ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ ﹇2020﹈ 38 ᠳ᠋ᠤᠭᠠᠷ ᠲᠣᠭᠠᠲᠤ | | | | | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ᠢ ᠳᠠᠷᠤᠮᠠᠯᠯᠠᠨ ᠲᠠᠷᠬᠠᠭᠠᠬᠤ ᠲᠤᠬᠠᠢ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠮᠡᠳᠡᠭᠳᠡᠯ | | | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠲᠤ᠄ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ᠢ ᠬᠤᠰᠢᠭᠤᠨ ᠤ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | 2024 ᠣᠨ ᠤ 7 ᠰᠠᠷ᠎ᠠ ᠶᠢᠨ 3 ᠤ ᠡᠳᠦᠷ | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ | ︵2024 ᠣᠨ ᠤ ᠬᠡᠪᠯᠡᠯ︶ | 1. ᠶᠡᠷᠦᠩᠬᠡᠢ ᠳᠦᠷᠢᠮ | 1.1 ᠨᠠᠶᠢᠷᠠᠭᠤᠯᠤᠨ ᠵᠣᠬᠢᠶᠠᠭᠰᠠᠨ ᠵᠣᠷᠢᠯᠭ᠎ᠠ | ᠮᠠᠨ ᠤ ᠬᠤᠰᠢᠭᠤᠨ ᠤ ᠪᠣᠬᠢᠷᠲᠤᠯ ᠶᠡᠬᠡᠲᠡᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ | ᠳᠠᠭᠠᠬᠤ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠪᠣᠬᠢᠷᠲᠤᠯ ᠶᠡᠬᠡᠲᠡᠢ ᠴᠠᠭ ᠠᠭᠤᠷ ᠢ ᠤᠷᠢᠳᠴᠢᠯᠠᠨ | ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ | ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠠᠴᠠ ᠪᠣᠯᠤᠭᠰᠠᠨ | ᠬᠤᠣᠷ ᠬᠥᠨᠥᠭᠡᠯ ᠢ ᠴᠠᠭ ᠲᠤᠬᠠᠢ ᠳᠤᠨᠢ ᠪᠦᠲᠦᠮᠵᠢᠲᠡᠢ ᠬᠢᠵᠠᠭᠠᠷᠯᠠᠵᠤ᠂ ᠪᠠᠭᠠᠰᠬᠠᠬᠤ ᠪᠤᠶᠤ ᠠᠷᠢᠯᠭᠠᠵᠤ᠂ ᠠᠷᠠᠳ | ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠮᠠᠭᠠᠯᠠᠬᠤ ᠶᠢᠨ ᠲᠥᠯᠥᠭᠡ᠂ ᠲᠣᠰ ᠪᠡᠯᠡᠳᠬᠡᠯ ᠲᠥᠰᠦᠯ ᠢ | ᠲᠣᠭᠲᠠᠭᠠᠪᠠ᠃ | 1.2 ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ | ᠬᠠᠤᠯᠢ︾ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ | ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠦᠯ ︵ᠲᠤᠷᠰᠢᠨ ᠬᠡᠷᠡᠭᠵᠢᠭᠦᠯᠬᠦ︶︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ︵2022 ᠣᠨ ᠤ ᠬᠡᠪᠯᠡᠯ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ | ᠬᠡᠪᠯᠡᠯ︶︾ ︽ᠬᠢᠩᠭᠠᠨ ᠠᠶᠢᠮᠠᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ︵2024 ᠣᠨ ᠤ ᠬᠡᠪᠯᠡᠯ︶︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ | ᠮᠠᠲ᠋ᠧᠷᠢᠶᠠᠯ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠪᠡᠯᠡᠳᠬᠡᠯ | ᠲᠥᠰᠦᠯ ᠢ ᠲᠣᠭᠲᠠᠭᠠᠪᠠ᠃ | 1.3 ᠬᠡᠷᠡᠭᠯᠡᠬᠦ ᠬᠡᠪᠴᠢᠶ᠎ᠡ | ᠲᠣᠰ ᠪᠡᠯᠡᠳᠬᠡᠯ ᠲᠥᠰᠦᠯ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠳᠤ ᠬᠡᠷᠡᠭᠯᠡᠨ᠎ᠡ᠃ ᠨᠠᠷᠢᠨ | ᠮᠥᠬᠦᠯᠢᠭᠲᠦ ᠪᠣᠳᠠᠰ ︵PM2.5︶ ᠤᠨ ᠪᠣᠬᠢᠷᠲᠤᠯ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ ᠢ | ᠲᠣᠰ ᠪᠡᠯᠡᠳᠬᠡᠯ ᠲᠥᠰᠦᠯ ᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ︔ ᠣᠽᠣᠨ ︵O3︶ ᠤᠨ ᠪᠣᠬᠢᠷᠲᠤᠯ ᠠᠴᠠ | ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ ᠢ ᠴᠠᠭ ᠲᠤᠬᠠᠢ ᠳᠤᠨᠢ ᠨᠡᠶᠢᠭᠡᠮ ᠳᠤ ᠡᠷᠡᠭᠦᠯ ᠮᠡᠨᠳᠦ ᠶᠢᠨ | ᠰᠠᠨᠠᠭᠤᠯᠤᠮᠵᠢ ᠶᠢᠨ ᠮᠡᠳᠡᠭᠡ ᠵᠠᠩᠭᠢ ᠨᠡᠶᠢᠲᠡᠯᠡᠵᠦ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ︵VOCs︶ ᠪᠣᠯᠤᠨ | ᠠᠽᠣᠲ ᠤᠨ ᠢᠰᠦᠮᠡᠭ ᠪᠣᠳᠠᠰ ︵NOx︶ ᠤᠨ ᠭᠠᠳᠠᠭᠰᠢᠯᠠᠭᠤᠯᠬᠤ ᠰᠤᠷᠪᠤᠯᠵᠢ ᠶᠢᠨ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ︔ ᠡᠯᠡᠰᠦᠨ ᠰᠢᠭᠤᠷᠭ᠎ᠠ᠂ ᠠᠭᠤᠯᠠᠨ ᠲᠦᠢᠮᠡᠷ ᠵᠡᠷᠭᠡ ᠡᠵᠡᠮᠳᠡᠵᠦ | ᠳᠡᠶᠢᠯᠬᠦ ᠦᠭᠡᠢ ᠬᠦᠴᠦᠨ ᠵᠦᠢᠯ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ ᠢ ᠴᠠᠭ ᠲᠤᠬᠠᠢ ᠳᠤᠨᠢ | ᠨᠡᠶᠢᠭᠡᠮ ᠳᠤ ᠡᠷᠡᠭᠦᠯ ᠮᠡᠨᠳᠦ ᠶᠢᠨ ᠰᠠᠨᠠᠭᠤᠯᠤᠮᠵᠢ ᠶᠢᠨ ᠮᠡᠳᠡᠭᠡ ᠵᠠᠩᠭᠢ ᠨᠡᠶᠢᠲᠡᠯᠡᠵᠦ᠂ ᠣᠯᠠᠨ ᠨᠡᠶᠢᠲᠡ ᠶᠢ ᠬᠥᠲᠥᠯᠥᠨ | ᠵᠢᠯᠣᠭᠤᠳᠴᠤ ᠪᠠᠶᠢᠭᠠᠳ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠪᠠᠶᠢᠳᠠᠯ ᠢ ᠦᠵᠡᠵᠦ | ᠪᠠᠶᠢᠭᠠᠳ ᠲᠣᠭᠤᠰᠣ ᠰᠢᠷᠣᠢ ᠶᠢᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ | ᠠᠪᠤᠨ᠎ᠠ᠃ | 2. ᠵᠣᠬᠢᠶᠠᠨ ᠪᠠᠶᠢᠭᠤᠯᠤᠨ ᠵᠢᠯᠣᠭᠤᠳᠬᠤ ᠰᠢᠰᠲ᠋ᠧᠮᠵᠢ | 2.1 ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠪᠦᠲᠦᠮᠵᠢᠲᠡᠢ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ︵ | ᠳᠣᠷᠣᠭᠰᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ | ᠪᠠᠶᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠤᠳᠤᠷᠢᠳᠤᠯᠭ᠎ᠠ᠂ ᠵᠢᠯᠣᠭᠤᠳᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠤᠮᠵᠢ ᠶᠢ ᠪᠠᠶᠢᠭᠤᠯᠤᠨ᠎ᠠ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠣᠭᠴᠢ ᠶᠢ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤᠨ ᠳᠠᠷᠤᠭ᠎ᠠ | ᠡᠭᠦᠷᠭᠡᠯᠡᠵᠦ᠂ ᠳᠡᠳ᠋ ᠶᠡᠷᠦᠩᠬᠡᠢ ᠵᠢᠯᠣᠭᠤᠳᠣᠭᠴᠢ ᠶᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ | ᠡᠷᠬᠢᠯᠡᠭᠴᠢ ᠪᠠ ᠬᠢᠩᠭᠠᠨ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠡᠭᠦᠷᠭᠡᠯᠡᠵᠦ᠂ ᠪᠦᠷᠢᠯᠳᠦᠬᠦᠨ ᠢ | ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ | ᠡᠭᠦᠷᠭᠡᠯᠡᠨ᠎ᠡ᠃ | 2. ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠵᠢᠴᠢ ᠡᠭᠦᠷᠭᠡ ᠬᠠᠷᠢᠭᠤᠴᠠᠯᠭ᠎ᠠ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠳᠣᠣᠷ᠎ᠠ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠠᠯᠪᠠᠨ ᠭᠡᠷ ︵ᠳᠣᠷᠣᠭᠰᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ᠤᠨ ᠠᠯᠪᠠᠨ ᠭᠡᠷ ᠭᠡᠵᠦ ᠲᠣᠪᠴᠢᠯᠠᠨ᠎ᠠ︶ ᠢ ᠪᠠᠶᠢᠭᠤᠯᠤᠨ᠎ᠠ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠠᠯᠪᠠᠨ ᠭᠡᠷ ᠨᠢ ᠪᠠᠶᠢᠩᠭᠤ ᠶᠢᠨ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠬᠢᠩᠭᠠᠨ | ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠬᠤᠪᠢᠶᠠᠷᠢ ᠲᠣᠪᠴᠢᠶ᠎ᠠ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠢᠩᠭᠠᠨ | ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠲᠣᠪᠴᠢᠶᠠᠨ ᠳᠠᠷᠤᠭ᠎ᠠ ᠬᠠᠪᠰᠤᠷᠭᠠᠨ ᠡᠭᠦᠷᠭᠡᠯᠡᠵᠦ᠂ ᠠᠯᠪᠠᠨ ᠭᠡᠷ ᠤᠨ | ᠳᠡᠳ᠋ ᠡᠷᠬᠢᠯᠡᠭᠴᠢ ᠶᠢᠨ ᠲᠤᠰᠢᠶᠠᠯ ᠢ ᠬᠢᠩᠭᠠᠨ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠳᠡᠳ᠋ | ᠳᠠᠷᠤᠭ᠎ᠠ ᠬᠠᠪᠰᠤᠷᠭᠠᠨ ᠬᠠᠷᠢᠭᠤᠴᠠᠨ᠎ᠠ᠃ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠵᠢᠯᠣᠭᠤᠳᠬᠤ ᠭᠠᠵᠠᠷ ᠤᠨ | ᠪᠦᠷᠢᠯᠳᠦᠬᠦᠨ ᠨᠢᠭᠡᠴᠡ ᠵᠢᠴᠢ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠳᠠᠭᠠᠯᠳᠤᠭᠤᠯᠤᠯ 1 ᠪᠠ | ᠳᠠᠭᠠᠯᠳᠤᠭᠤᠯᠤᠯ 2 ᠲᠤ ᠦᠵᠡ᠃ | 3. ᠲᠥᠰᠦᠭᠡᠯᠡᠨ ᠪᠣᠳᠣᠬᠤ ᠪᠠ ᠰᠡᠷᠡᠮᠵᠢᠯᠡᠭᠦᠯᠬᠦ | 3.1 ᠲᠥᠰᠦᠭᠡᠯᠡᠬᠦ | 3.1.1 ᠬᠢᠨᠠᠨ ᠰᠢᠨᠵᠢᠬᠦ | ᠠᠮᠢ ᠠᠬᠤᠢ ᠶᠢᠨ ᠣᠷᠴᠢᠨ ᠲᠣᠭᠤᠷᠢᠨ᠂ ᠴᠠᠭ ᠠᠭᠤᠷ ᠤᠨ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ | ᠣᠷᠣᠨ ᠤ ᠪᠠᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ ᠰᠢᠨᠵᠢᠬᠦ ᠪᠠ ᠴᠠᠭ ᠠᠭᠤᠷ ᠤᠨ ᠬᠦᠴᠦᠨ | ᠵᠦᠢᠯ ᠢ ᠠᠵᠢᠭᠯᠠᠨ ᠰᠢᠨᠵᠢᠬᠦ ᠶᠢ ᠲᠤᠰ ᠲᠤᠰ ᠬᠠᠷᠢᠭᠤᠴᠠᠵᠤ᠂ ᠲᠤᠭ᠎ᠠ ᠪᠠᠷᠢᠮᠲᠠ ᠴᠤᠭᠯᠠᠭᠤᠯᠤᠨ ᠰᠢᠢᠳᠪᠦᠷᠢᠯᠡᠬᠦ᠂ | ᠣᠳᠣᠬᠢ ᠪᠠᠶᠢᠳᠠᠯ ᠢ ᠦᠨᠡᠯᠡᠬᠦ᠂ ᠮᠡᠳᠡᠭᠡ ᠵᠠᠩᠭᠢ ᠪᠠᠨ ᠰᠣᠯᠢᠯᠴᠠᠨ ᠬᠠᠮᠲᠤ ᠳᠠᠭᠠᠨ ᠡᠳᠯᠡᠬᠦ ᠶᠢ ᠰᠠᠶᠢᠲᠤᠷ ᠬᠢᠵᠦ᠂ | ᠤᠷᠢᠳᠴᠢᠯᠠᠨ ᠮᠡᠳᠡᠭᠡᠯᠡᠬᠦ᠂ ᠵᠥᠪᠳᠡᠯᠴᠡᠬᠦ᠂ ᠰᠡᠷᠡᠮᠵᠢᠯᠡᠭᠦᠯᠬᠦ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦ | ᠪᠠᠷᠢᠮᠲᠠ ᠬᠠᠩᠭᠠᠨ᠎ᠠ᠃ | 3.1.2 ᠵᠥᠪᠳᠡᠯᠴᠡᠬᠦ | ᠠᠮᠢ ᠠᠬᠤᠢ ᠶᠢᠨ ᠣᠷᠴᠢᠨ ᠲᠣᠭᠤᠷᠢᠨ᠂ ᠴᠠᠭ ᠠᠭᠤᠷ ᠤᠨ ᠰᠠᠯᠠᠭ᠎ᠠ ᠮᠥᠴᠢᠷ ᠬᠢᠩᠭᠠᠨ ᠠᠶᠢᠮᠠᠭ ᠤᠨ | ᠨᠡᠶᠢᠲᠡᠯᠡᠭᠰᠡᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠤᠷᠢᠳᠴᠢᠯᠠᠭᠰᠠᠨ ᠮᠡᠳᠡᠭᠡ ᠲᠠᠢ | ᠤᠶᠠᠯᠳᠤᠭᠤᠯᠤᠨ᠂ ᠮᠠᠨ ᠤ ᠬᠤᠰᠢᠭᠤᠨ ᠳᠤ ᠭᠠᠷᠴᠤ ᠮᠡᠳᠡᠬᠦ ᠬᠦᠨᠳᠦ ᠪᠣᠬᠢᠷᠲᠤᠯ ᠲᠠᠢ ᠴᠠᠭ ᠠᠭᠤᠷ ᠢ ᠬᠠᠮᠲᠤᠷᠠᠨ | ᠵᠥᠪᠳᠡᠯᠴᠡᠵᠦ ᠰᠤᠳᠤᠯᠤᠨ ᠮᠠᠭᠠᠳᠯᠠᠵᠤ᠂ ᠴᠠᠭ ᠲᠤᠬᠠᠢ ᠳᠤᠨᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠠᠯᠪᠠᠨ ᠭᠡᠷ ᠲᠤ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ᠂ ᠲᠣᠬᠢᠷᠠᠭᠤᠯᠤᠯᠲᠠ ᠬᠢᠬᠦ᠂ | ᠬᠦᠴᠦᠨ ᠦᠭᠡᠢ ᠪᠣᠯᠭᠠᠬᠤ ᠰᠠᠨᠠᠭᠤᠯᠭ᠎ᠠ ᠳᠤᠷᠠᠳᠬᠤ ᠶᠢᠨ ᠬᠠᠮᠲᠤ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠢ ᠳᠤᠨᠢ ᠮᠡᠳᠡᠭᠦᠯᠦᠨ᠎ᠡ᠃ ᠳᠤᠮᠳᠠ ᠵᠡᠷᠭᠡ ᠵᠢᠴᠢ | ᠲᠡᠭᠦᠨ ᠠᠴᠠ ᠳᠡᠭᠡᠭᠰᠢᠬᠢ ᠪᠣᠬᠢᠷᠲᠤᠯ ᠲᠠᠢ ᠴᠠᠭ ᠠᠭᠤᠷ ᠭᠠᠷᠴᠤ ᠮᠡᠳᠡᠬᠦ ᠦᠶ᠎ᠡ ᠳᠤ᠂ ᠠᠭᠠᠷ ᠤᠨ ᠶᠠᠰᠤ ᠴᠢᠨᠠᠷ ᠢ | ᠤᠷᠢᠳᠴᠢᠯᠠᠨ ᠮᠡᠳᠡᠭᠦᠯᠦᠭᠰᠡᠨ ᠦᠷ᠎ᠡ ᠳ᠋ᠦᠩ ᠤᠨ ᠳᠡᠭᠡᠳᠦ ᠬᠢᠵᠠᠭᠠᠷ ᠶᠣᠰᠣᠭᠠᠷ ᠰᠡᠷᠡᠮᠵᠢᠯᠡᠭᠦᠯᠬᠦ ᠲᠠᠰ ᠤᠨ | ᠰᠠᠨᠠᠭᠤᠯᠭ᠎ᠠ ᠳᠤᠷᠠᠳᠬᠤ ᠬᠡᠷᠡᠭᠲᠡᠢ᠃ | 4᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ | 4.1 ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢᠨ ᠳᠡᠰ ᠬᠤᠪᠢᠶᠠᠬᠤ | ᠰᠢᠷ᠎ᠠ ᠥᠩᠭᠡ ᠶᠢᠨ ᠰᠡᠷᠡᠮᠵᠢᠯᠡᠭᠦᠯᠦᠯ ᠢ ᠨᠡᠶᠢᠲᠡᠯᠡᠬᠦ ᠣᠶᠢᠶ᠎ᠠ ᠳᠤ᠂ Ⅲ ᠲᠠᠰ ᠤᠨ ᠪᠠᠴᠢᠮ ᠪᠠᠶᠢᠳᠠᠯ ᠢ | ᠠᠷᠭᠠᠴᠠᠬᠤ ᠴᠤᠤᠷᠢᠶᠠᠲᠤᠯ ᠢ ᠡᠬᠢᠯᠡᠭᠦᠯᠦᠨ᠎ᠡ᠃ | ᠤᠯᠠᠪᠤᠷ ᠥᠩᠭᠡ ᠶᠢᠨ ᠰᠡᠷᠡᠮᠵᠢ ᠶᠢᠨ ᠳᠤᠬᠢᠶ᠎ᠠ ᠨᠡᠶᠢᠲᠡᠯᠡᠬᠦ ᠦᠶ᠎ᠡ ᠳᠤ Ⅱ ᠲᠠᠰ ᠤᠨ ᠪᠠᠴᠢᠮ ᠪᠠᠶᠢᠳᠠᠯ ᠢ | ᠠᠷᠭᠠᠴᠠᠬᠤ ᠲᠥᠰᠦᠯ ᠢ ᠬᠡᠷᠡᠭᠵᠢᠭᠦᠯᠦᠨ᠎ᠡ᠃ | ᠤᠯᠠᠭᠠᠨ ᠥᠩᠭᠡ ᠶᠢᠨ ᠰᠡᠷᠡᠮᠵᠢᠯᠡᠭᠦᠯᠦᠯ ᠨᠡᠶᠢᠲᠡᠯᠡᠬᠦ ᠦᠶ᠎ᠡ ᠳᠤ᠂ Ⅰ ᠲᠠᠰ ᠤᠨ ᠪᠠᠴᠢᠮ ᠪᠠᠶᠢᠳᠠᠯ ᠢ | ᠠᠷᠭᠠᠴᠠᠬᠤ ᠲᠥᠰᠦᠯ ᠢ ᠬᠡᠷᠡᠭᠵᠢᠭᠦᠯᠦᠨ᠎ᠡ᠃ | 4.2 ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠶᠢ ᠡᠬᠢᠯᠡᠭᠦᠯᠦᠨ ᠬᠡᠷᠡᠭᠵᠢᠭᠦᠯᠪᠡ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠬᠤᠰᠢᠭᠤᠨ ᠤ ᠰᠢᠭᠤᠳ | ᠬᠠᠷᠢᠶ᠎ᠠ ᠰᠠᠯᠠᠭ᠎ᠠ ᠮᠥᠴᠢᠷ᠂ ᠰᠤᠮᠤ ᠪᠠᠯᠭᠠᠰᠤ᠂ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ | ᠲᠤᠰ ᠲᠤᠰ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠪᠠ︔ ᠲᠡᠷᠡᠴᠢᠯᠡᠨ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠪᠡ᠃ | 5᠂ ᠪᠠᠲᠤᠯᠠᠬᠤ ᠠᠷᠭ᠎ᠠ ᠬᠡᠮᠵᠢᠶ᠎ᠡ | 5.1 ᠵᠠᠷᠤᠳᠠᠯ ᠤᠨ ᠪᠠᠲᠤᠯᠠᠭ᠎ᠠ | ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠬᠢᠷᠲᠤᠯ ᠶᠡᠬᠡᠲᠡᠢ ᠴᠠᠭ ᠠᠭᠤᠷ ᠢ ᠰᠡᠷᠭᠡᠶᠢᠯᠡᠨ | ᠡᠵᠡᠮᠳᠡᠬᠦ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠠᠯᠬᠤᠮ ᠠᠯᠬᠤᠮ ᠢᠶᠠᠷ ᠴᠢᠩᠭᠠᠷᠠᠭᠤᠯᠵᠤ᠂ | ᠪᠣᠬᠢᠷᠲᠤᠯ ᠶᠡᠬᠡᠲᠡᠢ ᠴᠠᠭ ᠠᠭᠤᠷ ᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ᠂ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ᠂ ᠠᠵᠢᠯᠯᠠᠭᠠᠨ ᠪᠠ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠤᠨ ᠳᠡᠮᠵᠢᠯᠭᠡ ᠪᠠ | ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠡᠯ᠎ᠡ ᠵᠦᠢᠯ ᠤᠨ ᠠᠵᠢᠯ ᠳᠤ ᠪᠡᠯᠡ ᠮᠥᠩᠭᠦ ᠶᠢᠨ ᠪᠠᠲᠤᠯᠠᠭ᠎ᠠ | ᠬᠠᠩᠭᠠᠬᠤ ᠬᠡᠷᠡᠭᠲᠡᠢ᠃ | 5.2 ᠠᠮᠤᠷ ᠲᠦᠪᠰᠢᠨ ᠤ ᠪᠠᠲᠤᠯᠠᠭ᠎ᠠ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠬᠠᠤᠯᠢ ᠶᠣᠰᠣᠭᠠᠷ ᠦᠢᠯᠡᠳᠪᠦᠷᠢᠯᠡᠯ ᠢᠶᠠᠨ ᠵᠣᠭᠰᠣᠭᠠᠬᠤ | ︵ᠬᠢᠵᠠᠭᠠᠷᠯᠠᠬᠤ︶ ᠬᠤᠭᠤᠴᠠᠭᠠᠨ ᠳᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠮᠢ ᠠᠬᠤᠢ ᠶᠢᠨ | ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ | ᠦᠢᠯᠡᠳᠪᠦᠷᠢᠯᠡᠯ ᠢᠶᠠᠨ ᠵᠣᠭᠰᠣᠭᠠᠬᠤ ︵ᠬᠢᠵᠠᠭᠠᠷᠯᠠᠬᠤ︶ ᠠᠵᠤ ᠠᠬᠤᠶᠢᠯᠠᠯ ᠤᠨ ᠠᠮᠤᠷ ᠲᠦᠪᠰᠢᠨ ᠤ | ᠲᠦᠭᠰᠢᠭᠦᠷᠢ ᠶᠢᠨ ᠵᠡᠷᠭᠡ ᠳᠡᠰ ᠢ ᠬᠠᠤᠯᠢ ᠶᠣᠰᠣᠭᠠᠷ ᠲᠣᠭᠲᠠᠭᠠᠵᠤ᠂ ᠲᠦᠭᠰᠢᠭᠦᠷᠢ ᠪᠠᠷ ᠨᠡᠯᠢᠶᠡᠳ ᠶᠡᠭᠡ ᠠᠵᠤ | ᠠᠬᠤᠶᠢᠯᠠᠯ ᠳᠤ ᠲᠤᠰᠬᠠᠢ ᠮᠡᠷᠭᠡᠵᠢᠯᠲᠡᠨ ᠵᠢᠴᠢ ᠬᠢᠨᠠᠨ ᠬᠠᠮᠢᠶᠠᠷᠬᠤ ᠠᠵᠢᠯᠲᠠᠨ ᠢ ᠲᠣᠮᠢᠯᠠᠨ ᠲᠤᠬᠠᠢ ᠶᠢᠨ ᠲᠠᠯᠠᠪᠤᠷ ᠲᠤ | ᠣᠴᠢᠭᠤᠯᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠦᠭᠰᠢᠭᠦᠷᠢ ᠶᠢ ᠢᠯᠭᠠᠨ ᠲᠠᠨᠢᠬᠤ | ᠠᠵᠢᠯ ᠢ ᠥᠷᠨᠢᠭᠦᠯᠵᠦ᠂ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢᠨ ᠦᠢᠯᠡᠳᠪᠦᠷᠢᠯᠡᠯ ᠢᠶᠠᠨ ᠵᠣᠭᠰᠣᠭᠠᠬᠤ ︵ᠬᠢᠵᠠᠭᠠᠷᠯᠠᠬᠤ︶ ᠬᠤᠭᠤᠴᠠᠭᠠᠨ ᠳᠠᠬᠢ ᠠᠮᠤᠷ | ᠲᠦᠪᠰᠢᠨ᠂ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠠᠯ ᠪᠠ | ᠣᠷᠴᠢᠨ ᠲᠣᠭᠤᠷᠢᠨ ᠤ ᠪᠣᠬᠢᠷᠲᠤᠯ ᠤᠨ ᠬᠡᠷᠡᠭ ᠭᠠᠷᠬᠤ ᠠᠴᠠ ᠵᠠᠶᠢᠯᠠᠰᠬᠢᠬᠦ ᠬᠡᠷᠡᠭᠲᠡᠢ᠃ | 5.3 ᠴᠢᠳᠠᠪᠤᠷᠢ ᠶᠢᠨ ᠪᠠᠲᠤᠯᠠᠭ᠎ᠠ | ᠠᠮᠢ ᠠᠬᠤᠢ ᠶᠢᠨ ᠣᠷᠴᠢᠨ ᠲᠣᠭᠤᠷᠢᠨ᠂ ᠴᠠᠭ ᠠᠭᠤᠷ ᠤᠨ ᠰᠠᠯᠠᠭ᠎ᠠ ᠮᠥᠴᠢᠷ ᠤᠳ ᠣᠷᠴᠢᠨ ᠲᠣᠭᠤᠷᠢᠨ ᠢ | ᠬᠢᠨᠠᠨ ᠬᠡᠮᠵᠢᠬᠦ᠂ ᠴᠠᠭ ᠠᠭᠤᠷ ᠢ ᠠᠵᠢᠭᠯᠠᠨ ᠬᠡᠮᠵᠢᠬᠦ᠂ ᠤᠷᠢᠳᠴᠢᠯᠠᠨ ᠮᠡᠳᠡᠭᠡᠯᠡᠬᠦ ᠵᠢᠴᠢ ᠣᠷᠴᠢᠨ ᠲᠣᠭᠤᠷᠢᠨ | ᠠᠭᠠᠷ ᠤᠨ ᠶᠠᠰᠤ ᠴᠢᠨᠠᠷ ᠢ ᠲᠥᠰᠦᠭᠡᠯᠡᠬᠦ ᠲᠠᠯ᠎ᠠ ᠶᠢᠨ ᠲᠤᠰᠬᠠᠢ ᠴᠢᠳᠠᠪᠤᠷᠢᠲᠠᠨ ᠢ ᠬᠦᠴᠦᠯᠡᠨ ᠬᠥᠮᠦᠵᠢᠭᠦᠯᠵᠦ᠂ | ᠠᠭᠠᠷ ᠤᠨ ᠶᠠᠰᠤ ᠴᠢᠨᠠᠷ ᠢ ᠤᠷᠢᠳᠴᠢᠯᠠᠨ ᠮᠡᠳᠡᠭᠡᠯᠡᠬᠦ ᠨᠠᠷᠢᠯᠢᠭᠴᠠ ᠶᠢ ᠳᠡᠭᠡᠭᠰᠢᠯᠡᠭᠦᠯᠦᠨ᠎ᠡ᠃ ᠬᠤᠰᠢᠭᠤᠨ ᠤ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠨᠢ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ | ᠠᠵᠢᠯ ᠳᠤ ᠣᠨᠣᠯ ᠤᠨ ᠵᠢᠯᠣᠭᠤᠳᠣᠯᠭ᠎ᠠ ᠪᠠ ᠮᠡᠷᠭᠡᠵᠢᠯ ᠤᠨ ᠳᠡᠮᠵᠢᠯᠭᠡ ᠬᠠᠩᠭᠠᠨ᠎ᠠ᠃ | 5.4 ᠣᠶᠢᠯᠠᠭᠠᠯᠴᠠᠭ᠎ᠠ ᠶᠢᠨ ᠪᠠᠲᠤᠯᠠᠭ᠎ᠠ | ᠡᠯ᠎ᠡ ᠪᠦᠷᠢᠯᠳᠦᠬᠦᠨ ᠨᠢᠭᠡᠴᠡ ᠨᠦᠭᠦᠳ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠵᠢᠵᠢᠭᠦᠷᠯᠡᠨ ᠰᠠᠬᠢᠬᠤ ᠳᠦᠷᠢᠮ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠵᠢᠯᠲᠠᠨ ᠤ ᠴᠢᠮᠡᠭᠡ | ᠬᠤᠯᠪᠣᠭᠠᠨ ᠤ ᠮᠡᠳᠡᠭᠡ ᠵᠠᠩᠭᠢ ᠶᠢᠨ ᠬᠥᠮᠥᠷᠭᠡ ᠶᠢ ᠪᠦᠷᠢᠨᠰᠢᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠬᠤ ᠬᠠᠷᠢᠭᠤᠴᠠᠯᠭᠠᠲᠠᠨ ᠪᠣᠯᠤᠨ ᠬᠤᠯᠪᠣᠭᠠᠴᠢᠨ ᠢ ᠲᠣᠳᠣᠷᠬᠠᠶᠢᠯᠠᠬᠤ ᠶᠢᠨ ᠬᠠᠮᠲᠤ ᠪᠠᠴᠢᠮ | ᠪᠠᠶᠢᠳᠠᠯ ᠢ ᠠᠷᠭᠠᠴᠠᠬᠤ ᠮᠡᠳᠡᠭᠡ ᠵᠠᠩᠭᠢ ᠴᠢᠮᠡᠭᠡ ᠬᠤᠯᠪᠣᠭᠠᠨ ᠤ ᠰᠢᠰᠲ᠋ᠧᠮ ᠵᠢᠴᠢ ᠬᠠᠮᠠᠭᠠᠯᠠᠬᠤ ᠲᠥᠰᠦᠯ ᠢ | ᠲᠣᠭᠲᠠᠭᠠᠵᠤ᠂ 24 ᠴᠠᠭ ᠤᠨ ᠴᠢᠮᠡᠭᠡ ᠬᠤᠯᠪᠣᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠪᠠᠴᠢᠮ | ᠪᠠᠶᠢᠳᠠᠯ ᠢ ᠠᠷᠭᠠᠴᠠᠬᠤ ᠮᠡᠳᠡᠭᠡ ᠵᠠᠩᠭᠢ ᠪᠣᠯᠤᠨ ᠵᠠᠷᠯᠢᠭ ᠢ ᠴᠠᠭ ᠲᠤᠬᠠᠢ ᠳᠤᠨᠢ ᠪᠦᠲᠦᠮᠵᠢᠲᠡᠢ ᠳᠠᠮᠵᠢᠭᠤᠯᠬᠤ ᠶᠢ | ᠪᠠᠲᠤᠯᠠᠬᠤ ᠬᠡᠷᠡᠭᠲᠡᠢ᠃ | 6. ᠪᠡᠯᠡᠳᠬᠡᠯ ᠲᠥᠰᠦᠯ ᠤᠨ ᠬᠠᠮᠢᠶᠠᠷᠤᠯᠲᠠ | 6.1 ᠤᠬᠠᠭᠤᠯᠵᠤ ᠬᠥᠲᠥᠯᠥᠨ ᠵᠢᠯᠣᠭᠤᠳᠬᠤ | ︵1︶ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠵᠣᠬᠢᠴᠠᠭᠤᠯᠤᠨ ᠤᠬᠠᠭᠤᠯᠬᠤ᠂ ᠮᠡᠳᠡᠭᠡ | ᠬᠤᠯᠪᠣᠭᠠᠨ ᠤ ᠰᠠᠯᠠᠭ᠎ᠠ ᠮᠥᠴᠢᠷ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ᠂ ᠢᠨᠲ᠋ᠧᠷ ᠰᠦᠯᠵᠢᠶ᠎ᠡ ᠵᠡᠷᠭᠡ ᠰᠣᠨᠢᠨ | ᠮᠡᠳᠡᠭᠡᠨ ᠤ ᠵᠠᠭᠤᠴᠢᠯᠠᠭᠤᠷ ᠵᠢᠴᠢ ᠮᠡᠳᠡᠭᠡ ᠵᠠᠩᠭᠢ ᠶᠢᠨ ᠰᠦᠯᠵᠢᠶ᠎ᠡ ᠶᠢ ᠠᠰᠢᠭᠯᠠᠨ᠂ ᠠᠭᠠᠷ ᠮᠠᠨᠳᠠᠯ ᠤᠨ ᠬᠦᠨᠳᠦ | ᠪᠣᠬᠢᠷᠲᠤᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠮᠡᠳᠡᠭᠡ ᠵᠠᠩᠭᠢ ᠶᠢ ᠬᠠᠮᠤᠭ ᠤᠨ ᠶᠡᠭᠡ | ᠬᠡᠮᠵᠢᠶ᠎ᠡ ᠪᠠᠷ ᠨᠡᠶᠢᠲᠡᠯᠡᠨ᠎ᠡ᠃ | ︵2︶ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠤᠬᠠᠭᠤᠯᠬᠤ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠤᠷᠢᠳᠴᠢᠯᠠᠨ | ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠶᠡᠷᠦ ᠶᠢᠨ ᠮᠡᠳᠡᠯᠭᠡ ᠶᠢ | ᠶᠡᠬᠡᠪᠡᠷ ᠤᠬᠠᠭᠤᠯᠪᠠ᠃ ᠣᠯᠠᠨ ᠨᠡᠶᠢᠲᠡ ᠶᠢᠨ ᠰᠡᠷᠡᠮᠵᠢᠯᠡᠬᠦ ᠦᠵᠡᠯ ᠤᠬᠠᠮᠰᠠᠷ ᠪᠣᠯᠤᠨ ᠬᠠᠮᠢᠶ᠎ᠠ ᠪᠦᠬᠦᠢ | ᠰᠡᠳᠬᠢᠴᠡ ᠶᠢᠨ ᠪᠡᠯᠡᠳᠬᠡᠯ ᠢ ᠴᠢᠩᠭᠠᠳᠬᠠᠵᠤ᠂ ᠣᠯᠠᠨ ᠨᠡᠶᠢᠲᠡ ᠶᠢᠨ ᠰᠡᠷᠡᠮᠵᠢᠯᠡᠬᠦ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠢ᠃ | ︵3︶ ᠬᠤᠰᠢᠭᠤᠨ ᠨᠠᠮ ᠤᠨ ᠬᠤᠷᠢ᠊ ᠡᠶ᠎ᠡ ᠶᠢᠨ ᠤᠬᠠᠭᠤᠯᠬᠤ ᠬᠡᠯᠲᠡᠰ ᠨᠢ ᠭᠠᠳᠠᠭᠰᠢ ᠤᠬᠠᠭᠤᠯᠤᠨ ᠮᠡᠳᠡᠭᠡᠯᠡᠬᠦ | ᠠᠵᠢᠯ ᠢ ᠵᠢᠷᠤᠮᠵᠢᠭᠤᠯᠬᠤ᠂ ᠳᠦᠷᠢᠮᠵᠢᠭᠦᠯᠬᠦ ᠪᠠᠶᠢᠭᠤᠯᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠬᠤᠯᠪᠣᠭᠳᠠᠯ | ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ᠂ ᠣᠨᠣᠪᠴᠢᠲᠠᠢ ᠨᠡᠶᠢᠲᠡᠯᠡᠵᠦ᠂ ᠶᠠᠷᠢᠶ᠎ᠠ ᠬᠡᠯᠡᠯᠴᠡᠭᠡ ᠶᠢ ᠵᠥᠪ ᠢᠶᠠᠷ | ᠬᠥᠲᠥᠯᠥᠨ ᠵᠢᠯᠣᠭᠤᠳᠤᠨ᠎ᠠ᠃ | 6.2 ᠪᠣᠯᠪᠠᠰᠤᠷᠠᠯ ᠰᠣᠷᠢᠯᠲᠠ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠲᠤᠰ | ᠪᠡᠯᠡᠳᠬᠡᠯ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠪᠣᠯᠪᠠᠰᠤᠷᠠᠭᠤᠯᠤᠯ ᠤᠨ ᠲᠥᠯᠥᠪᠯᠡᠭᠡ | ᠲᠣᠭᠲᠠᠭᠠᠵᠤ᠂ ᠪᠣᠯᠪᠠᠰᠤᠷᠠᠭᠤᠯᠤᠯ ᠤᠨ ᠠᠭᠤᠯᠭ᠎ᠠ ᠪᠠ ᠴᠠᠭ ᠢ ᠲᠣᠳᠣᠷᠬᠠᠶᠢᠯᠠᠨ᠂ ᠪᠣᠯᠪᠠᠰᠤᠷᠠᠭᠤᠯᠤᠯ ᠤᠨ | ᠵᠢᠷᠤᠮᠵᠢᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ︔ 3 ᠵᠢᠯ ᠳᠤ ᠨᠠᠭᠠᠳᠤ | ᠵᠠᠬ᠎ᠠ ᠳᠠᠭᠠᠨ 1 ᠤᠳᠠᠭ᠎ᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠬᠦᠨᠳᠦ ᠪᠣᠬᠢᠷᠲᠤᠯ ᠲᠠᠢ | ᠴᠠᠭ ᠠᠭᠤᠷ ᠢ ᠠᠷᠭᠠᠴᠠᠬᠤ ᠠᠵᠢᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | | 7᠂ ᠬᠠᠷᠢᠭᠤᠴᠠᠯᠭ᠎ᠠ ᠨᠡᠬᠡᠮᠵᠢᠯᠡᠬᠦ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠠᠴᠠ ᠡᠯ᠎ᠡ ᠰᠤᠮᠤ | ᠪᠠᠯᠭᠠᠰᠤ ᠶᠢ ᠵᠢᠯᠣᠭᠤᠳᠤᠨ ᠵᠣᠬᠢᠴᠠᠭᠤᠯᠵᠤ ᠪᠠᠶᠢᠭᠠᠳ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠡᠯᠡᠳᠬᠡᠯ ᠲᠥᠰᠦᠯ ᠢ | ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠰᠢᠮᠳᠠᠭᠤᠯᠤᠨ ᠵᠢᠯᠣᠭᠤᠳᠴᠤ᠂ ᠪᠡᠯᠡᠳᠬᠡᠯ ᠲᠥᠰᠦᠯ ᠢ ᠬᠡᠷᠡᠭᠵᠢᠭᠦᠯᠬᠦ | ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠬᠦ ᠪᠠ ᠰᠢᠢᠳᠪᠦᠷᠢᠯᠡᠬᠦ ᠬᠡᠷᠡᠭᠲᠡᠢ᠃ | ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠪᠠᠶᠢᠭ᠎ᠠ ᠬᠤᠭᠤᠴᠠᠭᠠᠨ ᠳᠤ ᠳᠠᠯᠳᠠᠭᠤᠷ ᠭᠠᠳᠠᠭᠰᠢᠯᠠᠭᠤᠯᠵᠤ | ᠬᠤᠯᠠᠭᠠᠶᠢᠯᠠᠭᠰᠠᠨ᠂ ᠣᠯᠠᠨᠲᠠ ᠪᠠᠶᠢᠴᠠᠭᠠᠭᠰᠠᠨ ᠪᠠ ᠪᠠᠶᠢᠴᠠᠭᠠᠵᠤ ᠭᠠᠷᠭᠠᠭᠰᠠᠨ ᠠᠵᠤ ᠠᠬᠤᠶᠢᠯᠠᠯ ᠢ ᠬᠠᠤᠯᠢ | ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ ᠶᠢ ᠨᠢ ᠵᠣᠭᠰᠣᠭᠠᠵᠤ᠂ ᠬᠠᠤᠯᠢ ᠶᠣᠰᠣᠭᠠᠷ ᠰᠢᠳᠬᠡᠨ | ᠲᠣᠷᠭᠠᠬᠤ ᠠᠴᠠ ᠭᠠᠳᠠᠨ᠎ᠠ᠂ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠬᠦ ᠬᠥᠮᠦᠨ ᠤ ᠬᠠᠤᠯᠢ | ᠴᠠᠭᠠᠵᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠣᠷᠣᠰᠢᠵᠤ᠂ ᠪᠠᠴᠢᠮ ᠪᠠᠶᠢᠳᠠᠯ ᠢ ᠠᠷᠭᠠᠴᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠦᠭᠡᠢ ︵ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠭᠤᠴᠠᠯᠭ᠎ᠠ ᠠᠴᠠ ᠵᠠᠶᠢᠯᠠᠭᠰᠠᠨ ᠪᠠᠭᠲᠠᠨ᠎ᠠ︶ | ᠪᠤᠶᠤ ᠵᠣᠬᠢᠬᠤ ᠠᠮᠵᠢᠯᠲᠠ ᠪᠦᠲᠦᠮᠵᠢ ᠶᠢᠨ ᠳᠡᠰ ᠬᠤᠪᠢᠶᠠᠬᠤ ᠱᠠᠭᠠᠷᠳᠠᠯᠭ᠎ᠠ ᠳᠤ ᠦᠯᠦ ᠬᠦᠷᠦᠭᠰᠡᠨ ᠠᠮᠵᠢᠯᠲᠠ | ᠪᠦᠲᠦᠮᠵᠢ ᠶᠢᠨ ᠳᠡᠰ ᠬᠤᠪᠢᠶᠠᠭᠰᠠᠨ ᠠᠵᠤ ᠠᠬᠤᠶᠢᠯᠠᠯ ᠢ ᠬᠠᠮᠢᠶ᠎ᠠ ᠪᠦᠬᠦᠢ ᠳᠡᠰ ᠳᠠᠷᠠᠭᠠᠯᠠᠯ ᠤᠨ ᠶᠣᠰᠣᠭᠠᠷ ᠳᠡᠰ | ᠪᠠᠭᠤᠷᠠᠭᠤᠯᠤᠨ ᠰᠢᠢᠳᠪᠦᠷᠢᠯᠡᠨ᠎ᠡ᠃ | 8᠂ ᠳᠠᠭᠠᠯᠳᠤᠭᠤᠯᠤᠭᠰᠠᠨ ᠳᠦᠷᠢᠮ | 8.1 ᠨᠡᠷ᠎ᠡ ᠦᠭᠡ ᠶᠢᠨ ᠲᠠᠶᠢᠯᠪᠤᠷᠢ | ︵1︶ ᠠᠭᠠᠷ ᠤᠨ ᠶᠠᠰᠤ ᠴᠢᠨᠠᠷ ᠤᠨ ᠢᠯᠡᠳᠬᠡᠭᠴᠢ︶ | ᠠᠭᠠᠷ ᠮᠠᠨᠳᠠᠯ ᠤᠨ ᠪᠠᠶᠢᠳᠠᠯ ᠢ ᠲᠣᠭᠲᠠᠭᠰᠠᠨ ᠬᠡᠮᠵᠢᠶ᠎ᠡ ᠬᠦ᠋ᠢ ᠵᠢᠭᠠᠯᠲᠠ ᠲᠤᠭ᠎ᠠ ᠪᠣᠯ ᠡᠳᠦᠷ ᠪᠦᠷᠢ ᠶᠢᠨ | ᠠᠭᠠᠷ ᠤᠨ ᠴᠢᠨᠠᠷ ᠢ ᠮᠡᠳᠡᠭᠦᠯᠬᠦ ᠫᠠᠷᠠᠮᠡᠲᠷ ᠪᠣᠯᠤᠨ᠎ᠠ᠃ ᠠᠭᠠᠷ ᠤᠨ ᠴᠡᠪᠡᠷ ᠠᠭᠠᠷ ᠤᠨ ᠪᠣᠬᠢᠷᠳᠠᠯ ᠪᠣᠯᠤᠨ | ᠪᠣᠬᠢᠷᠳᠠᠯ ᠤᠨ ᠬᠡᠮᠵᠢᠶ᠎ᠡ ᠶᠢ ᠳᠦᠷᠰᠦᠯᠡᠭᠰᠡᠨ ᠪᠠᠶᠢᠨ᠎ᠠ᠃ ᠠᠭᠠᠷ ᠤᠨ ᠴᠢᠨᠠᠷ ᠴᠢᠨᠰᠠᠭ᠎ᠠ ᠶᠢᠨ ᠵᠢᠭᠠᠯᠲᠠ ᠲᠣᠭᠠᠨ ᠤ | ᠭᠤᠣᠯᠳᠠᠯᠭ᠎ᠠ ᠨᠢ ᠬᠡᠳᠦᠨ ᠴᠠᠭ ᠠᠮᠢᠰᠬᠤᠬᠤ ᠪᠤᠶᠤ ᠬᠡᠳᠦᠨ ᠡᠳᠦᠷ ᠠᠮᠢᠰᠬᠤᠭ᠎ᠠ ᠠᠪᠬᠤ ᠨᠢ ᠡᠷᠡᠭᠦᠯ ᠮᠡᠨᠳᠦ ᠳᠤ | ᠦᠵᠡᠭᠦᠯᠬᠦ ᠨᠥᠯᠥᠭᠡ ᠪᠣᠯᠤᠨ᠎ᠠ᠃ | ︵2︶ ᠪᠣᠬᠢᠷᠳᠠᠯ ᠶᠡᠭᠡ ᠲᠠᠢ ᠴᠠᠭ ᠠᠭᠤᠷ | ᠠᠭᠠᠷ ᠠᠨᠳᠠᠯ ᠤᠨ ᠠᠭᠠᠷ ᠤᠨ ᠴᠢᠨᠠᠷ ᠤᠨ ᠢᠯᠡᠳᠬᠡᠭᠴᠢ ᠲᠤᠭ᠎ᠠ ︵AQI︶ ᠨᠢ 200 ᠠᠴᠠ ᠶᠡᠭᠡ ᠪᠠᠶᠢᠪᠠᠯ | ᠠᠭᠠᠷ ᠠᠨᠳᠠᠯ ᠤᠨ ᠬᠦᠨᠳᠦ ᠪᠣᠬᠢᠷᠲᠤᠯ ᠭᠡᠵᠦ ᠨᠡᠷᠡᠯᠡᠨ᠎ᠡ᠃ | ︵3︶ ᠪᠣᠬᠢᠷᠲᠤᠯ ᠶᠡᠬᠡᠲᠡᠢ ᠴᠠᠭ ᠠᠭᠠᠷ ᠤᠨ ᠳᠡᠰ ᠬᠤᠪᠢᠶᠠᠬᠤ | ᠠᠭᠠᠷ ᠤᠨ ᠶᠠᠰᠤ ᠴᠢᠨᠠᠷ ᠤᠨ ᠢᠯᠡᠳᠬᠡᠭᠴᠢ ᠲᠤᠭ᠎ᠠ ︵AQI︶ ᠶᠢ ᠦᠨᠳᠦᠰᠦᠯᠡᠨ ᠬᠦᠨᠳᠦ ᠪᠣᠬᠢᠷᠲᠤᠯ ᠲᠠᠢ | ᠴᠠᠭ ᠠᠭᠤᠷ ᠢ ᠭᠤᠷᠪᠠᠨ ᠳᠡᠰ ᠬᠤᠪᠢᠶᠠᠨ᠎ᠠ᠄ ᠬᠦᠨᠳᠦ ᠪᠣᠬᠢᠷᠲᠤᠯ ᠲᠠᠢ ︵201 ᠪᠠᠭ᠎ᠠ AQI ᠪᠠᠭ᠎ᠠ 300︶᠂ | ᠬᠦᠨᠳᠦ ᠨᠣᠴᠢᠲᠠᠢ ᠪᠣᠬᠢᠷᠲᠤᠯ ︵300< AQI < 500︶ ᠪᠣᠯᠤᠨ ᠲᠦᠢᠯ ᠤᠨ ᠪᠣᠬᠢᠷᠲᠤᠯ ︵50030︶᠃ 8.2 ᠬᠡᠷᠡᠭᠵᠢᠭᠦᠯᠬᠦ ᠴᠠᠭ ᠬᠤᠭᠤᠴᠠᠭ᠎ᠠ | ᠲᠤᠰ ᠪᠡᠯᠡᠳᠬᠡᠯ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |