ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢᠨ ᠬᠠᠳᠠᠭᠠᠭᠰᠠᠨ ᠪᠤᠷᠴᠠᠭ ᠪᠠᠶᠢᠭᠰᠠᠨ ᠠᠴᠠ ᠪᠠᠨ ᠪᠦᠬᠦ ᠳᠡᠯᠡᠬᠡᠢ ᠶᠢᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠠᠭᠠᠰᠬᠠᠬᠤ ᠰᠢᠯᠢᠳᠡᠭ ᠵᠢᠱᠢᠶ᠎ᠡ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/11/12
   ᠣᠶᠢᠷ᠎ᠠ ᠳᠤ᠂ ᠲᠠᠪᠤᠳᠤᠭᠠᠷ ᠬᠤᠭᠤᠴᠠᠭᠠᠨ ᠤ ︽ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠭᠰᠡᠨ ᠬᠡᠷᠡᠭ ᠤᠨ ᠵᠢᠱᠢᠶ᠎ᠡ ᠶᠢ ᠴᠤᠭᠯᠠᠭᠤᠯᠬᠤ ᠠᠵᠢᠯᠯᠠᠭ᠎ᠠ︾ ᠶᠢᠨ ᠱᠠᠩᠨᠠᠯ ᠣᠯᠤᠭᠰᠠᠨ ᠬᠡᠷᠡᠭ ᠤᠨ ᠵᠢᠱᠢᠶ᠎ᠡ ᠶᠢᠨ ᠨᠡᠷᠡᠰ ᠢ ᠨᠡᠶᠢᠲᠡᠯᠡᠪᠡ᠃ ᠲᠥᠪ ᠤᠨ ᠤᠬᠠᠭᠤᠯᠬᠤ ᠬᠡᠯᠲᠡᠰ᠂ ᠬᠠᠶᠢᠳᠢᠶᠠᠨ ᠲᠣᠭᠤᠷᠢᠭ ᠪᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮᠲᠤᠷᠠᠨ ᠭᠤᠶᠤᠴᠢᠯᠠᠨ ᠮᠡᠳᠡᠭᠦᠯᠦᠭᠰᠡᠨ ︽ᠵᠠᠰᠠᠭ ᠤᠨ ᠣᠷᠳᠣᠨ᠂ ᠠᠵᠤ ᠠᠬᠤᠶᠢᠯᠠᠯ᠂ ᠲᠠᠷᠢᠶᠠᠴᠢᠨ ᠤ ᠬᠠᠨᠢᠲᠠᠨ ᠤ ᠬᠠᠷᠢᠴᠠᠭ᠎ᠠ ᠪᠠᠷ ᠵᠠᠬᠢᠶᠠᠯᠠᠭ᠎ᠠ ᠶᠢᠨ ᠲᠠᠷᠢᠶᠠᠯᠠᠩ ᠤᠨ ᠣᠷᠣᠯᠭ᠎ᠠ ᠶᠢ ᠨᠡᠮᠡᠭᠳᠡᠭᠦᠯᠦᠨ᠎ᠡ - ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠦᠢᠯᠡᠰ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠠᠭᠠᠰᠬᠠᠬᠤ ᠬᠡᠷᠡᠭ ᠤᠨ ᠵᠢᠱᠢᠶ᠎ᠡ︾ ᠪᠦᠬᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠠᠭᠠᠰᠬᠠᠬᠤ ᠰᠢᠯᠢᠳᠡᠭ ᠬᠡᠷᠡᠭ ᠤᠨ ᠵᠢᠱᠢᠶ᠎ᠡ ᠪᠠᠷ ᠰᠣᠩᠭᠤᠭᠳᠠᠵᠠᠢ᠃ ᠡᠨᠡ ᠬᠦ ᠬᠡᠷᠡᠭ ᠤᠨ ᠵᠢᠱᠢᠶ᠎ᠡ ᠶᠢ ᠨᠡᠶᠢᠲᠡᠯᠡᠭᠰᠡᠨ ᠨᠢ ᠲᠥᠪ ᠤᠨ ᠤᠬᠠᠭᠤᠯᠬᠤ ᠬᠡᠯᠲᠡᠰ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠦᠢᠯᠡᠰ ᠢ ᠴᠡᠭ ᠲᠣᠭᠲᠠᠭᠠᠨ ᠬᠠᠪᠰᠤᠷᠤᠨ ᠲᠡᠳᠬᠦᠭᠰᠡᠨ ᠠᠴᠠ ᠣᠯᠤᠭᠰᠠᠨ ᠯᠤᠲᠤ ᠶᠡᠭᠡ ᠦᠷ᠎ᠡ ᠪᠦᠲᠦᠭᠡᠯ ᠪᠣᠯᠬᠤ ᠪᠥᠭᠡᠳ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠣᠭᠲᠠᠴᠠ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠦᠨᠳᠦᠰᠦᠯᠡᠭᠰᠡᠨ ᠠᠮᠢᠳᠤᠯᠢᠭ ᠵᠢᠷᠤᠭᠯᠠᠯ ᠪᠣᠯᠤᠨ᠎ᠠ᠃     ᠣᠶᠢᠷ᠎ᠠ ᠶᠢᠨ ᠵᠢᠯ ᠤᠨ ᠲᠤᠷᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠥᠪ ᠤᠨ ᠤᠬᠠᠭᠤᠯᠬᠤ ᠬᠡᠯᠲᠡᠰ ᠠᠴᠠ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠬᠠᠶᠢᠳᠢᠶᠠᠨ ᠲᠣᠭᠤᠷᠢᠭ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ ᠲᠣᠭᠲᠠᠴᠠ ᠳᠤ ᠲᠦᠰᠢᠭᠯᠡᠨ᠂ ᠲᠤᠰ ᠭᠠᠵᠠᠷ ᠤᠨ ᠠᠵᠤ ᠠᠬᠤᠶᠢᠯᠠᠯᠲᠠᠳ ᠲᠦᠷᠦᠭᠦᠯᠡᠵᠦ᠂ ︽ᠵᠠᠰᠠᠭ ᠤᠨ ᠣᠷᠳᠣᠨ ᠠᠵᠤ ᠠᠬᠤᠶᠢᠯᠠᠯ ᠤᠨ ᠲᠠᠷᠢᠶᠠᠴᠢᠳ ᠤᠨ ᠬᠠᠮᠲᠤᠷᠠᠯᠴᠠᠭᠠᠨ ᠤ ᠵᠠᠬᠢᠶᠠᠯᠠᠭ᠎ᠠ ᠶᠢᠨ ᠦᠢᠯᠡᠳᠪᠦᠷᠢᠯᠡᠯ ᠢ ᠲᠡᠳᠬᠦᠨ ᠳᠡᠮᠵᠢᠬᠦ︾ ᠵᠠᠭᠪᠤᠷ ᠢ ᠬᠡᠷᠡᠭᠯᠡᠨ᠂ ᠲᠤᠬᠠᠢ ᠶᠢᠨ ᠭᠠᠵᠠᠷ ᠤᠨ ᠲᠠᠷᠢᠶᠠᠴᠢᠳ ᠢ ᠳᠠᠶᠢᠴᠢᠯᠠᠨ ᠲᠤᠰ ᠭᠠᠵᠠᠷ ᠤᠨ ᠥᠰᠥᠯᠲᠡ ᠳᠤ ᠳᠣᠭᠢᠷᠠᠬᠤ ᠪᠤᠷᠴᠠᠭ ᠤᠨ ᠲᠥᠷᠥᠯ ᠵᠦᠢᠯ ᠢ ᠲᠠᠷᠢᠵᠤ ᠂ ᠪᠣᠬᠢᠷᠲᠤᠯ ᠦᠭᠡᠢ ᠠᠮᠢ ᠠᠬᠤᠢ ᠶᠢᠨ ᠣᠷᠭᠠᠨᠢᠭ ᠬᠠᠲᠠᠭᠠᠮᠠᠯ ᠪᠤᠷᠴᠠᠭ ᠤᠨ ᠠᠵᠤ ᠦᠢᠯᠡᠰ ᠢ ᠪᠣᠢ ᠪᠣᠯᠭᠠᠵᠤ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠰᠠᠶᠢᠨ ᠦᠢᠯᠡᠳᠦᠯ ᠢ ᠪᠣᠢ ᠪᠣᠯᠭᠠᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠦᠲᠦᠮᠵᠢᠲᠡᠢ ᠠᠬᠢᠭᠤᠯᠪᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠮᠠᠩᠬ᠎ᠠ ᠰᠤᠮᠤ ᠶᠢᠨ ᠬᠠᠲᠠᠪᠴᠢ ᠭᠠᠴᠠᠭᠠᠨ ᠤ ᠠᠷᠠᠳ ᠴᠧᠨ ᠮᠠ ᠯᠢᠶᠠᠨ ᠪᠣᠯ ᠲᠤᠰ ᠵᠠᠭᠪᠤᠷ ᠤᠨ ᠠᠰᠢᠭ ᠬᠦᠷᠲᠡᠭᠴᠢ ᠶᠢᠨ ᠨᠢᠭᠡ ᠪᠣᠯᠤᠨ᠎ᠠ᠃ 70 ᠰᠢᠬᠠᠮ ᠵᠢᠯ ᠪᠠᠶᠢᠭ᠎ᠠ ᠴᠧᠨ ᠮᠠ ᠯᠢᠶᠠᠨ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠵᠦ᠂ ᠵᠢᠯ ᠲᠤᠷᠰᠢ ᠡᠪᠡᠳᠴᠢᠨ ᠦᠵᠡᠭᠦᠯᠵᠦ ᠡᠮ ᠤᠤᠭᠤᠬᠤ ᠴᠢᠬᠤᠯᠠᠲᠠᠢ᠂ ᠭᠡᠷ ᠪᠦᠯᠢ ᠶᠢᠨ ᠠᠮᠢᠳᠤᠷᠠᠯ ᠨᠡᠯᠢᠶᠡᠳ ᠬᠦᠴᠢᠷᠲᠡᠢ ᠪᠠᠶᠢᠨ᠎ᠠ᠃ 2019 ᠣᠨ ᠳᠤ᠂ ᠴᠧᠨ ᠮᠠ ᠯᠢᠶᠠᠨ ᠬᠢᠩᠭᠠᠨ ᠠᠶᠢᠮᠠᠭ ᠤᠨ ᠵᠢᠢ ᠰᠢᠶᠠᠩ ᠠᠶᠢᠯ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ︵ᠳᠣᠷᠣᠭᠰᠢ ︽ᠵᠢᠢ ᠰᠢᠶᠠᠩ ᠠᠶᠢᠯ ᠺᠣᠮᠫᠠᠨᠢ︾ ᠭᠡᠵᠦ ᠲᠣᠪᠴᠢᠯᠠᠨ᠎ᠠ︶ ᠲᠠᠢ ᠲᠠᠷᠢᠬᠤ ᠭᠡᠷ᠎ᠡ ᠲᠣᠭᠲᠠᠵᠤ᠂ ᠥᠪᠡᠷ ᠤᠨ ᠬᠦᠷᠢᠶ᠎ᠡ ᠬᠠᠰᠢᠶᠠᠨ ᠳᠠᠭᠠᠨ 2 ᠮᠦ ᠲᠠᠷᠢᠶ᠎ᠠ ᠲᠠᠷᠢᠪᠠ᠂ ᠨᠢᠭᠡᠳᠦᠭᠡᠷ ᠵᠢᠯ ᠳᠤ ᠲᠡᠷᠡ 800 ᠵᠢᠩ ᠪᠤᠷᠴᠠᠭ ᠬᠤᠷᠢᠶᠠᠵᠤ᠂ ᠵᠢᠢ ᠰᠢᠶᠠᠩ ᠠᠶᠢᠯ ᠺᠣᠮᠫᠠᠨᠢ ᠵᠠᠬ᠎ᠠ ᠳᠡᠯᠭᠡᠭᠦᠷ ᠤᠨ ᠦᠨ᠎ᠡ ᠠᠴᠠ ᠥᠨᠳᠥᠷ ᠦᠨ᠎ᠡ ᠪᠠᠷ ᠬᠤᠳᠠᠯᠳᠤᠨ ᠠᠪᠤᠪᠠ᠃ ᠵᠥᠪᠬᠡᠨ ᠬᠦᠷᠢᠶᠡᠨ ᠳᠤ ᠨᠣᠭᠤᠭ᠎ᠠ ᠲᠠᠷᠢᠬᠤ ᠳᠤ ᠬᠡᠳᠦᠨ ᠮᠢᠩᠭᠠᠨ ᠶᠤᠸᠠᠨ ᠤ ᠣᠷᠣᠯᠭ᠎ᠠ ᠲᠠᠢ ᠭᠡᠵᠦ ᠴᠢᠨᠢ ᠶᠡᠷᠦ ᠪᠣᠲᠤᠭ᠎ᠠ ᠦᠭᠡᠢ ᠪᠠᠶᠢᠯ᠎ᠠ᠃  ᠬᠢᠩᠭᠠᠨ ᠠᠶᠢᠮᠠᠭ ᠤᠨ ᠵᠢᠢ ᠰᠢᠶᠠᠩ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠠᠮᠤᠷ ᠲᠣᠭᠲᠠᠭᠤᠨ᠄ ︽ᠵᠠᠰᠠᠭ ᠤᠨ ᠣᠷᠳᠣᠨ ᠤ ᠳᠡᠮᠵᠢᠯᠭᠡ ᠳᠣᠣᠷ᠎ᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠬᠠᠪᠰᠤᠷᠤᠯᠭ᠎ᠠ ᠳᠡᠮᠵᠢᠯᠭᠡ ᠳᠣᠣᠷ᠎ᠠ᠂ ᠮᠠᠨ ᠤ ᠬᠥᠭᠵᠢᠯᠲᠡ ᠤᠯᠠᠮ ᠠᠴᠠ ᠤᠯᠠᠮ ᠰᠠᠶᠢᠵᠢᠷᠠᠵᠤ᠂ ᠡᠵᠡᠩᠨᠡᠯᠲᠡ ᠶᠢᠨ ᠬᠡᠪᠴᠢᠶ᠎ᠡ ᠴᠦ ᠥᠷᠭᠡᠳᠪᠡ᠃ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠪᠠᠶᠢᠭᠤᠯᠤᠭᠳᠠᠭᠰᠠᠨ ᠤ ᠳᠠᠷᠠᠭ᠎ᠠ ᠨᠡᠩ ᠣᠯᠠᠨ ᠠᠷᠠᠳ ᠲᠦᠮᠡᠨ ᠢ ᠰᠠᠭᠤᠷᠢᠨ ᠭᠠᠵᠠᠷ ᠲᠤ ᠠᠵᠢᠯ ᠣᠯᠭᠤᠪᠠ᠂ ᠪᠢᠳᠡ ᠳᠠᠷᠠᠭᠠᠴᠢ ᠶᠢᠨ ᠠᠯᠬᠤᠮ ᠳᠤ ᠨᠡᠩ ᠣᠯᠠᠨ ᠰᠠᠶᠢᠨ ᠦᠢᠯᠡᠳᠬᠦᠨ ᠢ ᠰᠤᠳᠤᠯᠤᠨ ᠨᠡᠭᠡᠭᠡᠵᠦ᠂ ᠲᠦᠭᠦᠬᠡᠢ ᠮᠠᠲ᠋ᠧᠷᠢᠶᠠᠯ ᠢ ᠬᠠᠰᠢᠯᠠ ᠵᠠᠬᠢᠶᠠᠯᠠᠭ᠎ᠠ ᠶᠢᠨ ᠬᠡᠯᠪᠡᠷᠢ ᠪᠠᠷ ᠠᠷᠠᠳ ᠣᠯᠠᠨ ᠳᠤ ᠲᠠᠷᠢᠵᠤ᠂ ᠣᠯᠠᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ᠎ᠡ᠃    ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ᠂ ᠲᠤᠰ ᠭᠠᠵᠠᠷ ᠣᠷᠣᠨ ᠤ ᠠᠵᠤ ᠠᠬᠤᠶᠢᠯᠠᠯ ᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠠᠴᠠ ᠣᠷᠭᠠᠨᠢᠭ ᠬᠠᠲᠠᠭᠠᠨ ᠪᠤᠷᠴᠠᠭ ᠲᠤ ᠪᠦᠬᠦ ᠶᠠᠪᠤᠴᠠ ᠶᠢᠨ ᠮᠠᠶ᠋ᠢᠭ ᠤᠨ ᠮᠥᠷᠳᠡᠨ ᠦᠢᠯᠡᠴᠢᠯᠡᠭᠡ ᠥᠷᠨᠢᠭᠦᠯᠵᠦ᠂ ᠦᠢᠯᠡᠳᠪᠦᠷᠢᠯᠡᠯ ᠡᠵᠡᠩᠨᠡᠯᠲᠡ ᠪᠣᠷᠣᠯᠠᠭᠤᠯᠭ᠎ᠠ ᠶᠢᠨ ᠭᠤᠭᠴᠤᠭ᠎ᠠ ᠳᠤ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠪᠠ ᠵᠣᠬᠢᠴᠠᠭᠤᠯᠤᠨ ᠬᠠᠮᠵᠢᠯᠴᠠᠬᠤ ᠬᠡᠷᠡᠭᠲᠡᠢ᠃ ᠵᠥᠪᠬᠡᠨ 2024 ᠣᠨ ᠳᠤ᠂ ᠬᠦᠷᠢᠶ᠎ᠡ ᠬᠠᠰᠢᠶ᠎ᠠ ᠶᠢᠨ ᠠᠵᠤ ᠠᠬᠤᠢ ᠪᠠᠷ ᠳᠠᠮᠵᠢᠨ ᠪᠤᠷᠴᠠᠭ ᠲᠠᠷᠢᠬᠤ 8 ᠭᠠᠴᠠᠭᠠᠨ ᠤ 372 ᠲᠠᠷᠢᠶᠠᠴᠢᠨ ᠡᠷᠦᠬᠡ ᠳᠤ ᠨᠥᠬᠦᠪᠥᠷᠢ ᠥᠭᠴᠦ᠂ 57.5 ᠲᠦᠮᠡᠨ ᠲᠥᠭᠦᠷᠢᠭ ᠤᠨ ᠪᠡᠯᠡ ᠮᠥᠩᠭᠦ ᠲᠠᠢ ᠬᠤᠯᠪᠣᠭᠳᠠᠨ᠎ᠠ᠃ ᠣᠳᠣᠬᠠᠨ ᠳᠤ᠂ ᠣᠷᠭᠠᠨᠢᠭ ᠬᠠᠲᠠᠭᠠᠨ ᠪᠤᠷᠴᠠᠭ ᠤᠨ ᠲᠥᠷᠥᠯ ᠵᠦᠢᠯ ᠨᠢ ᠨᠢᠭᠡᠨᠲᠡ ᠡᠷᠭᠢᠨ ᠲᠣᠭᠤᠷᠢᠨ ᠤ 1000 ᠭᠠᠷᠤᠢ ᠡᠷᠦᠬᠡ ᠶᠢ ᠳᠠᠶᠢᠴᠢᠯᠠᠨ ᠪᠤᠷᠴᠠᠭ ᠲᠠᠷᠢᠬᠤ ᠳᠤ ᠣᠷᠣᠯᠴᠠᠭᠤᠯᠵᠤ᠂ ᠡᠷᠦᠬᠡ ᠪᠦᠷᠢ ᠳᠤᠮᠳᠠᠴᠢ ᠪᠠᠷ ᠵᠢᠯ ᠪᠦᠷᠢ 2000 ᠲᠥᠭᠦᠷᠢᠭ ᠤᠨ ᠣᠷᠣᠯᠭ᠎ᠠ ᠨᠡᠮᠡᠭᠳᠡᠭᠦᠯᠪᠡ᠃ 2023 ᠣᠨ ᠳᠤ ᠪᠠᠶᠠᠨᠮᠠᠩᠬ᠎ᠠ ᠰᠤᠮᠤ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 23248.77 ᠲᠥᠭᠦᠷᠢᠭ ᠲᠤ ᠬᠦᠷᠴᠦ᠂ 2014 ᠣᠨ ᠤ 4.2 ᠳᠠᠬᠢᠨ ᠪᠣᠯᠵᠠᠢ᠃ ᠡᠭᠦᠨ ᠳᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 25023.12 ᠲᠥᠭᠦᠷᠢᠭ ᠪᠠᠶᠢᠵᠤ᠂ 2014 ᠣᠨ ᠤ ᠶᠠᠳᠠᠭᠤ ᠬᠦᠴᠢᠷᠳᠡᠯᠲᠡᠢ ᠡᠷᠦᠬᠡ ᠶᠢᠨ 7 ᠳᠠᠬᠢᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号