ᠡᠪᠦᠯ ᠤᠨ ᠡᠬᠢᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨᠠᠵᠠᠮ ᠰᠤᠮᠤ ᠶᠢᠨ | ᠪᠠᠶᠠᠨᠲᠣᠬᠤᠢ ᠭᠠᠴᠠᠭ᠎ᠠ ᠨᠢ ᠬᠠᠷᠢᠨ ᠠᠲᠠᠷᠰᠢᠭᠰᠠᠨ ᠦᠭᠡᠢ ᠪᠠᠶᠢᠵᠤ᠂ ᠰᠠᠭᠤᠷᠢ ᠮᠣᠳᠣ ᠨᠢ ᠬᠥᠮᠦᠨ ᠤ ᠨᠠᠷᠠᠰᠤ | ᠬᠠᠷᠭᠠᠨ᠎ᠠ᠂ ᠪᠤᠲᠠᠯᠢᠭ ᠴᠠᠷᠭᠠᠰᠤ ᠢᠭᠴᠤ ᠰᠠᠬᠤᠯᠢᠭ ᠴᠠᠷᠭᠠᠰᠤ ᠤᠷᠭᠤᠵᠤ ᠪᠠᠶᠢᠭᠰᠠᠨ ᠪᠣᠯ ᠥᠩᠭᠡᠷᠡᠭᠰᠡᠨ ᠳᠤ | ᠬᠠᠷᠭᠠᠨ᠎ᠠ ᠶᠢᠨ ᠡᠪᠡᠰᠦ ᠪᠣᠯᠤᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠷᠴᠢᠨ ᠤ ᠡᠯᠡᠰᠦᠷᠬᠡᠭ | ᠭᠠᠵᠠᠷ ᠤᠨ ᠬᠥᠪᠡᠭᠡ ᠶᠢᠨ ᠪᠦᠰᠡ ᠳᠤ ᠪᠠᠶᠢᠷᠢᠯᠠᠵᠤ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠬᠥᠪᠡᠭᠡ | ᠵᠠᠬ᠎ᠠ ᠨᠢ ᠭᠠᠳᠠᠭᠰᠢ ᠳᠡᠯᠭᠡᠷᠡᠬᠦ ᠶᠢ ᠬᠤᠷᠢᠭᠯᠠᠬᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠂ ᠬᠠᠷᠢᠨ ᠰᠢᠨᠠᠵᠠᠮ | ᠰᠤᠮᠤ ᠶᠢᠨ ᠪᠠᠶᠠᠨᠲᠣᠬᠤᠢ ᠭᠠᠴᠠᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠦᠨ᠎ᠡ ᠬᠡᠰᠡᠭ ᠲᠤ | ᠪᠠᠶᠢᠷᠢᠯᠠᠵᠤ᠂ ᠬᠤᠷᠴᠢᠨ ᠤ ᠡᠯᠡᠰᠦᠷᠬᠡᠭ ᠭᠠᠵᠠᠷ ᠤᠨ ᠬᠤᠶᠢᠲᠤ ᠬᠡᠰᠡᠭ ᠲᠤ ᠪᠠᠶᠢᠷᠢᠯᠠᠵᠤ ᠪᠠᠶᠢᠨ᠎ᠠ᠃ ᠠᠷᠪᠠᠨ ᠬᠡᠳᠦᠨ | ᠵᠢᠯ ᠤᠨ ᠡᠮᠦᠨ᠎ᠡ ᠡᠨᠡ ᠪᠣᠯ ᠬᠦᠨᠳᠦ ᠡᠯᠡᠰᠦᠷᠬᠡᠭ ᠭᠠᠵᠠᠷ ᠪᠣᠯᠬᠤ ᠪᠥᠭᠡᠳ ᠪᠠᠰᠠ ᠴᠤ ᠰᠠᠯᠬᠢᠨ ᠳᠤ ᠢᠳᠡᠭᠳᠡᠭᠰᠡᠨ | ᠣᠷᠣᠨ ᠪᠠᠶᠢᠵᠤ᠂ ᠤᠷᠭᠤᠮᠠᠯ ᠤᠨ ᠪᠦᠷᠬᠦᠴᠡ ᠳᠣᠣᠷ᠎ᠠ᠂ ᠬᠥᠷᠥᠰᠥ ᠰᠢᠷᠣᠢ ᠶᠢᠨ ᠢᠳᠡᠭᠳᠡᠯ ᠬᠦᠨᠳᠦ ᠨᠣᠴᠢᠲᠠᠢ | ᠪᠠᠶᠢᠵᠤ᠂ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠶᠡᠭᠡ ᠪᠠᠷ ᠨᠥᠯᠥᠭᠡᠯᠡᠵᠦ᠂ | ᠡᠪᠦᠭᠡ ᠳᠡᠭᠡᠳᠦᠰ ᠨᠢ ᠦᠶ᠎ᠡ ᠤᠯᠠᠷᠢᠨ ᠠᠮᠢᠳᠤᠷᠠᠵᠤ ᠪᠠᠶᠢᠭ᠎ᠠ ᠮᠠᠯᠴᠢᠨ ᠲᠠᠷᠢᠶᠠᠴᠢᠨ ᠰᠠᠯᠬᠢ ᠡᠯᠡᠰᠦᠨ ᠤ | ᠬᠥᠨᠥᠭᠡᠯ ᠳᠤ ᠤᠴᠠᠷᠠᠵᠤ ᠪᠠᠶᠢᠨ᠎ᠠ᠃ | ᠮᠠ ᠴᠠᠩ ᠢᠦᠢ ᠪᠠᠶᠠᠨᠲᠣᠬᠤᠢ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ | ᠬᠠᠷᠢᠭᠤᠴᠠᠭᠰᠠᠨ ᠠᠴᠠ ᠨᠠᠰᠢ᠂ ᠭᠠᠴᠠᠭᠠᠨ ᠤ ︽ᠬᠤᠶᠠᠷ ᠵᠥᠪᠯᠡᠯ︾ ᠢ ᠳᠠᠭᠠᠭᠤᠯᠤᠨ 10 ᠵᠢᠯ ᠤᠷᠲᠤ ᠠᠮᠢ | ᠠᠬᠤᠢ ᠶᠢᠨ ᠵᠠᠰᠠᠯᠲᠠ ᠶᠢᠨ ᠵᠠᠮ ᠢ ᠶᠠᠪᠤᠭᠳᠠᠭᠤᠯᠪᠠ᠃ ᠭᠠᠴᠠᠭᠠᠨ ᠤ ︽ᠬᠤᠶᠠᠷ ᠵᠥᠪᠯᠡᠯ︾ ᠤᠨ ᠡᠯᠡᠰᠦᠷᠬᠡᠭᠵᠢᠯ ᠢ | ᠰᠡᠷᠭᠡᠶᠢᠯᠡᠨ ᠵᠠᠰᠠᠬᠤ ᠠᠵᠢᠯ ᠢ ᠰᠤᠳᠤᠯᠤᠭᠰᠠᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠵᠦᠢᠯᠡᠰ᠃ | ︽ᠬᠦᠷᠢᠶ᠎ᠡ ᠬᠠᠰᠢᠶ᠎ᠠ ᠶᠢ ᠬᠠᠮᠢᠶᠠᠷᠤᠨ ᠬᠠᠮᠠᠭᠠᠯᠠᠬᠤ ᠪᠠ ᠨᠠᠮᠤᠷ ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ | ᠵᠠᠪᠠᠯ ᠰᠠᠶᠢᠲᠤᠷ ᠬᠢᠬᠦ ᠬᠡᠷᠡᠭᠲᠡᠢ᠂ ᠪᠢᠳᠡ ᠲᠤᠰᠬᠠᠢ ᠬᠥᠮᠦᠨ ᠢᠶᠠᠷ ᠠᠩᠬᠠᠷᠬᠤ ᠬᠡᠷᠡᠭᠲᠡᠢ ᠁︾ ᠭᠡᠬᠦ ᠲᠥᠪ | ᠴᠢᠩᠭ᠎ᠠ ᠨᠠᠷᠢᠨ ᠬᠢᠨᠠᠮᠠᠭᠠᠢ ᠳᠠᠭᠤᠨ ᠢ ᠪᠠᠶᠠᠨᠲᠣᠬᠤᠢ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠤᠨ ᠬᠤᠷᠠᠯ ᠤᠨ ᠭᠡᠷ ᠲᠤ ᠳᠠᠮᠵᠢᠭᠤᠯᠵᠤ᠂ ᠭᠠᠴᠠᠭᠠᠨ ᠤ ᠨᠠᠮ ᠤᠨ ᠡᠭᠦᠷ ᠤᠨ ᠱᠦᠵᠢ ᠮᠠ ᠴᠠᠩ ᠢᠦᠢ ᠵᠧᠩ | ︽ᠬᠤᠶᠠᠷ ᠵᠥᠪᠯᠡᠯ︾ ᠤᠨ ᠪᠦᠷᠢᠯᠳᠦᠬᠦᠨ ᠲᠠᠢ ᠬᠤᠷᠠᠯ ᠬᠢᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ | ᠠᠵᠢᠯ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠵᠦᠢᠯᠡᠰ ᠢ ᠰᠤᠳᠤᠯᠪᠠ᠃ 10 ᠵᠢᠯ ᠤᠨ | ᠲᠤᠷᠰᠢ᠂ ᠡᠶᠢᠮᠦᠷᠬᠦ ᠬᠤᠷᠠᠯ ᠤᠨ ᠮᠠ ᠴᠠᠩ ᠢᠦᠢ ᠣᠯᠠᠨ ᠤᠳᠠᠭ᠎ᠠ ᠣᠷᠣᠯᠴᠠᠵᠤ᠂ ᠬᠤᠷᠠᠯ ᠤᠨ ᠭᠤᠣᠯ ᠰᠡᠳᠦᠪ ᠨᠢ | ᠬᠡᠷᠬᠢᠨ ᠳᠠᠷᠢᠬᠤ ᠠᠴᠠ ᠤᠷᠭᠤᠮᠠᠯ ᠤᠨ ᠬᠤᠴᠢᠯᠭ᠎ᠠ ᠶᠢᠨ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠬᠦ ᠬᠦᠷᠲᠡᠯ᠎ᠡ᠂ | ᠣᠳᠣ ᠬᠡᠷᠬᠢᠨ ᠬᠠᠮᠢᠶᠠᠷᠤᠨ ᠬᠠᠮᠠᠭᠠᠯᠠᠬᠤ ᠬᠦᠷᠲᠡᠯ᠎ᠡ᠂ ᠪᠠᠶᠠᠨᠲᠣᠬᠤᠢ ᠭᠠᠴᠠᠭ᠎ᠠ ᠱᠠᠲᠤ ᠱᠠᠲᠤ ᠪᠠᠷ ᠪᠡᠷᠬᠡ | ᠪᠣᠭᠤᠮᠲᠠ ᠶᠢ ᠬᠡᠷᠬᠢᠨ ᠥᠩᠭᠡᠷᠡᠭᠦᠯᠪᠡ᠃ ᠪᠠᠶᠠᠨᠲᠣᠬᠤᠢ ᠭᠠᠴᠠᠭ᠎ᠠ ᠳᠤ 3400 ᠮᠦ ᠡᠯᠡᠰᠦᠷᠬᠡᠭ ᠭᠠᠵᠠᠷ ᠪᠠᠶᠢᠵᠤ᠂ | ᠡᠯᠡᠰᠦ ᠶᠢ ᠵᠠᠰᠠᠬᠤ ᠠᠵᠢᠯ ᠤᠨ ᠡᠬᠢᠨ ᠤ ᠬᠤᠭᠤᠴᠠᠭᠠᠨ ᠳᠤ᠂ ᠭᠠᠴᠠᠭᠠᠨ ᠤ ︽ᠬᠤᠶᠠᠷ ᠵᠥᠪᠯᠡᠯ︾ ᠣᠯᠠᠨ | ᠲᠠᠯ᠎ᠠ ᠪᠠᠷ ᠡᠯᠡᠰᠦ ᠶᠢ ᠵᠠᠰᠠᠭᠰᠠᠨ ᠲᠤᠷᠰᠢᠯᠭ᠎ᠠ ᠶᠢ ᠰᠤᠷᠤᠯᠴᠠᠬᠤ ᠪᠠ ᠲᠤᠬᠠᠢ ᠶᠢᠨ ᠭᠠᠵᠠᠷ ᠤᠨ ᠬᠥᠷᠥᠰᠥ ᠰᠢᠷᠣᠢ᠂ | ᠠᠭᠤᠷ ᠠᠮᠢᠰᠬᠤᠯ ᠢ ᠰᠤᠳᠤᠯᠵᠤ᠂ ᠡᠴᠦᠰ ᠲᠡᠭᠡᠨ ᠬᠠᠷᠭᠠᠨ᠎ᠠ ᠲᠠᠷᠢᠬᠤ ᠶᠢ ᠲᠣᠭᠲᠠᠭᠠᠵᠤ᠂ ᠬᠥᠷᠥᠰᠥ ᠰᠢᠷᠣᠢ ᠶᠢᠨ | ᠢᠳᠡᠭᠳᠡᠬᠦ ᠶᠢ ᠰᠡᠷᠭᠡᠶᠢᠯᠡᠵᠦ ᠪᠣᠯᠬᠤ ᠪᠥᠭᠡᠳ ᠪᠠᠰᠠ ᠪᠠᠶᠢᠭᠠᠯᠢ ᠶᠢᠨ ᠡᠯᠡᠰᠦᠨ ᠬᠠᠯᠬᠠᠪᠴᠢ ᠪᠣᠯᠵᠤ᠂ ᠰᠠᠯᠬᠢ ᠶᠢ | ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃ ᠭᠡᠲᠡᠯ᠎ᠡ ᠨᠡᠯᠦᠭᠡᠷ ᠡᠯᠡᠰᠦ | ᠮᠠᠩᠬ᠎ᠠ ᠨᠢ ᠲᠡᠶᠢᠮᠦ ᠠᠮᠠᠷᠬᠠᠨ ᠨᠣᠭᠤᠭᠠᠨ ᠥᠩᠭᠡᠨ ᠳᠤ ᠪᠣᠳᠣᠭᠳᠠᠬᠤ ᠦᠭᠡᠢ᠂ ᠲᠡᠳᠡ ᠭᠡᠬᠦᠳᠡᠭ ᠳᠦᠭᠦᠷᠡᠩ | ᠲᠠᠷᠢᠵᠤ ᠪᠠᠶᠢᠭ᠎ᠠ ᠬᠠᠷᠭᠠᠨ᠎ᠠ ᠶᠢᠨ ᠠᠮᠢᠳᠤᠷᠠᠬᠤ ᠨᠢ ᠵᠥᠪᠬᠡᠨ 60% ᠯᠠ ᠪᠠᠶᠢᠳᠠᠭ᠃ | ᠡᠨᠡ ᠵᠢᠯ ᠤᠨ ᠬᠠᠪᠤᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠷᠴᠢᠨ ᠤ ᠡᠯᠡᠰᠦᠷᠬᠡᠭ | ᠭᠠᠵᠠᠷ ᠢ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠦ᠂ ︽ᠰᠢᠨ᠎ᠡ ᠡᠨᠧᠷᠭᠢ ᠪᠠᠷ ᠡᠯᠡᠰᠦ ᠶᠢ ᠵᠠᠰᠠᠬᠤ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠡᠯᠡᠰᠦ ᠶᠢ ᠵᠠᠰᠠᠬᠤ᠂ ᠣᠯᠠᠨ ᠲᠦᠮᠡᠨ ᠤ ᠡᠯᠡᠰᠦ ᠶᠢ ᠵᠠᠰᠠᠬᠤ᠂ ᠨᠡᠶᠢᠭᠡᠮ ᠤᠨ | ᠡᠯᠡᠰᠦ ᠶᠢ ᠵᠠᠰᠠᠬᠤ᠂ ᠦᠷ᠎ᠡ ᠠᠰᠢᠭ ᠢᠶᠠᠷ ᠡᠯᠡᠰᠦ ᠶᠢ ᠵᠠᠰᠠᠬᠤ︾ ᠲᠠᠪᠤᠨ ᠵᠦᠢᠯ ᠤᠨ ᠡᠯᠡᠰᠦ ᠶᠢ ᠵᠠᠰᠠᠬᠤ ᠵᠠᠭᠪᠤᠷ ᠢ | ᠬᠠᠮᠵᠢᠯᠴᠠᠨ ᠠᠬᠢᠭᠤᠯᠵᠤ᠂ ︽ᠱᠠᠯᠢᠭ ᠵᠠᠪᠬᠠᠢ ᠶᠢ ᠤᠰᠠᠳᠬᠠᠬᠤ᠂ ᠴᠠᠭᠠᠨ ᠢ ᠵᠠᠰᠠᠬᠤ᠂ ᠨᠣᠭᠤᠭᠠᠷᠠᠭᠤᠯᠤᠯᠲᠠ ᠶᠢ | ᠨᠡᠮᠡᠭᠳᠡᠭᠦᠯᠬᠦ︾ ᠭᠤᠷᠪᠠᠨ ᠵᠦᠢᠯ ᠤᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠰᠢᠨᠡᠵᠠᠮ ᠰᠤᠮᠤ ᠶᠢᠨ ᠪᠠᠶᠠᠨᠲᠣᠬᠤᠢ | ᠭᠠᠴᠠᠭ᠎ᠠ ᠨᠢ ᠬᠤᠰᠢᠭᠤᠨ ᠤ ᠨᠠᠮ ᠤᠨ ᠬᠤᠷᠢ᠊ ᠡᠶ᠎ᠡ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠣᠰᠣᠭᠠᠷ᠂ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠣᠯᠠᠨ ᠲᠦᠮᠡᠨ ᠢ ᠢᠳᠡᠪᠬᠢᠲᠡᠢ ᠳᠠᠶᠢᠴᠢᠯᠠᠨ ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠭᠤᠯᠵᠤ᠂ ᠡᠯᠡᠰᠦ ᠶᠢ ᠵᠠᠰᠠᠵᠤ ᠨᠡᠩ ᠰᠢᠨᠵᠢᠯᠡᠬᠦ ᠤᠬᠠᠭᠠᠨᠴᠢ ᠪᠥᠭᠡᠳ | ᠪᠦᠲᠦᠮᠵᠢᠲᠡᠢ ᠪᠣᠯᠭᠠᠪᠠ᠃ | 10 ᠵᠢᠯ ᠤᠨ ᠬᠤᠭᠤᠴᠠᠭᠠᠨ ᠳᠤ᠂ ᠭᠤᠷᠪᠠᠨ ᠬᠤᠭᠤᠴᠠᠭᠠᠨ ᠤ ᠭᠠᠴᠠᠭᠠᠨ ᠤ ︽ᠬᠤᠶᠠᠷ ᠵᠥᠪᠯᠡᠯ︾ ᠢᠶᠠᠷ ᠳᠠᠮᠵᠢᠨ᠂ | ᠪᠠᠶᠠᠨᠲᠣᠬᠤᠢ ᠭᠠᠴᠠᠭ᠎ᠠ ᠠᠴᠠ ︽ᠨᠠᠮ ᠤᠨ ᠪᠠᠶᠢᠭᠤᠯᠤᠯᠲᠠ ᠬᠥᠲᠥᠯᠥᠨ ᠳᠠᠭᠠᠭᠤᠯᠬᠤ᠂ ᠨᠠᠮ ᠤᠨ ᠡᠭᠦᠷ ᠬᠦᠴᠦᠯᠡᠬᠦ᠂ | ᠨᠠᠮ ᠤᠨ ᠭᠡᠰᠢᠭᠦᠨ ᠲᠦᠷᠦᠭᠦᠯᠡᠬᠦ᠂ ᠣᠯᠠᠨ ᠲᠦᠮᠡᠨ ᠣᠷᠣᠯᠴᠠᠬᠤ︾ ᠵᠠᠮ ᠢ ᠬᠠᠶᠢᠨ ᠰᠦᠪᠡᠭᠴᠢᠯᠡᠵᠦ᠂ ᠪᠦᠬᠦ | ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠡᠨᠡ ᠤᠳᠠᠭᠠᠨ ᠤ ᠠᠮᠢ ᠠᠬᠤᠢ ᠶᠢ ᠬᠠᠮᠲᠤ ᠪᠠᠷ | ᠵᠠᠰᠠᠬᠤ ᠳᠤ ᠣᠷᠣᠯᠴᠠᠭᠤᠯᠵᠤ᠂ ᠬᠠᠷᠭᠠᠨ᠎ᠠ ᠶᠢᠨ ᠲᠠᠷᠢᠮᠠᠯ ᠤᠨ ᠲᠠᠯᠠᠪᠠᠢ ᠶᠢ ᠵᠢᠯ ᠳᠠᠷᠠᠭᠠᠯᠠᠨ ᠥᠷᠭᠡᠳᠬᠡᠵᠦ᠂ | ᠡᠳᠡᠭᠡᠷᠡᠯᠲᠡ ᠶᠢᠨ ᠨᠣᠷᠮ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠵᠦ᠂ ᠡᠴᠦᠰ ᠲᠡᠭᠡᠨ ᠡᠨᠡ ᠬᠦ ᠭᠠᠵᠠᠷ ᠳᠡᠭᠡᠷ᠎ᠡ | ᠨᠣᠭᠤᠭᠠᠨ ᠥᠩᠭᠡ ᠪᠠᠷ ᠤᠷᠭᠤᠯᠤᠭᠰᠠᠨ ᠪᠠᠶᠢᠨ᠎ᠠ᠃ ᠪᠠᠶᠠᠨᠲᠣᠬᠤᠢ ᠭᠠᠴᠠᠭᠠᠨ ᠤ ᠨᠠᠮ ᠤᠨ ᠡᠭᠦᠷ ︽ᠠᠵᠢᠯ | ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠵᠠᠭᠪᠤᠷ ᠢᠶᠠᠷ ᠳᠠᠮᠵᠢᠭᠤᠯᠤᠨ ᠤᠯᠠᠷᠢᠯ ᠤᠨ ᠴᠢᠨᠠᠷᠲᠠᠢ ᠠᠵᠢᠯ | ᠬᠢᠬᠦ ᠳᠤ 1500 ᠭᠠᠷᠤᠢ ᠬᠥᠮᠦᠨ ᠤᠳᠠᠭ᠎ᠠ ᠣᠷᠣᠯᠴᠠᠬᠤ ᠶᠢ ᠵᠣᠷᠢᠭᠵᠢᠭᠤᠯᠬᠤ ᠶᠢᠨ ᠲᠥᠯᠥᠭᠡ᠂ ᠡᠳᠦᠷ | ᠪᠦᠷᠢ ᠶᠢᠨ ᠴᠠᠯᠢᠩ ᠤᠨ ᠴᠢᠨᠠᠷᠲᠠᠢ ᠣᠷᠣᠯᠭ᠎ᠠ 200 ᠲᠥᠭᠦᠷᠢᠭ᠂ ᠡᠷᠦᠬᠡ ᠪᠦᠷᠢ ᠶᠢᠨ ᠳᠤᠮᠳᠠᠴᠢ ᠣᠷᠣᠯᠭ᠎ᠠ | 4000 ᠲᠥᠭᠦᠷᠢᠭ ᠣᠷᠴᠢᠮ ᠨᠡᠮᠡᠭᠳᠡᠵᠦ᠂ ᠴᠥᠭᠡᠨ ᠪᠤᠰᠤ ᠲᠣᠰᠬᠤᠨ ᠤ ᠠᠷᠠᠳ ᠡᠯᠡᠰᠦᠷᠬᠡᠭᠵᠢᠯ ᠢ ᠰᠡᠷᠭᠡᠶᠢᠯᠡᠨ | ᠡᠯᠡᠰᠦᠷᠬᠡᠭᠵᠢᠯ ᠢ ᠵᠠᠰᠠᠬᠤ ᠳᠤ ᠣᠷᠣᠯᠴᠠᠭᠴᠢ ᠪᠠ ᠠᠰᠢᠭ ᠬᠦᠷᠲᠡᠭᠴᠢ ᠪᠣᠯᠪᠠ᠃ | ᠣᠢ ᠬᠠᠮᠠᠭᠠᠯᠠᠭᠴᠢ ᠵᠠᠩ ᠭᠦᠸᠧ ᠱᠠᠨ ᠪᠣᠯ ᠳᠠᠷᠤᠢ ᠡᠭᠦᠨ ᠤ ᠳᠣᠲᠣᠷᠠᠬᠢ ᠨᠢᠭᠡ ᠨᠢ ᠮᠥᠨ᠂ ᠲᠡᠭᠦᠨ ᠤ | ᠮᠣᠲ᠋ᠣᠷ ᠳᠡᠭᠡᠷ᠎ᠡ ᠴᠠᠭ ᠲᠤᠬᠠᠢ ᠲᠤᠨᠢ ᠪᠠᠭᠠᠵᠢ ᠪᠡᠯᠡᠳᠬᠡᠨ᠂ ᠵᠠᠰᠠᠵᠤ ᠰᠡᠯᠪᠢᠬᠦ ᠭᠠᠵᠠᠷ ᠡᠪᠳᠡᠭᠳᠡᠭᠰᠡᠨ ᠬᠠᠰᠢᠯᠭ᠎ᠠ ᠶᠢ | ᠴᠠᠭ ᠲᠤᠬᠠᠢ ᠲᠤᠨᠢ ᠵᠠᠰᠠᠵᠤ ᠰᠡᠯᠪᠢᠬᠦ ᠬᠡᠷᠡᠭᠲᠡᠢ᠃ ︽ᠮᠢᠨᠦ ᠠᠵᠢᠯ ᠪᠣᠯ ᠳᠠᠷᠤᠢ ᠬᠦᠷᠢᠶ᠎ᠡ ᠬᠠᠰᠢᠶ᠎ᠠ ᠳᠤ | ᠡᠪᠳᠡᠭᠳᠡᠭᠰᠡᠨ ᠡᠰᠡᠬᠦ᠂ ᠮᠠᠯ ᠤᠨᠤᠭ᠎ᠠ ᠣᠷᠣᠵᠤ ᠢᠷᠡᠭᠰᠡᠨ ᠡᠰᠡᠬᠦ ᠶᠢ ᠪᠠᠶᠢᠴᠠᠭᠠᠨ ᠦᠵᠡᠬᠦ ᠶᠠᠪᠤᠳᠠᠯ ᠪᠣᠯᠤᠨ᠎ᠠ᠂ | ᠡᠳᠦᠷ ᠪᠦᠷᠢ ᠮᠣᠲ᠋ᠣᠷ ᠤᠨᠤᠵᠤ ᠨᠢᠭᠡ ᠴᠠᠭᠠᠷᠢᠭ ᠡᠷᠭᠢᠭᠦᠯᠦᠨ᠎ᠡ᠂ ᠶᠠᠪᠤᠬᠤ ᠦᠭᠡᠢ ᠪᠣᠯ ᠰᠡᠳᠬᠢᠯ ᠰᠠᠨᠠᠭ᠎ᠠ | ᠲᠣᠭᠲᠠᠭᠤᠨ ᠦᠭᠡᠢ ᠰᠢᠭ ᠰᠠᠨᠠᠭᠳᠠᠨ᠎ᠠ︾ ᠭᠡᠵᠦ ᠬᠡᠯᠡᠪᠡ᠃ ᠪᠠᠶᠠᠨ ᠲᠣᠬᠤᠢ ᠭᠠᠴᠠᠬᠠᠨ ᠤ ᠣᠢ ᠰᠢᠬᠤᠶ ᠶᠢᠨ | ᠬᠠᠮᠠᠭᠠᠯᠠᠭᠴᠢ ᠵᠠᠩ ᠭᠦᠸᠧ ᠱᠠᠨ ᠬᠡᠯᠡᠭᠰᠡᠨ ᠨᠢ᠃ ᠣᠳᠣ ᠶᠢᠨ ᠪᠠᠶᠠᠨᠲᠣᠬᠤᠢ ᠭᠠᠴᠠᠭ᠎ᠠ ᠨᠢ ᠰᠠᠯᠬᠢ ᠰᠢᠭᠤᠷᠭ᠎ᠠ | ᠠᠭᠠᠵᠢᠮ ᠢᠶᠠᠷ ᠲᠠᠴᠢᠷᠳᠠᠵᠤ᠂ ᠡᠪᠡᠰᠦ ᠤᠷᠭᠤᠮᠠᠯ ᠡᠯᠪᠡᠭ᠂ ᠬᠤᠨ ᠭᠠᠯᠠᠭᠤ ᠴᠤ ᠳᠡᠪᠬᠡᠷᠦᠨ ᠢᠷᠡᠪᠡ᠃ | ᠪᠠᠶᠠᠨᠲᠣᠬᠤᠢ ᠭᠠᠴᠠᠭᠠᠨ ᠤ ᠬᠥᠮᠦᠰ 10 ᠵᠢᠯ ᠤᠨ ᠬᠤᠭᠤᠴᠠᠭᠠᠨ ᠳᠤ ᠬᠥᠮᠦᠰ ᠲᠤ ᠡᠪᠡᠰᠦ ᠮᠣᠳᠣ ᠬᠠᠶᠢᠷ᠎ᠠ | ᠰᠡᠳᠬᠢᠯᠭᠡ ᠲᠠᠢ ᠪᠠᠶᠢᠵᠤ᠂ ᠮᠠᠩᠬᠠᠨ ᠡᠯᠡᠰᠦ ᠶᠢ ᠣᠨᠢᠰᠤᠯᠠᠵᠤ᠂ ᠲᠡᠳᠡᠨ ᠤ 10 ᠵᠢᠯ ᠤᠨ ᠲᠤᠷᠰᠢᠬᠢ ᠠᠮᠢ | ᠠᠬᠤᠢ ᠶᠢᠨ ᠬᠠᠮᠠᠭᠠᠯᠠᠯᠲᠠ ᠶᠢᠨ ᠠᠴᠢ ᠬᠠᠷᠢᠭᠤᠯᠬᠤ ᠶᠢ ᠬᠡᠯᠡᠵᠦ ᠥᠭᠪᠡ᠃ ︽ᠤᠤᠯ ᠨᠢ ᠶᠡᠭᠡ ᠰᠠᠯᠬᠢ ᠲᠠᠢ᠂ ᠶᠠᠭᠤ | ᠴᠤ ᠣᠯᠵᠤ ᠦᠵᠡᠬᠦ ᠦᠭᠡᠢ᠂ ᠨᠢᠭᠤᠷ ᠳᠦᠭᠦᠷᠡᠩ ᠪᠦᠷ ᠡᠯᠡᠰᠦ ᠮᠠᠩᠬ᠎ᠠ᠂ ᠣᠳᠣ ᠲᠡᠬᠢᠭᠠᠦᠠ ᠰᠠᠯᠬᠢᠯᠠᠬᠤ ᠠᠴᠠ | ᠠᠶᠤᠬᠤ ᠦᠭᠡᠢ᠂ ᠣᠷᠴᠢᠨ ᠲᠣᠭᠤᠷᠢᠨ ᠴᠤ ᠰᠠᠶᠢᠵᠢᠷᠠᠵᠤ᠂ ᠮᠠᠨ ᠤ ᠪᠦᠬᠦ ᠭᠠᠴᠠᠭᠠᠨ ᠤ ᠣᠯᠠᠨ ᠲᠦᠮᠡᠨ ᠴᠥᠮ | ᠣᠨᠴᠠᠭᠠᠢ ᠰᠡᠳᠬᠢᠯ ᠬᠠᠨᠤᠮᠵᠢᠲᠠᠢ ᠪᠠᠶᠢᠨ᠎ᠠ︕︾ ᠬᠡᠵᠤ ᠪᠠᠶᠠᠨᠲᠣᠬᠤᠢ ᠭᠠᠴᠠᠭᠠᠨ ᠤ ᠠᠷᠠᠳ ᠯᠢᠶᠠᠩ ᠴᠠᠩ ᠱᠠᠨ | ᠬᠡᠯᠡᠪᠡ᠃ |