠭᠠᠪᠠ᠃ ᠰᠢᠨᠵᠢᠯᠡᠬᠦ ᠤᠬᠠᠭᠠᠨᠴᠢ ᠪᠠᠷ ᠠᠮᠤ | ᠪᠤᠳᠠᠭ᠎ᠠ ᠨᠥᠭᠡᠴᠡᠯᠡᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠡᠯ᠎ᠡ | ᠭᠠᠴᠠᠭ᠎ᠠ ᠶᠢ ᠵᠣᠬᠢᠶᠠᠨ ᠪᠠᠶᠢᠭᠤᠯᠤᠨ ᠲᠤᠬᠠᠢ ᠶᠢᠨ ᠭᠠᠵᠠᠷ ᠲᠤᠨᠢ ᠪᠠᠶᠢᠴᠠᠭᠠᠨ ᠵᠢᠭᠰᠠᠭᠠᠵᠤ᠂ ᠡᠯ᠎ᠡ ᠭᠠᠴᠠᠭᠠᠨ ᠤ | ᠲᠠᠷᠢᠬᠤ ᠲᠠᠯᠠᠪᠠᠢ᠂ ᠤᠨᠠᠯᠲᠠ ᠶᠢ ᠲᠥᠰᠦᠭᠡᠯᠡᠨ ᠵᠢᠱᠢᠬᠦ ᠵᠡᠷᠭᠡ ᠪᠣᠳᠠᠲᠠᠢ ᠪᠠᠶᠢᠳᠠᠯ ᠢ ᠡᠵᠡᠮᠰᠢᠨ᠂ ᠰᠢᠨᠵᠢᠯᠡᠬᠦ | ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠡᠬᠡ ᠳᠠᠩᠰᠠ ᠶᠢ ᠪᠠᠶᠢᠭᠤᠯᠵᠤ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠠᠮᠤ ᠪᠤᠳᠠᠭ᠎ᠠ ᠨᠥᠭᠡᠴᠡᠯᠡᠬᠦ ᠠᠷᠭ᠎ᠠ ᠶᠢ ᠰᠣᠩᠭᠤᠪᠠ᠃ | ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠤᠢ | ᠪᠣᠯᠭᠠᠨ᠎ᠠ᠃ ᠡᠯᠭᠦᠭᠡ ᠪᠢᠴᠢᠭᠡᠰᠦ ᠡᠯᠭᠦᠬᠦ᠂ ᠡᠷᠦᠬᠡ ᠳᠤ ᠣᠷᠣᠵᠤ ᠤᠬᠠᠭᠤᠯᠬᠤ᠂ ᠸᠢᠴᠠᠲ ᠤᠨ ᠬᠤᠯᠪᠣᠭ᠎ᠠ ᠪᠠᠷ | ᠬᠦᠷᠭᠡᠬᠦ᠂ ︽ᠲᠣᠰᠬᠤᠨ ᠪᠣᠯᠭᠠᠨ ᠳᠤ ᠳᠠᠭᠤᠷᠢᠰᠬᠤ︾ ᠷᠠᠳᠢᠣ᠋ ᠨᠡᠪᠲᠡᠷᠡᠭᠦᠯᠭᠡ ᠵᠡᠷᠭᠡ ᠣᠯᠠᠨ ᠵᠦᠢᠯ ᠤᠨ ᠠᠷᠭ᠎ᠠ | ᠬᠡᠯᠪᠡᠷᠢ ᠪᠠᠷ ᠥᠷᠭᠡᠨ ᠳᠡᠯᠭᠡᠷ ᠤᠬᠠᠭᠤᠯᠭ᠎ᠠ ᠬᠢᠵᠦ᠂ ᠠᠮᠤᠷ ᠲᠦᠪᠰᠢᠨ ᠢᠶᠠᠷ ᠠᠮᠤ ᠪᠤᠳᠠᠭ᠎ᠠ ᠨᠥᠭᠡᠴᠡᠯᠡᠬᠦ | ᠮᠡᠷᠭᠡᠵᠢᠯ ᠤᠨ ᠮᠡᠳᠡᠯᠭᠡ ᠶᠢ ᠳᠡᠯᠭᠡᠷᠡᠭᠦᠯᠦᠨ ᠲᠦᠭᠡᠮᠡᠯᠵᠢᠭᠦᠯᠵᠦ᠂ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ | ᠪᠠᠶᠢᠭᠠᠳ ᠤᠯᠠᠮᠵᠢᠯᠠᠯᠲᠤ ᠠᠮᠤ ᠪᠤᠳᠠᠭ᠎ᠠ ᠨᠥᠭᠡᠴᠡᠯᠡᠬᠦ ᠳᠠᠳᠬᠠᠯ ᠢ ᠨᠢ ᠬᠤᠪᠢᠷᠠᠭᠤᠯᠵᠤ᠂ ᠲᠠᠷᠢᠶᠠᠴᠢᠨ ᠡᠷᠦᠬᠡ ᠶᠢᠨ | ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠣᠳᠣᠬᠠᠨ ᠪᠣᠯᠲᠠᠯ᠎ᠠ᠂ ᠨᠢᠭᠡᠨᠲᠡ 15 ᠤᠬᠠᠭᠤᠯᠭ᠎ᠠ ᠶᠢᠨ | ᠡᠯᠭᠦᠭᠡ ᠪᠢᠴᠢᠭᠡᠰᠦ ᠵᠣᠬᠢᠶᠠᠵᠤ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠤᠬᠠᠭᠤᠯᠭ᠎ᠠ ᠶᠢᠨ | ᠠᠵᠢᠯᠯᠠᠭ᠎ᠠ ᠶᠢ 26 ᠲᠠᠯᠠᠪᠤᠷ ᠥᠷᠨᠢᠭᠦᠯᠵᠦ᠂ ᠠᠮᠤ ᠪᠤᠳᠠᠭ᠎ᠠ ᠶᠢ ᠬᠠᠶᠢᠷᠠᠯᠠᠵᠤ ᠠᠮᠤ ᠪᠤᠳᠠᠭ᠎ᠠ ᠠᠷᠪᠢᠯᠠᠬᠤ ᠭᠦᠨ | ᠵᠤᠵᠠᠭᠠᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠣᠢ ᠪᠣᠯᠭᠠᠪᠠ᠃ |