ᠪᠠᠢ ᠵᠢᠶᠠᠨ ᠫᠢᠩ᠄ ᠲᠤᠰᠬᠠᠢ ᠮᠡᠷᠭᠡᠵᠢᠯ ᠪᠠ ᠬᠠᠯᠠᠭᠤᠨ ᠰᠡᠳᠬᠢᠯᠭᠡ ᠪᠠᠷ ᠨᠠᠰᠤᠲᠠᠨ ᠤ ᠥᠲᠡᠯᠦᠭᠡ ᠨᠠᠰᠤᠨ ᠤ ᠠᠮᠢᠳᠤᠷᠠᠯ ᠢ ᠭᠡᠷᠡᠯᠲᠦᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/11/12
   ᠴᠡᠷᠢᠭ ᠠᠴᠠ ᠬᠠᠯᠠᠭᠳᠠᠭᠰᠠᠳ ᠪᠣᠯᠤᠨ ᠵᠠᠯᠠᠭᠤ ᠺᠠᠳ᠋ᠷᠴᠤᠳ ᠠᠴᠠ 2024 ᠤᠨ ᠪᠣᠯᠲᠠᠯᠠᠬᠢ ᠪᠦᠬᠦ ᠣᠷᠣᠨ ᠤ ︽ᠬᠠᠮᠤᠭ ᠤᠨ ᠭᠤᠶᠣ ᠠᠰᠠᠷᠠᠭᠴᠢ︾ ᠬᠦᠷᠲᠡᠯ᠎ᠡ᠂ 4 ᠵᠢᠯ ᠤᠨ ᠬᠤᠭᠤᠴᠠᠭᠠᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ ᠤᠨ ᠠᠰᠠᠷᠠᠭᠴᠢ ᠪᠠᠢ ᠵᠢᠶᠠᠨ ᠫᠢᠩ ᠢᠮᠠᠭᠲᠠ ᠡᠮᠦᠨ᠎ᠡ ᠹᠷᠣᠨᠲ ᠢ ᠪᠠᠲᠤ ᠰᠠᠬᠢᠵᠤ᠂ ᠬᠠᠷᠠᠮ ᠦᠭᠡᠢ ᠵᠢᠳᠬᠦᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠲᠤᠰᠬᠠᠢ ᠮᠡᠷᠭᠡᠵᠢᠯ ᠤᠨ ᠰᠤᠪᠢᠯᠠᠯᠲᠠ ᠶᠢᠨ ᠤᠷ᠎ᠠ ᠴᠢᠳᠠᠪᠤᠷᠢ ᠪᠠᠷ ᠬᠠᠶᠢᠷ᠎ᠠ ᠬᠠᠯᠠᠮᠵᠢ ᠬᠦᠷᠭᠡᠵᠦ᠂ ᠬᠠᠶᠢᠷ᠎ᠠ ᠬᠠᠯᠠᠮᠵᠢ ᠶᠢ ᠨᠠᠰᠤᠵᠢᠯ ᠤᠨ ᠠᠰᠠᠷᠠᠮᠵᠢ ᠶᠢᠨ ᠰᠤᠪᠢᠯᠠᠯᠲᠠ ᠶᠢᠨ ᠵᠠᠮ ᠳᠡᠭᠡᠷ᠎ᠡ ᠬᠠᠷᠠᠮ ᠦᠭᠡᠢ ᠬᠦᠷᠭᠡᠪᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ ᠪᠣᠯ ᠲᠠᠪᠤᠨ ᠪᠠᠲᠤᠯᠠᠭ᠎ᠠ ᠶᠢᠨ ᠡᠲᠡᠭᠡᠳ᠂ ᠬᠤᠲᠠ ᠶᠢᠨ ᠭᠤᠷᠪᠠ ᠦᠭᠡᠢ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ᠂ ᠨᠡᠶᠢᠭᠡᠮᠴᠢᠯᠡᠭᠰᠡᠨ ᠨᠠᠰᠤᠵᠢᠯ ᠤᠨ ᠠᠰᠠᠷᠠᠮᠵᠢ᠂ ᠵᠡᠮᠳᠡᠭᠴᠦᠳ ᠤᠨ ᠨᠠᠶᠢᠳᠠᠨ ᠠᠰᠠᠷᠠᠬᠤ ᠶᠢ ᠨᠢᠭᠡ ᠴᠣᠭᠴᠠ ᠪᠣᠯᠭᠠᠭᠰᠠᠨ ᠶᠡᠷᠦᠩᠬᠡᠶᠢᠯᠡᠭᠰᠡᠨ ᠴᠢᠨᠠᠷᠲᠠᠢ ᠨᠡᠶᠢᠭᠡᠮ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ᠎ᠠ᠂ ᠪᠠᠰᠠ ᠴᠤ ᠪᠠᠢ ᠵᠢᠶᠠᠨ ᠫᠢᠩ ᠤᠨ ᠡᠳᠦᠷ ᠪᠦᠷᠢ ᠰᠢᠷᠭᠠᠭᠤ ᠠᠵᠢᠯᠯᠠᠵᠤ ᠪᠠᠶᠢᠭ᠎ᠠ ᠭᠠᠵᠠᠷ ᠪᠣᠯᠤᠨ᠎ᠠ᠃ ᠨᠢᠭᠡᠳᠦᠭᠡᠷ ᠳᠠᠪᠬᠤᠷᠯᠢᠭ ᠤᠨ ᠢᠳᠡᠭᠡᠨ ᠤᠮᠳᠠᠭᠠᠨ ᠤ ᠦᠢᠯᠡᠴᠢᠯᠡᠭᠡ ᠠᠴᠠ ᠳᠥᠷᠪᠡᠳᠦᠭᠡᠷ ᠳᠠᠪᠬᠤᠷᠯᠢᠭ ᠤᠨ ᠣᠷᠣᠨ ᠰᠠᠭᠤᠴᠠ ᠶᠢ ᠬᠠᠷᠠᠭᠠᠯᠵᠠᠬᠤ ᠬᠦᠷᠲᠡᠯ᠎ᠡ᠂ ᠥᠷᠯᠥᠭᠡ ᠡᠷᠲᠡ ᠪᠣᠰᠬᠤ ᠠᠴᠠ ᠬᠠᠷᠠᠵᠤ ᠬᠠᠷᠠᠭᠠᠯᠵᠠᠬᠤ ᠬᠦᠷᠲᠡᠯ᠎ᠡ᠂ ᠪᠠᠢ ᠵᠢᠶᠠᠨ ᠫᠢᠩ ᠬᠡᠳᠦᠨ ᠵᠢᠯ ᠢ ᠨᠢᠭᠡ ᠡᠳᠦᠷ ᠮᠡᠲᠦ ᠪᠠᠷ ᠡᠨᠡ ᠠᠰᠠᠷ ᠲᠤ ᠰᠦᠯᠵᠢᠯᠳᠦᠨ᠎ᠡ᠃ ᠲᠡᠷᠡ ᠭᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠ ᠴᠥᠬᠦᠷᠡᠰᠢ ᠦᠭᠡᠢ ᠴᠢᠷᠮᠠᠶᠢᠯᠭ᠎ᠠ ᠪᠠᠷ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠶᠡᠷᠦ ᠪᠤᠰᠤ ᠶᠢᠨ ᠭᠡᠷᠡᠯ ᠭᠢᠯᠪᠠᠭ᠎ᠠ ᠰᠠᠴᠤᠷᠠᠪᠠ᠃    4 ᠵᠢᠯ ᠭᠠᠷᠤᠢ ᠶᠢᠨ ᠬᠤᠭᠤᠴᠠᠭ᠎ᠠ ᠬᠡᠳᠦ᠋ᠢᠪᠡᠷ ᠤᠷᠲᠤ ᠪᠤᠰᠤ ᠪᠣᠯᠪᠠᠴᠤ ᠪᠠᠢ ᠵᠢᠶᠠᠨ ᠫᠢᠩ ᠠᠰᠠᠷᠠᠨ ᠰᠤᠪᠢᠯᠠᠬᠤ ᠠᠵᠢᠯ ᠤᠨ ᠬᠠᠶᠢᠷ᠎ᠠ ᠰᠡᠳᠬᠢᠯᠭᠡ ᠪᠠ ᠨᠠᠰᠤᠲᠠᠶᠢᠴᠤᠳ ᠲᠤ ᠦᠨᠡᠨᠴᠢ ᠰᠢᠳᠤᠷᠭᠤ ᠪᠠᠶᠢᠵᠤ᠂ ᠥᠪᠡᠷ ᠤᠨ ᠬᠠᠶᠢᠷ᠎ᠠ ᠬᠠᠯᠠᠮᠵᠢ᠂ ᠲᠡᠰᠪᠦᠷᠢ ᠲᠡᠪᠴᠢᠶᠡᠷᠢ᠂ ᠨᠠᠷᠢᠨ ᠨᠢᠮᠪᠠᠢ ᠠᠵᠢᠯ ᠤᠨ ᠪᠠᠶᠢᠷᠢ ᠳᠡᠭᠡᠷ᠎ᠡ ᠪᠠᠨ ᠨᠠᠷᠢᠨ ᠬᠢᠨᠠᠮᠠᠭᠠᠢ ᠠᠵᠢᠯᠯᠠᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠤᠨ ︽ᠰᠠᠶᠢᠨ ᠨᠠᠶᠢᠵᠠ︾᠂ ᠰᠤᠪᠢᠯᠠᠭᠴᠢ ᠶᠢᠨ ᠰᠠᠶᠢᠨ ᠳᠠᠭᠤᠷᠢᠶᠠᠯ ᠪᠣᠯᠵᠠᠢ᠃ ︽ᠮᠠᠨ ᠤ ᠬᠠᠮᠤᠭ ᠤᠨ ᠭᠤᠶᠣ ᠠᠰᠠᠷᠠᠭᠴᠢ ᠪᠠᠢ ᠵᠢᠶᠠᠨ ᠫᠢᠩ᠂ ᠲᠡᠷᠡ ᠨᠠᠰᠤᠲᠠᠨ ᠤ ᠬᠠᠶᠢᠷ᠎ᠠ ᠬᠠᠯᠠᠮᠵᠢ ᠶᠢ ᠥᠴᠦᠬᠡᠨ ᠴᠦ ᠬᠦᠷᠬᠦ ᠦᠭᠡᠢ᠂ ᠡᠳᠦᠷ ᠲᠤᠲᠤᠮ ᠤᠨ ᠤᠬᠢᠶᠠᠯᠭ᠎ᠠ ᠪᠠ ᠬᠤᠭᠤᠯᠠ ᠲᠡᠵᠢᠭᠡᠯ ᠭᠡᠰᠡᠨ ᠦᠭᠡᠢ᠂ ᠡᠰᠡᠬᠦᠯ᠎ᠡ ᠬᠠᠮᠲᠤ ᠵᠣᠭᠤᠭᠳᠠᠬᠤ ᠴᠤ ᠲᠡᠷᠡ᠂ ᠴᠥᠮ ᠪᠦᠬᠦ ᠰᠡᠳᠬᠢᠯ ᠪᠦᠬᠦ ᠴᠢᠳᠠᠯ ᠢᠶᠠᠷ ᠢᠶᠠᠨ ᠠᠵᠢᠯᠯᠠᠵᠤ᠂ ᠲᠡᠷᠡ ᠬᠡᠵᠢᠶᠡᠳᠡ ᠬᠠᠯᠠᠭᠤᠨ ᠳᠤᠯᠠᠭᠠᠨ ᠢᠨᠢᠶᠡᠮᠰᠦᠭᠯᠡᠯ ᠲᠠᠢ ᠪᠠᠶᠢᠵᠤ᠂ ᠨᠠᠰᠤᠲᠠᠶᠢᠴᠤᠳ ᠤᠨ ᠰᠡᠳᠬᠢᠯ ᠤᠨ ᠦᠭᠡ ᠶᠢ ᠬᠦᠯᠢᠴᠡᠩᠭᠦᠢ ᠪᠠᠷ ᠰᠣᠨᠣᠰᠴᠤ᠂ ᠨᠠᠰᠤᠲᠠᠶᠢᠴᠤᠳ ᠲᠤ ᠭᠡᠷ ᠤᠨ ᠬᠥᠮᠦᠰ ᠮᠡᠲᠦ ᠬᠠᠶᠢᠷ᠎ᠠ ᠬᠠᠯᠠᠮᠵᠢ ᠶᠢ ᠮᠡᠳᠡᠷᠡᠭᠦᠯᠪᠡ᠃ ᠨᠠᠰᠤᠲᠠᠨ ᠤ ᠭᠡᠨᠡᠳᠲᠡ ᠶᠢᠨ ᠪᠠᠶᠢᠳᠠᠯ ᠳᠤ ᠮᠠᠰᠢ ᠲᠦᠷᠭᠡᠨ ᠢᠶᠠᠷ ᠲᠤᠰᠬᠠᠢ ᠮᠡᠷᠭᠡᠵᠢᠯ ᠢᠶᠠᠷ ᠠᠷᠭᠠᠴᠠᠭᠠᠵᠤ᠂ ᠦᠢᠯᠡ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠬᠠᠶᠢᠷ᠎ᠠ ᠬᠠᠯᠠᠮᠵᠢ ᠶᠢ ᠲᠠᠶᠢᠯᠪᠤᠷᠢᠯᠠᠭᠰᠠᠨ ᠪᠠᠶᠢᠨ᠎ᠠ᠂ ᠡᠨᠡ ᠪᠣᠯ ᠪᠤᠢ ᠪᠦᠬᠦᠢ ᠰᠤᠪᠢᠯᠠᠭᠴᠢ ᠶᠢᠨ ᠰᠤᠷᠤᠯᠴᠠᠬᠤ ᠦᠯᠢᠭᠡᠷ ᠳᠠᠭᠤᠷᠢᠶᠠᠯ ᠮᠥᠨ  ︾ ᠭᠡᠵᠤ ᠬᠤᠰᠢᠭᠤᠨ ᠤ ᠲᠥᠪ ᠨᠠᠰᠤᠲᠠᠨ ᠢ ᠠᠰᠠᠷᠠᠬᠤ ᠬᠦᠷᠢᠶᠡᠯᠡᠩ ᠤᠨ ᠠᠰᠠᠷᠠᠭᠴᠢ ᠴᠠᠢ ᠵᠢᠩ ᠯᠢᠶᠠᠩ ᠬᠡᠯᠡᠪᠡ᠃     ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ ᠤ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ ᠳᠤ ᠣᠳᠣ 53 ᠨᠠᠰᠤᠲᠠᠨ ᠣᠷᠣᠵᠤ ᠰᠠᠭᠤᠪᠠ᠃ 4 ᠵᠢᠯ ᠤᠨ ᠬᠤᠭᠤᠴᠠᠭᠠᠨ ᠳᠤ᠂ ᠪᠠᠢ ᠵᠢᠶᠠᠨ ᠫᠢᠩ ᠠᠳᠡᠬᠢ ᠨᠠᠰᠤᠲᠠᠳ ᠨᠢᠭᠡᠪᠦᠷᠢ ᠶᠢᠨ ᠵᠠᠩ ᠴᠢᠨᠠᠷ ᠪᠠ ᠠᠮᠢᠳᠤᠷᠠᠯ ᠤᠨ ᠵᠠᠩ ᠳᠠᠳᠬᠠᠯ ᠢ ᠣᠶᠢᠯᠠᠭᠠᠵᠠᠢ᠃ ᠲᠡᠷᠡ ᠨᠠᠰᠤᠲᠠᠨ ᠤ ᠱᠠᠭᠠᠷᠳᠠᠯᠭ᠎ᠠ ᠶᠢ ᠦᠨᠳᠦᠰᠦᠯᠡᠨ᠂ ᠳᠦᠷᠢ ᠲᠥᠷᠬᠦ ᠪᠠᠨ ᠴᠠᠭ ᠢᠮᠠᠭᠲᠠ ᠬᠤᠪᠢᠷᠠᠭᠤᠯᠵᠤ᠂ ᠲᠡᠳᠡᠨ ᠤ ᠠᠮᠢᠳᠤᠷᠠᠯ ᠳᠠᠬᠢ ᠨᠠᠢᠵᠢ ᠪᠠᠨ ᠨᠡᠩ ᠢᠯᠡᠭᠦᠦ ᠲᠣᠭᠯᠠᠬᠤ ᠶᠢ ᠮᠡᠳᠡᠨ᠎ᠡ᠃ ᠲᠡᠷᠡ ᠪᠠᠰᠠ ᠨᠠᠰᠤᠲᠠᠨ ᠢ ᠬᠦᠯᠢᠴᠡᠩᠭᠦᠢ ᠪᠠᠷ ᠵᠢᠯᠣᠭᠤᠳᠴᠤ᠂ ᠡᠳᠦᠷ ᠪᠦᠷᠢ ᠪᠤᠰᠤᠳ ᠰᠤᠪᠢᠯᠠᠭᠴᠢᠳ ᠲᠠᠢ ᠬᠠᠮᠲᠤ ᠲᠠᠮᠢᠷ ᠤᠨ ᠬᠥᠳᠡᠯᠭᠡᠭᠡᠨ᠂ ᠳᠠᠭᠤᠤ ᠳᠠᠭᠤᠯᠠᠵᠤ᠂ ᠰᠡᠳᠬᠢᠯ ᠤᠨ ᠦᠭᠡ ᠪᠠᠨ ᠶᠠᠷᠢᠯᠴᠠᠵᠤ᠂ ᠲᠡᠳᠡᠨ ᠤ ᠠᠮᠢᠳᠤᠷᠠᠯ ᠢ ᠪᠠᠶᠠᠯᠢᠭ ᠰᠠᠶᠢᠬᠠᠨ ᠪᠣᠯᠭᠠᠵᠤ ᠴᠢᠳᠠᠨ᠎ᠠ᠃ ᠨᠠᠰᠤᠲᠠᠨ ᠳᠤ ᠵᠢᠮᠢᠰ ᠬᠦᠷᠭᠡᠵᠦ ᠥᠭᠪᠡ᠃    ︽ᠦᠨᠳᠦᠰᠦᠨ ᠱᠠᠲᠤᠨ ᠤ ᠨᠠᠰᠤᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢ ᠮᠠᠰᠢ ᠳᠣᠲᠣᠨᠣ ᠰᠠᠨᠠᠭᠳᠠᠵᠤ᠂ ᠡᠳᠦᠷ ᠪᠦᠷᠢ ᠥᠪᠡᠷ ᠤᠨ ᠲᠥᠷᠥᠯ ᠰᠠᠳᠤᠨ ᠲᠠᠢ ᠪᠠᠨ ᠠᠳᠠᠯᠢ ᠪᠠᠷ ᠬᠠᠨᠳᠤᠨ᠎ᠠ᠂ ᠲᠡᠳᠡᠨ ᠤ ᠢᠨᠢᠶᠡᠮᠰᠦᠭᠯᠡᠯ ᠪᠠ ᠲᠠᠯᠠᠷᠬᠠᠯ ᠪᠣᠯ ᠮᠢᠨᠦ ᠪᠠᠷᠢᠮᠲᠠᠯᠠᠭᠰᠠᠨ ᠬᠥᠳᠡᠯᠭᠡᠬᠦ ᠬᠦᠴᠦᠨ ᠮᠥᠨ᠂ ᠡᠨᠡ ᠬᠦ ᠠᠵᠢᠯ ᠨᠢ ᠬᠠᠷᠢᠭᠤᠴᠠᠯᠭ᠎ᠠ ᠪᠠ ᠬᠠᠶᠢᠷ᠎ᠠ ᠶᠢ ᠠᠴᠢᠶᠠᠯᠠᠵᠤ ᠪᠠᠶᠢᠬᠤ ᠶᠢ ᠪᠢ ᠮᠡᠳᠡᠵᠦ᠂ ᠡᠨᠡ ᠬᠦ ᠢᠷᠠᠭᠤ ᠠᠯᠳᠠᠷ ᠢᠶᠠᠨ ᠠᠪᠴᠤ ᠦᠷᠭᠦᠯᠵᠢᠯᠡᠨ ᠤᠷᠤᠭᠰᠢᠯᠠᠵᠤ᠂ ᠨᠠᠩ ᠬᠠᠯᠠᠭᠤᠨ ᠳᠤᠯᠠᠭᠠᠨ ᠰᠡᠳᠬᠢᠯ᠂ ᠨᠡᠩ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠᠷ ᠨᠠᠰᠤᠲᠠᠶᠢᠴᠤᠳ ᠤᠨ ᠥᠲᠡᠯᠦᠭᠡ ᠨᠠᠰᠤᠨ ᠤ ᠠᠮᠢᠳᠤᠷᠠᠯ ᠳᠤ ᠨᠡᠩ ᠣᠯᠠᠨ ᠬᠠᠯᠠᠮᠵᠢᠯᠠᠯ ᠬᠦᠷᠲᠡᠭᠡᠨ᠎ᠡ ᠭᠡᠵᠡᠢ᠃ ᠪᠠᠢ ᠶᠢᠨ ᠫᠧᠩ ᠬᠡᠯᠡᠪᠡ᠃    ᠪᠠᠢ ᠵᠢᠶᠠᠨ ᠫᠢᠩ ᠥᠪᠡᠷ ᠤᠨ ᠲᠤᠰᠬᠠᠢ ᠮᠡᠷᠭᠡᠵᠢᠯ ᠤᠨ ᠤᠷ᠎ᠠ ᠮᠡᠷᠭᠡᠵᠢᠯ ᠢᠶᠠᠷ ᠢᠶᠠᠨ ᠣᠮᠣᠭᠰᠢᠯ ᠪᠣᠯᠭᠠᠵᠤ᠂ ᠡᠨᠡ ᠬᠦ ᠢᠲᠡᠭᠡᠯ ᠪᠣᠯᠤᠨ ᠲᠤᠷᠰᠢᠯᠭ᠎ᠠ ᠪᠠᠨ ᠨᠡᠩ ᠣᠯᠠᠨ ᠠᠵᠢᠯ ᠨᠢᠭᠡᠲᠡᠨ ᠳᠤ ᠤᠯᠠᠮᠵᠢᠯᠠᠬᠤ ᠶᠢ ᠬᠦᠰᠡᠨ ᠡᠷᠡᠮᠡᠯᠵᠡᠵᠦ ᠪᠠᠶᠢᠪᠠ᠃ ᠲᠡᠷᠡ ᠪᠠᠷ ᠠᠰᠠᠷᠠᠭᠴᠢ ᠶᠢ ᠥᠪᠡᠷ ᠤᠨ ᠢᠶᠠᠨ ᠲᠤᠬᠠᠶᠢᠯᠠᠭᠰᠠᠨ ᠠᠵᠢᠯ ᠢᠶᠠᠨ ᠬᠦᠨᠳᠦᠳᠬᠡᠵᠦ᠂ ᠨᠠᠰᠤᠲᠠᠳ ᠲᠤ ᠰᠡᠳᠬᠢᠯ ᠲᠠᠯᠪᠢᠨ ᠦᠢᠯᠡᠴᠢᠯᠡᠬᠦ ᠶᠢ ᠵᠣᠷᠢᠭᠵᠢᠭᠤᠯᠪᠠ᠃ ᠲᠡᠷᠡ ᠪᠠᠰᠠ ᠨᠡᠩ ᠣᠯᠠᠨ ᠬᠥᠮᠦᠨ ᠨᠠᠰᠤᠲᠠᠨ ᠢᠶᠠᠨ ᠬᠦᠨᠳᠦᠯᠡᠬᠦ ᠰᠡᠳᠬᠢᠯᠭᠡ ᠶᠢ ᠡᠪᠦᠷᠯᠡᠵᠦ᠂ ᠨᠠᠰᠤᠲᠠᠨ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠵᠦ ᠂ ᠪᠦᠬᠦ ᠨᠡᠶᠢᠭᠡᠮ ᠤᠨ ᠨᠠᠰᠤᠲᠠᠶᠢᠴᠤᠳ ᠢ ᠥᠲᠡᠯᠦᠭᠡ ᠨᠠᠰᠤ ᠪᠠᠨ ᠠᠮᠤᠷ ᠵᠢᠮᠦᠷ ᠥᠩᠭᠡᠷᠡᠭᠦᠯᠬᠦ ᠶᠢ ᠬᠦᠰᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号