︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/11/13
    ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ ︹2020︺ 42 ᠳ᠋ᠤᠭᠠᠷ ᠲᠣᠭᠠᠲᠤᠬᠤᠰᠢᠭᠤᠨ ᠤ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄    ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃       2024 ᠣᠨ ᠤ 7 ᠰᠠᠷ᠎ᠠ ᠶᠢᠨ 9 ᠤ ᠡᠳᠦᠷ       ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶       ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ       ᠶᠡᠷᠦᠩᠬᠡᠢ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠣᠨᠣᠯᠵᠢᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠤᠨ ᠤᠰᠤ ᠶᠢ ᠠᠷᠪᠢᠯᠠᠵᠤ ᠬᠡᠷᠡᠭᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ ᠪᠠ ᠤᠰᠤ ᠶᠢ ᠠᠷᠪᠢᠯᠠᠵᠤ ᠬᠡᠷᠡᠭᠯᠡᠬᠦ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠮᠠᠨ ᠤ ᠬᠤᠰᠢᠭᠤᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ︽2023 ᠣᠨ ᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ᠢ ᠦᠨᠳᠦᠰᠦᠯᠡᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    ᠲᠥᠪ ᠤᠨ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠠᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠤᠰᠤ ᠠᠷᠪᠢᠯᠠᠬᠤ ᠠᠷᠭ᠎ᠠ ᠮᠠᠶ᠋ᠢᠭ ᠠᠴᠠ ᠥᠨᠳᠥᠷ ᠪᠦᠲᠦᠮᠵᠢᠲᠡᠢ ᠤᠰᠤ ᠬᠡᠷᠡᠭᠯᠡᠬᠦ ᠠᠷᠭ᠎ᠠ ᠮᠠᠶ᠋ᠢᠭ ᠲᠡᠰᠢ ᠬᠤᠪᠢᠷᠠᠭᠤᠯᠬᠤ ᠶᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠢ ᠬᠡᠲᠦᠷᠡᠲᠡᠯ᠎ᠡ ᠨᠡᠭᠡᠭᠡᠨ ᠠᠰᠢᠭᠯᠠᠵᠤ ᠪᠠᠶᠢᠭᠰᠠᠨ ᠠᠴᠠ ᠤᠰᠤᠨ ᠤ ᠡᠬᠢ ᠪᠠᠶᠠᠯᠢᠭ ᠢ ᠰᠠᠨᠠᠭᠠᠴᠢᠯᠠᠭ᠎ᠠ ᠠᠴᠠ ᠪᠠᠨ ᠠᠷᠪᠢᠯᠠᠨ ᠬᠠᠮᠠᠭᠠᠯᠠᠬᠤ ᠪᠣᠯᠭᠠᠨ ᠬᠤᠪᠢᠷᠠᠭᠤᠯᠵᠤ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠬᠤᠣᠰ ᠡᠵᠡᠮᠳᠡᠯ ᠤᠨ ᠲᠥᠰᠦᠯ︾ ᠳᠤ ᠲᠣᠭᠲᠠᠭᠠᠭᠰᠠᠨ ᠬᠠᠷᠠᠯᠲᠠ ᠡᠭᠦᠷᠭᠡ ᠶᠢᠨ ᠶᠣᠰᠣᠭᠠᠷ᠂ ᠮᠠᠨ ᠤ ᠬᠤᠰᠢᠭᠤᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠴᠢᠳᠠᠪᠤᠷᠢ ᠶᠢ ᠴᠢᠩᠭᠠᠷᠠᠭᠤᠯᠤᠨ᠂ ᠪᠦᠬᠦ ᠨᠡᠶᠢᠭᠡᠮ ᠤᠨ ᠤᠰᠤ ᠠᠷᠪᠢᠯᠠᠬᠤ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ ᠠᠰᠢᠭᠯᠠᠬᠤ ᠪᠠ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠᠷ ᠬᠠᠷᠠᠯᠲᠠ ᠪᠣᠯᠭᠠᠨ᠂ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠᠷ ᠭᠤᠣᠯᠳᠠᠯᠭ᠎ᠠ ᠪᠣᠯᠭᠠᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃    ᠬᠤᠶᠠᠷ᠂ ᠦᠨᠳᠦᠰᠦᠨ ᠵᠠᠷᠴᠢᠮ    ︵ᠨᠢᠭᠡ︶ ᠤᠰᠤ ᠪᠠᠷ ᠬᠡᠷᠡᠭᠴᠡᠭᠡ ᠶᠢ ᠲᠣᠭᠲᠠᠭᠠᠵᠤ᠂ ᠤᠰᠤᠨ ᠤ ᠬᠡᠮᠵᠢᠶ᠎ᠡ ᠪᠠᠷ ᠬᠡᠷᠡᠭᠵᠢᠭᠦᠯᠵᠦ᠂ ᠤᠰᠤᠨ ᠤ ᠪᠠᠶᠢᠳᠠᠯ ᠳᠤᠨᠢ ᠲᠣᠬᠢᠷᠠᠭᠤᠯᠤᠨ᠂ ᠬᠥᠮᠦᠨ ᠠᠮᠠ ᠶᠢᠨ ᠠᠵᠤ ᠠᠬᠤᠢ ᠬᠢᠭᠡᠳ ᠡᠬᠢ ᠪᠠᠶᠠᠯᠢᠭ ᠣᠷᠴᠢᠨ ᠲᠣᠭᠤᠷᠢᠨ ᠤ ᠲᠡᠩᠴᠡᠭᠦᠷᠢᠲᠡᠢ ᠪᠠᠶᠢᠬᠤ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠠ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠠᠵᠤ ᠠᠬᠤᠢ ᠶᠢᠨ ᠨᠡᠮᠡᠭᠳᠡᠯ ᠪᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ᠃         ︵ᠬᠤᠶᠠᠷ︶ ᠲᠤᠰ ᠭᠠᠵᠠᠷ ᠣᠷᠣᠨ ᠤ ᠡᠯ᠎ᠡ ᠠᠵᠢᠯ ᠲᠥᠷᠥᠯ ᠤᠨ ᠤᠰᠤ ᠠᠷᠪᠢᠯᠠᠬᠤ ᠠᠵᠢᠯ ᠢ ᠵᠢᠷᠤᠮᠵᠢᠭᠤᠯᠬᠤ ᠪᠠ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠲᠣᠭᠲᠠᠴᠠ ᠶᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠵᠤ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃    ︵ᠭᠤᠷᠪᠠ︶ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠨᠥᠬᠦᠴᠡᠯ᠂ ᠠᠵᠤ ᠦᠢᠯᠡᠰ ᠤᠨ ᠪᠠᠶᠢᠷᠢᠰᠢᠭᠤᠯᠤᠯ᠂ ᠤᠰᠤ ᠬᠡᠷᠡᠭᠯᠡᠬᠦ ᠪᠦᠲᠦᠴᠡ ᠪᠣᠯᠤᠨ ᠬᠢᠷᠢ ᠬᠡᠮᠵᠢᠶ᠎ᠡ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ ᠡᠯ᠎ᠡ ᠠᠵᠢᠯ ᠲᠥᠷᠥᠯ᠂ ᠡᠯ᠎ᠡ ᠬᠦᠷᠢᠶᠡᠨ ᠤ ᠤᠰᠤ ᠠᠷᠪᠢᠯᠠᠬᠤ ᠠᠷᠭ᠎ᠠ ᠬᠡᠮᠵᠢᠶ᠎ᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠥᠷᠥᠯ ᠬᠤᠪᠢᠶᠠᠨ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃    ︵ᠳᠥᠷᠪᠡ︶ ᠲᠥᠬᠦᠷ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠥᠨᠳᠥᠷ ᠦᠷ᠎ᠡ ᠪᠦᠲᠦᠮᠵᠢᠲᠡᠢ ᠪᠠᠷ ᠤᠰᠤ ᠬᠡᠷᠡᠭᠯᠡᠬᠦ ᠳᠦᠷᠢᠮ ᠤᠨ ᠰᠢᠰᠲ᠋ᠧᠮᠵᠢ ᠶᠢ ᠪᠦᠷᠢᠯᠳᠦᠭᠦᠯᠦᠨ᠎ᠡ᠃ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠬᠦ ᠠᠷᠠᠳ ᠢᠶᠠᠷ ᠢᠶᠠᠨ ᠤᠰᠤ ᠠᠷᠪᠢᠯᠠᠬᠤ ᠳᠤ ᠣᠷᠣᠯᠴᠠᠬᠤ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ ᠳᠠᠶᠢᠴᠢᠯᠠᠨ᠂ ᠪᠦᠬᠦ ᠨᠡᠶᠢᠭᠡᠮ ᠢᠶᠠᠷ ᠢᠶᠠᠨ ᠤᠰᠤ ᠶᠢ ᠬᠠᠶᠢᠷᠠᠯᠠᠵᠤ ᠤᠰᠤ ᠠᠷᠪᠢᠯᠠᠬᠤ ᠰᠠᠶᠢᠨ ᠰᠠᠶᠢᠬᠠᠨ ᠬᠡᠪ ᠰᠤᠷᠲᠠᠯ ᠢ ᠪᠣᠢ ᠪᠣᠯᠭᠠᠬᠤ ᠬᠡᠷᠡᠭᠲᠡᠢ᠃    ᠭᠤᠷᠪᠠ᠂ ᠬᠠᠷᠠᠯᠲᠠ ᠶᠢᠨ ᠡᠭᠦᠷᠭᠡ    2025 ᠤᠨ ᠪᠣᠯᠬᠤ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 90% ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ ᠤᠰᠤ ᠠᠷᠪᠢᠯᠠᠬᠤ ᠬᠡᠯᠪᠡᠷᠢ ᠶᠢᠨ ᠪᠠᠶᠢᠭᠤᠯᠭ᠎ᠠ ᠶᠢ ᠪᠠᠶᠢᠭᠤᠯᠵᠤ᠂ 85% ᠶᠢᠨ ᠠᠵᠢᠯ ᠦᠢᠯᠡᠰ ᠤᠨ ᠨᠢᠭᠡᠴᠡ ᠤᠰᠤ ᠠᠷᠪᠢᠯᠠᠬᠤ ᠬᠡᠯᠪᠡᠷᠢ ᠶᠢᠨ ᠨᠢᠭᠡᠴᠡ ᠶᠢ ᠪᠠᠶᠢᠭᠤᠯᠵᠤ᠂ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠡᠭᠡᠭᠳᠡᠬᠦ ᠨᠣᠷᠮ᠎ᠠ ᠶᠢ 9% ᠠᠴᠠ ᠪᠠᠭ᠎ᠠ ᠪᠠᠶᠢᠯᠭᠠᠬᠤ ᠶᠢ ᠴᠢᠷᠮᠠᠶᠢᠨ ᠪᠡᠶᠡᠯᠡᠭᠦᠯᠵᠦ᠂ ︽︿ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠦᠨᠡᠯᠡᠯᠲᠡ ᠶᠢᠨ ᠪᠠᠷᠢᠮᠵᠢᠶ᠎ᠠ﹀ ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠬᠤ ᠲᠤᠬᠠᠢ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤ ᠠᠷᠪᠢᠯᠠᠬᠤ ﹇2020﹈ 245 ᠳ᠋ᠤᠭᠠᠷ ᠲᠣᠭᠠᠲᠤ︶ ᠤᠨ ᠱᠠᠭᠠᠷᠳᠠᠯᠭ᠎ᠠ ᠳᠤ ᠬᠦᠷᠦᠭᠦᠯᠦᠨ᠎ᠡ᠃ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠢᠶᠠᠨ ᠦᠨᠳᠦᠰᠦᠯᠡᠨ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠪᠠᠷᠢᠮᠵᠢᠶ᠎ᠠ ᠳᠤ ᠬᠦᠷᠦᠭᠰᠡᠨ ᠪᠣᠳᠠᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠡᠷᠡᠰ ᠢ ᠲᠣᠭᠲᠠᠭᠠᠬᠤ ᠬᠡᠷᠡᠭᠲᠡᠢ᠃    ︵ᠨᠢᠭᠡ︶ ᠶᠡᠷᠦᠩᠬᠡᠢ ᠬᠠᠷᠠᠯᠲᠠ᠄ 2025 ᠤᠨ ᠪᠣᠯᠬᠤ ᠳᠤ᠂ ᠪᠦᠬᠦ ᠬᠤᠰᠢᠭᠤᠨ ᠤ ᠵᠢᠯ ᠤᠨ ᠤᠰᠤ ᠲᠠᠲᠠᠬᠤ ᠶᠡᠷᠦᠩᠬᠡᠢ ᠬᠡᠮᠵᠢᠶ᠎ᠡ ᠶᠢ 2.90 ᠳ᠋ᠦᠩᠰᠢᠭᠤᠷ ᠺᠦᠪ ᠮᠧᠳ᠋ᠷ᠂ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠶᠢ 210 m ᠤᠨ ᠳᠣᠲᠣᠷ᠎ᠠ ᠬᠢᠵᠠᠭᠠᠷᠯᠠᠵᠤ᠂ ᠤᠰᠤᠨ ᠤ ᠴᠢᠳᠠᠮᠵᠢᠲᠤ ᠣᠷᠣᠨ ᠤ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100% ᠳᠤ ᠬᠦᠷᠭᠡᠨ᠎ᠡ᠃    ︵ᠬᠤᠶᠠᠷ︶ ᠲᠠᠷᠢᠶᠠᠯᠠᠩ ᠤᠨ ᠤᠰᠤ ᠠᠷᠪᠢᠯᠠᠬᠤ ᠬᠠᠷᠠᠯᠲᠠ᠄ ᠪᠦᠲᠦᠮᠵᠢᠲᠡᠢ ᠤᠰᠤᠯᠠᠯᠲᠠ ᠶᠢᠨ ᠲᠠᠯᠠᠪᠠᠢ ᠶᠢᠨ 60% ᠠᠴᠠ ᠳᠡᠭᠡᠭᠰᠢᠬᠢ ᠶᠢ ᠤᠰᠤ ᠠᠷᠪᠢᠯᠠᠬᠤ ᠤᠰᠤᠯᠠᠯᠲᠠ ᠶᠢᠨ ᠪᠠᠷᠢᠮᠵᠢᠶ᠎ᠠ ᠳᠤ ᠬᠦᠷᠦᠭᠦᠯᠵᠦ᠂ ᠤᠰᠤᠯᠠᠯᠲᠠ ᠶᠢᠨ ᠤᠰᠤᠨ ᠤ ᠪᠦᠲᠦᠮᠵᠢᠲᠡᠢ ᠠᠰᠢᠭᠯᠠᠯᠲᠠ ᠶᠢᠨ ᠢᠯᠡᠳᠬᠡᠮᠵᠢ ᠶᠢ 0.570 ᠪᠣᠯᠲᠠᠯ᠎ᠠ ᠳᠡᠭᠡᠭᠰᠢᠯᠡᠭᠦᠯᠦᠨ᠎ᠡ᠃    ︵ᠭᠤᠷᠪᠠ︶ ᠠᠵᠤ ᠦᠢᠯᠡᠳᠪᠦᠷᠢ ᠶᠢᠨ ᠤᠰᠤ ᠠᠷᠪᠢᠯᠠᠬᠤ ᠬᠠᠷᠠᠯᠲᠠ᠄ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 30m ᠺᠦᠪ ᠮᠧᠳ᠋ᠷ ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠶᠢ ᠳᠠᠬᠢᠨ ᠳᠠᠪᠲᠠᠨ ᠠᠰᠢᠭᠯᠠᠬᠤ ᠨᠣᠷᠮ᠎ᠠ ᠶᠢ 75% ᠠᠴᠠ ᠳᠡᠭᠡᠭᠰᠢ ᠳᠤ ᠬᠦᠷᠦᠭᠦᠯᠵᠦ᠂ ᠡᠨᠧᠷᠭᠢ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ᠂ ᠢᠳᠡᠭᠡᠨ ᠡᠳ᠋ᠰᠢᠭᠦᠯᠬᠦ ᠵᠡᠷᠭᠡ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠤᠨ ᠭᠤᠣᠯ ᠪᠣᠯᠬᠤ ᠦᠢᠯᠡᠳᠬᠦᠨ ᠤ ᠨᠢᠭᠡᠴᠡ ᠶᠢᠨ ᠤᠰᠤ ᠲᠠᠲᠠᠬᠤ ᠬᠡᠮᠵᠢᠶ᠎ᠡ ᠶᠢᠨ ᠭᠦᠢᠴᠡᠳᠬᠡᠯ ᠲᠤᠭ᠎ᠠ ᠶᠢ ᠲᠡᠷᠢᠭᠦᠨ ᠤ ᠬᠢᠷᠢ ᠲᠦᠪᠰᠢᠨ ᠳᠤ ᠬᠦᠷᠦᠭᠦᠯᠵᠦ᠂ ᠪᠣᠬᠢᠷ ᠤᠰᠤ ᠶᠢ ᠭᠠᠳᠠᠭᠰᠢᠯᠠᠭᠤᠯᠬᠤ ᠦᠭᠡᠢ ᠪᠠᠶᠢᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃    ︵ᠳᠥᠷᠪᠡ︶ ᠤᠰᠤ ᠠᠷᠪᠢᠯᠠᠬᠤ ᠬᠠᠷᠠᠯᠲᠠ᠄ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠳᠦᠷ ᠲᠤᠲᠤᠮ ᠤᠨ ᠤᠰᠤ ᠬᠡᠷᠡᠭᠯᠡᠬᠦ ᠬᠡᠮᠵᠢᠶ᠎ᠡ ᠶᠢ 120 ᠯᠢᠲᠷ ᠤᠨ ᠳᠣᠲᠣᠷ᠎ᠠ ᠪᠠᠶᠢᠯᠭᠠᠵᠤ᠂ ᠤᠰᠤ ᠠᠷᠪᠢᠯᠠᠬᠤ ᠪᠠᠭᠠᠵᠢ ᠬᠡᠷᠡᠭᠰᠡᠯ ᠢ ᠲᠦᠭᠡᠮᠡᠯᠵᠢᠭᠦᠯᠬᠦ ᠨᠣᠷᠮ᠎ᠠ ᠶᠢ 95% ᠠᠴᠠ ᠳᠡᠭᠡᠭᠰᠢ ᠳᠤ ᠬᠦᠷᠲᠡᠯ᠎ᠡ ᠳᠡᠭᠡᠭᠰᠢᠯᠡᠭᠦᠯᠵᠦ᠂ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠵᠤ ᠬᠤᠬᠢᠷᠠᠬᠤ ᠨᠣᠷᠮ᠎ᠠ ᠶᠢ 9% ᠠᠴᠠ ᠳᠣᠷᠣᠭᠰᠢ ᠳᠤ ᠬᠦᠷᠲᠡᠯ᠎ᠡ ᠪᠠᠭᠤᠷᠠᠭᠤᠯᠵᠤ᠂ ᠬᠤᠲᠠ ᠶᠢᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠵᠦ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠦᠨ᠎ᠡ᠃    ᠳᠥᠷᠪᠡ᠂ ᠬᠠᠷᠢᠭᠤᠴᠠᠯᠭ᠎ᠠ ᠶᠢᠨ ᠬᠤᠪᠢᠶᠠᠷᠢᠯᠠᠯ    ︵ᠨᠢᠭᠡ︶ ᠤᠰᠤ ᠬᠡᠷᠡᠭᠯᠡᠬᠦ ᠨᠣᠷᠮ᠎ᠠ ᠲᠣᠭᠲᠠᠭᠠᠬᠤ ᠪᠠᠨ ᠲᠥᠯᠥᠪᠯᠡᠭᠡ ᠲᠠᠢ ᠪᠠᠷ ᠤᠰᠤ ᠬᠡᠷᠡᠭᠯᠡᠬᠦ ᠶᠢᠨ ᠳᠦᠷᠢᠮᠵᠢᠭᠰᠡᠨ ᠬᠠᠮᠢᠶᠠᠷᠤᠯᠲᠠ ᠶᠢ ᠥᠷᠨᠢᠭᠦᠯᠦᠨ᠎ᠡ    ᠡᠯ᠎ᠡ ᠠᠵᠢᠯ ᠲᠥᠷᠥᠯ ᠤᠨ ᠤᠰᠤᠨ ᠤ ᠡᠬᠢ ᠪᠠᠶᠠᠯᠢᠭ ᠢ ᠲᠠᠲᠠᠵᠤ ᠬᠡᠷᠡᠭᠯᠡᠬᠦ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ︵DB15/385 - 2020︶ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠪᠯᠡᠭᠡᠲᠦ ᠤᠰᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠬᠡᠷᠡᠭᠵᠢᠭᠦᠯᠵᠦ᠂ ᠲᠥᠯᠥᠪᠯᠡᠭᠡ ᠠᠴᠠ ᠳᠠᠪᠠᠭᠤᠯᠤᠨ ᠲᠣᠭᠲᠠᠭᠰᠠᠨ ᠲᠤᠭ᠎ᠠ ᠠᠴᠠ ᠬᠡᠲᠦᠷᠡᠭᠦᠯᠦᠨ ᠤᠰᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠤᠰᠤᠨ ᠤ ᠡᠬᠢ ᠪᠠᠶᠠᠯᠢᠭ ᠢ ᠨᠤᠲᠠᠯᠠᠬᠤ ᠶᠢᠨ ᠬᠢᠨᠠᠨ ᠵᠥᠪᠰᠢᠶᠡᠷᠡᠬᠦ᠂ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠣᠯᠭᠤᠬᠤ ᠵᠢᠴᠢ ᠤᠰᠤ ᠠᠷᠪᠢᠯᠠᠬᠤ ᠠᠴᠢᠶᠠᠯᠠᠪᠤᠷᠢ ᠶᠢ ᠦᠨᠡᠮᠰᠢᠬᠦ ᠳᠤ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠪᠠ ᠲᠥᠯᠥᠪᠯᠡᠭᠡᠲᠡᠢ ᠪᠠᠷ ᠤᠰᠤ ᠬᠡᠷᠡᠭᠯᠡᠵᠦ ᠪᠠᠭᠤᠯᠭᠠᠭᠰᠠᠨ ᠤᠰᠤ ᠬᠡᠷᠡᠭᠯᠡᠬᠦ ᠬᠡᠮᠵᠢᠶ᠎ᠡ ᠶᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠬᠦ ᠬᠡᠷᠡᠭᠲᠡᠢ᠃    ︵ᠬᠤᠶᠠᠷ︶ ᠤᠰᠤ ᠬᠡᠷᠡᠭᠯᠡᠬᠦ ᠬᠡᠮᠵᠢᠯᠲᠡ ᠶᠢᠨ ᠠᠵᠢᠯ ᠢ ᠴᠢᠩᠭᠠᠳᠬᠠᠨ᠎ᠠ    ᠲᠠᠷᠢᠶᠠᠯᠠᠩ ᠤᠨ ᠤᠰᠤ ᠲᠠᠲᠠᠬᠤ ᠬᠡᠮᠵᠢᠶ᠎ᠡ ᠶᠢ ᠬᠢᠨᠠᠨ ᠡᠵᠡᠮᠳᠡᠬᠦ ᠮᠡᠳᠡᠭᠡ ᠵᠠᠩᠭᠢ ᠶᠢᠨ ᠰᠢᠰᠲ᠋ᠧᠮ ᠢ ᠪᠦᠲᠦᠭᠡᠨ ᠪᠠᠶᠢᠭᠤᠯᠵᠤ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠡᠷᠦᠬᠡ ᠶᠢ ᠬᠡᠮᠵᠢᠨ ᠤᠭᠰᠠᠷᠠᠬᠤ ᠡᠷᠴᠢᠮ ᠢ ᠨᠡᠮᠡᠭᠳᠡᠭᠦᠯᠵᠦ ᠂ ᠨᠢᠭᠡ ᠬᠤᠳᠳᠤᠭ ᠨᠢᠭᠡ ᠬᠦᠰᠦᠨᠦᠭᠲᠦ ᠶᠢ ᠦᠨᠡᠨᠬᠦ ᠪᠠᠲᠤᠯᠠᠬᠤ ᠬᠡᠷᠡᠭᠲᠡᠢ᠃ ᠤᠰᠤᠨ ᠤ ᠬᠡᠮᠵᠢᠯᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠪᠠ ᠪᠠᠶᠢᠴᠠᠭᠠᠯᠲᠠ ᠶᠢᠨ ᠠᠵᠢᠯ ᠢ ᠴᠢᠩᠭᠠᠳᠬᠠᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠶᠢ ᠪᠠᠷᠢᠮᠲᠠᠯᠠᠨ᠂ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ ᠶᠢᠨ ᠠᠮᠤᠷ ᠲᠦᠪᠰᠢᠨ ᠠᠵᠢᠯᠯᠠᠭᠠᠨ ᠢ ᠣᠨᠣᠪᠴᠢᠲᠠᠢ ᠬᠡᠮᠵᠢᠬᠦ ᠶᠢ ᠦᠨᠡᠨᠬᠦ ᠪᠠᠲᠤᠯᠠᠨ᠎ᠠ᠃ ︽ᠤᠰᠤᠨ ᠤ ᠡᠬᠢ ᠪᠠᠶᠠᠯᠢᠭ ᠤᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠬᠤᠣᠰ ᠡᠵᠡᠮᠳᠡᠯ ᠤᠨ ᠠᠵᠢᠯᠯᠠᠭ᠎ᠠ ᠶᠢᠨ ᠲᠥᠰᠦᠯ︾ ᠢ ᠦᠨᠳᠦᠰᠦᠯᠡᠨ᠂ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠬᠡᠮᠵᠢᠶ᠎ᠡ ᠶᠢ 1 ᠲᠦᠮᠡᠨ ᠪᠣᠰᠤᠭ᠎ᠠ ᠳᠥᠷᠪᠡᠯᠵᠢᠨ ᠮᠧᠳ᠋ᠷ ᠠᠴᠠ ᠳᠡᠭᠡᠭᠰᠢ ᠤᠰᠤ ᠠᠪᠴᠤ ᠬᠡᠷᠡᠭᠯᠡᠬᠦ ᠡᠷᠦᠬᠡ ᠶᠢᠨ ᠤᠰᠤ ᠠᠪᠴᠤ ᠬᠡᠷᠡᠭᠯᠡᠬᠦ ᠬᠢᠨᠠᠨ ᠬᠡᠮᠵᠢᠯᠲᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃    ︵ᠭᠤᠷᠪᠠ︶ ᠤᠰᠤᠨ ᠤ ᠦᠨ᠎ᠡ ᠶᠢᠨ ᠲᠣᠭᠲᠠᠴᠠ ᠶᠢ ᠪᠠᠶᠢᠭᠤᠯᠬᠤ    ᠲᠠᠷᠢᠶᠠᠯᠠᠩ ᠤᠨ ᠤᠰᠤᠨ ᠤ ᠦᠨ᠎ᠡ ᠶᠢ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ 10 ᠵᠢᠯ ︵2014 - 2024 ᠣᠨ︶ ᠣᠷᠴᠢᠮ ᠤᠨ ᠴᠠᠭ ᠬᠤᠭᠤᠴᠠᠭ᠎ᠠ ᠶᠢ ᠬᠡᠷᠡᠭᠯᠡᠵᠦ᠂ ᠤᠰᠤ ᠬᠠᠩᠭᠠᠬᠤ ᠥᠪᠡᠷ ᠤᠨ ᠥᠷᠲᠡᠭ ᠢ ᠵᠦᠢ ᠵᠣᠬᠢᠰᠲᠠᠢ ᠲᠤᠰᠬᠠᠬᠤ᠂ ᠤᠰᠤ ᠠᠷᠪᠢᠯᠠᠬᠤ ᠪᠠ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠳᠤ ᠠᠰᠢᠭᠲᠠᠢ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠲᠠᠢ ᠬᠠᠷᠢᠯᠴᠠᠨ ᠵᠣᠬᠢᠴᠠᠯᠳᠤᠭᠰᠠᠨ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠶᠢᠨ ᠠᠵᠢᠯᠯᠠᠭᠠᠨ ᠢ ᠦᠨᠡᠨᠬᠦ ᠪᠠᠲᠤᠯᠠᠬᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢ ᠶᠡᠷᠦᠩᠬᠡᠢ ᠳᠡᠭᠡᠨ ᠠᠵᠢᠯᠯᠠᠭᠠᠨ ᠢ ᠬᠠᠮᠠᠭᠠᠯᠠᠬᠤ ᠥᠪᠡᠷ ᠤᠨ ᠥᠷᠲᠡᠭ ᠤᠨ ᠤᠰᠤᠨ ᠤ ᠦᠨ᠎ᠡ ᠳᠤ ᠬᠦᠷᠦᠭᠦᠯᠦᠨ᠎ᠡ︔ ᠦᠷᠭᠦᠯᠵᠢᠯᠡᠬᠦ᠋ᠢᠴᠡ ᠨᠠᠷᠢᠯᠢᠭ ᠣᠨᠣᠴᠠᠲᠠᠢ ᠨᠥᠬᠦᠪᠥᠷᠢ ᠪᠠ ᠤᠰᠤ ᠠᠷᠪᠢᠯᠠᠬᠤ ᠱᠠᠩᠨᠠᠯ ᠤᠨ ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠶᠢ ᠠᠷᠪᠢᠯᠠᠵᠤ ᠬᠡᠷᠡᠭᠯᠡᠬᠦ ᠳᠦᠷᠢᠮ︾ ᠢ ᠲᠤᠤᠱᠯᠠᠭᠤᠯᠤᠨ ᠬᠡᠷᠡᠭᠵᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠬᠦ ᠤᠰᠤᠨ ᠳᠤ ᠤᠰᠤᠨ ᠤ ᠱᠠᠲᠤᠯᠢᠭ ᠦᠨ᠎ᠡ ᠶᠢᠨ ᠳᠦᠷᠢᠮ ᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠪᠤᠰᠤ ᠬᠡᠷᠡᠭᠯᠡᠬᠦ ᠤᠰᠤᠨ ᠳᠤ ᠲᠥᠯᠥᠪᠯᠡᠭᠡ ᠠᠴᠠ ᠬᠡᠲᠦᠷᠡᠭᠰᠡᠨ᠂ ᠲᠣᠭᠲᠠᠭᠰᠠᠨ ᠨᠤᠷᠮ᠎ᠠ ᠠᠴᠠ ᠬᠡᠲᠦᠷᠡᠭᠰᠡᠨ ᠬᠡᠮᠵᠢᠶ᠎ᠡ ᠶᠢ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ ᠬᠡᠷᠡᠭᠵᠢᠭᠦᠯᠦᠨ᠎ᠡ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ ᠮᠠᠨ ᠤ ᠬᠤᠰᠢᠭᠤᠨ ᠤ ᠤᠰᠤᠨ ᠤ ᠡᠬᠢ ᠪᠠᠶᠠᠯᠢᠭ ᠤᠨ ᠵᠠᠷᠤᠳᠠᠯ ᠢ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠤᠰᠤᠨ ᠤ ᠡᠬᠢ ᠪᠠᠶᠠᠯᠢᠭ ᠤᠨ ᠵᠠᠷᠤᠳᠠᠯ ᠢ ᠤᠰᠤᠨ ᠤ ᠡᠬᠢ ᠪᠠᠶᠠᠯᠢᠭ ᠤᠨ ᠭᠠᠶᠢᠯᠢ ᠲᠡᠰᠢ ᠲᠣᠭᠲᠠᠭᠤᠨ ᠢᠶᠠᠷ ᠰᠢᠯᠵᠢᠭᠦᠯᠬᠦ ᠶᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠤᠨ ᠭᠠᠶᠢᠯᠢ ᠶᠢ ᠲᠣᠬᠢᠷᠠᠭᠤᠯᠬᠤ ᠴᠢᠳᠠᠮᠵᠢ ᠶᠢ ᠠᠰᠢᠭᠯᠠᠨ᠂ ᠤᠰᠤᠨ ᠤ ᠡᠬᠢ ᠪᠠᠶᠠᠯᠢᠭ ᠢ ᠠᠷᠪᠢᠯᠠᠬᠤ᠂ ᠠᠰᠢᠭᠯᠠᠬᠤ ᠪᠠ ᠬᠠᠮᠠᠭᠠᠯᠠᠬᠤ ᠶᠢ ᠠᠬᠢᠭᠤᠯᠤᠨ᠎ᠠ᠃  ︵ᠳᠥᠷᠪᠡ︶ ᠤᠰᠤ ᠠᠷᠪᠢᠯᠠᠬᠤ ᠬᠡᠯᠪᠡᠷᠢ ᠶᠢᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠥᠷᠨᠢᠭᠦᠯᠦᠨ᠎ᠡ    ᠤᠰᠤ ᠠᠷᠪᠢᠯᠠᠬᠤ ᠮᠠᠶ᠋ᠢᠭ ᠤᠨ ᠪᠠᠶᠢᠭᠤᠯᠤᠯᠭ᠎ᠠ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠠᠵᠤ ᠠᠬᠤᠶᠢᠯᠠᠯ᠂ ᠦᠢᠯᠡᠴᠢᠯᠡᠭᠡᠨ ᠤ ᠦᠢᠯᠡᠰ ᠵᠡᠷᠭᠡ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠶᠡᠬᠡᠪᠡᠷ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ︽ᠣᠯᠠᠨ ᠨᠡᠶᠢᠲᠡ ᠶᠢᠨ ᠤᠰᠤ ᠠᠷᠪᠢᠯᠠᠬᠤ ᠬᠡᠯᠪᠡᠷᠢ ᠶᠢᠨ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠤᠰᠤ ᠡᠬᠢ ᠪᠠᠶᠠᠯᠢᠭ ︹2014︺ 47 ᠳ᠋ᠤᠭᠠᠷ ᠲᠣᠭᠠᠲᠤ︶ ᠢ ᠦᠨᠳᠦᠰᠦᠯᠡᠨ᠂ 2024 ᠤᠨ ᠪᠣᠯᠬᠤ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 90% ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠤᠰᠤ ᠠᠷᠪᠢᠯᠠᠬᠤ ᠬᠡᠯᠪᠡᠷᠢ ᠶᠢᠨ ᠪᠠᠶᠢᠭᠤᠯᠭ᠎ᠠ ᠶᠢ ᠪᠠᠶᠢᠭᠤᠯᠵᠤ᠂ 85% ᠠᠴᠠ ᠳᠡᠭᠡᠭᠰᠢᠬᠢ ᠠᠵᠢᠯ ᠦᠢᠯᠡᠰ ᠤᠨ ᠨᠢᠭᠡᠴᠡ ᠳᠤ ᠤᠰᠤ ᠠᠷᠪᠢᠯᠠᠬᠤ ᠬᠡᠯᠪᠡᠷᠢ ᠶᠢᠨ ᠨᠢᠭᠡᠴᠡ ᠶᠢ ᠪᠠᠶᠢᠭᠤᠯᠤᠨ᠎ᠠ᠃    ︵ᠲᠠᠪᠤ︶ ᠨᠡᠶᠢᠭᠡᠮ ᠤᠨ ᠤᠰᠤ ᠠᠷᠪᠢᠯᠠᠬᠤ ᠠᠵᠢᠯ ᠢ ᠶᠡᠬᠡᠪᠡᠷ ᠠᠬᠢᠭᠤᠯᠵᠤ᠂ ᠤᠰᠤ ᠠᠷᠪᠢᠯᠠᠬᠤ ᠲᠥᠬᠦᠭᠡᠷᠦᠮᠵᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠡᠳ᠋ᠭᠠᠨ᠎ᠠ    ᠤᠰᠤ ᠠᠷᠪᠢᠯᠠᠬᠤ ᠬᠡᠯᠪᠡᠷᠢ ᠶᠢᠨ ᠤᠰᠤ ᠬᠡᠷᠡᠭᠯᠡᠬᠦ ᠪᠠᠭᠠᠵᠢ ᠬᠡᠷᠡᠭᠰᠡᠯ ᠢ ᠢᠳᠡᠪᠬᠢᠲᠡᠢ ᠳᠡᠯᠭᠡᠷᠡᠭᠦᠯᠵᠦ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠤᠰᠤ ᠠᠷᠪᠢᠯᠠᠬᠤ ᠪᠠᠷᠢᠮᠵᠢᠶ᠎ᠠ ᠳᠤ ᠨᠡᠶᠢᠴᠡᠬᠦ ᠦᠭᠡᠢ ᠤᠰᠤ ᠬᠡᠷᠡᠭᠯᠡᠬᠦ ᠪᠠᠭᠠᠵᠢ ᠬᠡᠷᠡᠭᠰᠡᠯ ᠢ ᠳᠠᠷᠦ᠋ᠢᠬᠠᠨ ᠰᠢᠭᠰᠢᠭᠳᠡᠭᠦᠯᠬᠦ ᠬᠡᠷᠡᠭᠲᠡᠢ︔ ᠰᠢᠨ᠎ᠡ ᠪᠠᠷ ᠥᠭᠡᠷᠡᠴᠢᠯᠡᠬᠦ᠂ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠤᠰᠤ ᠠᠷᠪᠢᠯᠠᠬᠤ᠂ ᠪᠣᠬᠢᠷᠲᠤᠯ ᠢ ᠵᠠᠰᠠᠬᠤ ᠪᠡᠯᠡᠳᠬᠡᠮᠵᠢ ᠶᠢ ᠡᠷᠬᠡᠪᠰᠢ ᠭᠤᠣᠯ ᠴᠣᠭᠴᠠ ᠪᠠᠷᠢᠯᠭ᠎ᠠ ᠯᠤᠭ᠎ᠠ ᠵᠡᠷᠭᠡ ᠳᠤᠨᠢ ᠵᠢᠷᠤᠭᠯᠠᠨ ᠲᠥᠯᠥᠪᠯᠡᠵᠦ᠂ ᠵᠡᠷᠭᠡ ᠳᠤᠨᠢ ᠪᠠᠷᠢᠯᠭ᠎ᠠ ᠪᠠᠷᠢᠵᠤ᠂ ᠵᠡᠷᠭᠡ ᠳᠤᠨᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠬᠡᠷᠡᠭᠲᠡᠢ︔ ᠰᠢᠨ᠎ᠡ ᠪᠠᠷ ᠥᠭᠡᠷᠡᠴᠢᠯᠡᠬᠦ᠂ ᠥᠷᠭᠡᠳᠬᠡᠨ ᠪᠠᠶᠢᠭᠤᠯᠬᠤ ᠣᠯᠠᠨ ᠨᠡᠶᠢᠲᠡ ᠶᠢᠨ ᠪᠠ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠴᠥᠮ ᠤᠰᠤ ᠠᠷᠪᠢᠯᠠᠬᠤ ᠪᠠᠷᠢᠮᠵᠢᠶᠠᠲᠤ ᠪᠠᠭᠠᠵᠢ ᠬᠡᠷᠡᠭᠰᠡᠯ ᠢ ᠤᠭᠰᠠᠷᠠᠬᠤ ᠬᠡᠷᠡᠭᠲᠡᠢ᠃    ︵ᠵᠢᠷᠭᠤᠭ᠎ᠠ︶ ᠰᠤᠯᠠ ᠪᠠᠶᠢᠬᠤ ᠤᠰᠤᠨ ᠤ ᠭᠦᠢᠴᠡᠳᠬᠡᠯ ᠲᠤᠭ᠎ᠠ ᠶᠢ ᠰᠢᠢᠳᠪᠦᠷᠢᠯᠡᠬᠦ ᠶᠢ ᠲᠦᠷᠭᠡᠳᠬᠡᠵᠦ᠂ ᠳᠠᠬᠢᠯᠲᠠ ᠤᠰᠤᠨ ᠤ ᠠᠰᠢᠭᠯᠠᠯᠲᠠ ᠶᠢ ᠨᠡᠮᠡᠭᠳᠡᠭᠦᠯᠬᠦ ᠬᠡᠷᠡᠭᠲᠡᠢ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠯᠠ ᠲᠠᠯᠪᠢᠵᠤ ᠤᠰᠤ ᠲᠠᠲᠠᠵᠤ ᠬᠡᠷᠡᠭᠯᠡᠬᠦ ᠭᠦᠢᠴᠡᠳᠬᠡᠯ ᠲᠤᠭ᠎ᠠ ᠶᠢ ᠰᠢᠢᠳᠪᠦᠷᠢᠯᠡᠬᠦ ᠬᠡᠷᠡᠭᠵᠢᠭᠦᠯᠬᠦ ᠠᠷᠭ᠎ᠠ︾ ᠶᠢᠨ ᠶᠣᠰᠣᠭᠠᠷ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠢ ᠨᠤᠲᠠᠯᠠᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠰᠤᠯᠠ ᠪᠠᠶᠢᠬᠤ ᠤᠰᠤᠨ ᠤ ᠭᠦᠢᠴᠡᠳᠬᠡᠯ ᠲᠤᠭ᠎ᠠ ᠶᠢ ᠮᠠᠭᠠᠳᠯᠠᠨ ᠲᠣᠭᠲᠠᠭᠠᠬᠤ ᠶᠢᠨ ᠬᠠᠮᠲᠤ ᠵᠠᠬ᠎ᠠ ᠳᠡᠯᠭᠡᠭᠦᠷ ᠤᠨ ᠣᠷᠣᠯᠴᠠᠬᠤ ᠶᠢ ᠢᠳᠡᠪᠬᠢᠲᠡᠢ ᠪᠠᠷ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ ᠤᠨ ᠲᠣᠬᠢᠷᠠᠭᠤᠯᠬᠤ ᠦᠢᠯᠡᠳᠦᠯ ᠢ ᠪᠠᠳᠠᠷᠠᠭᠤᠯᠤᠨ᠂ ᠰᠤᠯᠠ ᠪᠠᠶᠢᠬᠤ ᠤᠰᠤᠨ ᠤ ᠭᠦᠢᠴᠡᠳᠬᠡᠯ ᠲᠤᠭ᠎ᠠ ᠶᠢ ᠰᠢᠢᠳᠪᠦᠷᠢᠯᠡᠨ᠎ᠡ᠃ ᠢᠳᠡᠪᠬᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠪᠣᠬᠢᠷ ᠤᠰᠤ ᠰᠢᠢᠳᠪᠦᠷᠢᠯᠡᠬᠦ ᠨᠣᠷᠮ᠎ᠠ ᠶᠢ ᠳᠡᠭᠡᠭᠰᠢᠯᠡᠭᠦᠯᠦᠨ᠂ ᠳᠠᠬᠢᠯᠲᠠ ᠤᠰᠤ ᠶᠢ ᠡᠭᠡᠭᠦᠯᠦᠨ ᠬᠤᠷᠢᠶᠠᠵᠤ ᠠᠰᠢᠭᠯᠠᠬᠤ ᠬᠡᠮᠵᠢᠶ᠎ᠡ ᠶᠢ ᠨᠡᠮᠡᠭᠳᠡᠭᠦᠯᠵᠦ᠂ ᠢᠯᠠᠩᠭᠤᠶ᠎ᠠ ᠳᠠᠬᠢᠯᠲᠠ ᠤᠰᠤ ᠪᠠᠷ ᠠᠵᠤ ᠦᠢᠯᠡᠳᠪᠦᠷᠢ ᠶᠢᠨ ᠦᠢᠯᠡᠳᠪᠦᠷᠢᠯᠡᠯ ᠳᠤ ᠬᠡᠷᠡᠭᠯᠡᠬᠦ ᠭᠠᠵᠠᠷ ᠤᠨ ᠤᠰᠤ ᠰᠣᠯᠢᠬᠤ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃    ︵ᠳᠣᠯᠤᠭ᠎ᠠ︶ ᠤᠰᠤ ᠠᠷᠪᠢᠯᠠᠬᠤ ᠤᠬᠠᠭᠤᠯᠭ᠎ᠠ ᠶᠢᠨ ᠡᠷᠴᠢᠮ ᠢ ᠴᠢᠩᠬᠠᠷᠠᠭᠤᠯᠵᠤ᠂ ᠨᠡᠶᠢᠭᠡᠮ ᠤᠨ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠦᠨ᠎ᠡ    ᠤᠰᠤ ᠠᠷᠪᠢᠯᠠᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠨᠡᠶᠢᠲᠡ ᠳᠤ ᠬᠠᠨᠳᠤᠭᠤᠯᠤᠨ ᠤᠰᠤᠨ ᠤ ᠪᠠᠶᠢᠳᠠᠯ ᠤᠨ ᠮᠡᠳᠡᠯᠭᠡ ᠪᠠ ᠤᠰᠤ ᠠᠷᠪᠢᠯᠠᠬᠤ ᠮᠡᠳᠡᠯᠭᠡ ᠶᠢ ᠲᠦᠭᠡᠮᠡᠯᠵᠢᠭᠦᠯᠵᠦ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠨᠡᠶᠢᠲᠡ ᠶᠢᠨ ᠤᠰᠤ ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ︔ ᠨᠡᠶᠢᠭᠡᠮ ᠢ ᠳᠠᠶᠢᠴᠢᠯᠠᠨ ᠣᠷᠣᠯᠴᠠᠭᠤᠯᠵᠤ᠂ ᠢᠳᠡᠪᠬᠢᠲᠡᠢ ᠭᠦᠨ ᠵᠤᠵᠠᠭᠠᠨ ᠪᠠᠶᠢᠳᠠᠯ ᠢ ᠡᠭᠦᠳᠦᠨ ᠪᠠᠶᠢᠭᠤᠯᠬᠤ ᠠᠭᠤᠷ ᠠᠮᠢᠰᠬᠤᠯ ᠢ ᠪᠤᠢ ᠪᠣᠯᠭᠠᠨ᠎ᠠ︔ ᠵᠢᠯ ᠪᠦᠷᠢ ᠶᠢᠨ ︽ᠳᠡᠯᠡᠬᠡᠢ ᠶᠢᠨ ᠤᠰᠤᠨ ᠤ ᠡᠳᠦᠷ︾ ᠪᠠ ︽ᠳᠤᠮᠳᠠᠳᠤ ᠤᠯᠤᠰ ᠤᠨ ᠤᠰᠤᠨ ᠤ ᠭᠠᠷᠠᠭ︾ ᠢ ᠠᠰᠢᠭᠯᠠᠨ᠂ ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢ᠂ ᠲᠧᠯᠸᠢᠰ᠂ ᠰᠣᠨᠢᠨ ᠰᠡᠳᠬᠦᠯ᠂ ᠤᠬᠠᠭᠤᠯᠭ᠎ᠠ ᠶᠢᠨ ᠲᠡᠷᠭᠡ᠂ ᠤᠷᠢᠶ᠎ᠠ ᠯᠣᠽᠦ᠋ᠩ ᠵᠡᠷᠭᠡ ᠣᠯᠠᠨ ᠵᠦᠢᠯ ᠤᠨ ᠬᠡᠯᠪᠡᠷᠢ ᠶᠢ ᠠᠰᠢᠭᠯᠠᠨ᠂ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠳ᠋ᠢᠶᠠᠩᠬᠤᠸᠠ᠂ ᠰᠦᠯᠵᠢᠶ᠎ᠡ ᠵᠡᠷᠭᠡ ᠨᠡᠶᠢᠭᠡᠮ ᠨᠡᠶᠢᠲᠡ ᠳᠤ ᠬᠠᠨᠳᠤᠭᠤᠯᠤᠭᠰᠠᠨ ᠤᠰᠤ ᠠᠷᠪᠢᠯᠠᠬᠤ ᠦᠵᠡᠯ ᠤᠬᠠᠮᠰᠠᠷ ᠤᠨ ᠪᠠᠶᠢᠴᠠᠭᠠᠯᠲᠠ ᠶᠢ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠤᠰᠤ ᠠᠷᠪᠢᠯᠠᠬᠤ ᠶᠢ ᠴᠢᠬᠤᠯᠠᠴᠢᠯᠠᠬᠤ᠂ ᠤᠰᠤ ᠠᠷᠪᠢᠯᠠᠬᠤ ᠳᠤ ᠢᠳᠡᠪᠬᠢᠲᠡᠢ ᠣᠷᠣᠯᠴᠠᠬᠤ ᠭᠦᠨ ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠨ᠎ᠠ᠃    ︵ᠨᠠᠢᠮᠠ︶ ᠤᠰᠤ ᠠᠷᠪᠢᠯᠠᠬᠤ ᠳᠤ ᠰᠢᠨ᠎ᠡ ᠶᠢ ᠡᠭᠦᠳᠬᠦ ᠠᠵᠢᠯ ᠢ ᠢᠳᠡᠪᠬᠢᠲᠡᠢ ᠥᠷᠨᠢᠭᠦᠯᠦᠨ᠎ᠡ    ᠡᠯ᠎ᠡ ᠠᠵᠢᠯ ᠲᠥᠷᠥᠯ ᠤᠨ ᠤᠰᠤ ᠠᠷᠪᠢᠯᠠᠬᠤ ᠬᠡᠪ ᠳᠠᠭᠤᠷᠢᠶᠠᠯ᠂ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠰᠤ ᠠᠷᠪᠢᠯᠠᠬᠤ ᠬᠡᠪ ᠳᠠᠭᠤᠷᠢᠶᠠᠯ ᠤᠨ ᠨᠢᠭᠡᠴᠡ ᠶᠢ ᠰᠢᠯᠭᠠᠷᠠᠭᠤᠯᠤᠨ ᠭᠠᠷᠭᠠᠵᠤ᠂ ᠠᠵᠢᠯ ᠲᠥᠷᠥᠯ ᠤᠨ ᠳᠣᠲᠣᠷ᠎ᠠ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠪᠤᠰᠤᠳ ᠨᠢᠭᠡᠴᠡ ᠶᠢ ᠳᠠᠶᠢᠴᠢᠯᠠᠨ ᠳᠠᠭᠠᠭᠤᠯᠵᠤ ᠪᠠᠶᠢᠭᠠᠳ ᠤᠰᠤ ᠶᠢ ᠠᠷᠪᠢᠯᠠᠨ ᠬᠡᠷᠡᠭᠯᠡᠬᠦ ᠶᠢ ᠢᠳᠡᠪᠬᠢᠲᠡᠢ ᠥᠷᠨᠢᠭᠦᠯᠦᠨ᠎ᠡ︔ ᠡᠳ᠋ ᠤᠨ ᠵᠠᠰᠠᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠵᠦ ᠂ ᠣᠯᠠᠨ ᠠᠷᠭ᠎ᠠ ᠵᠠᠮ ᠢᠶᠠᠷ ᠤᠰᠤ ᠠᠷᠪᠢᠯᠠᠬᠤ ᠱᠠᠩᠨᠠᠯ ᠤᠨ ᠪᠡᠯᠡ ᠮᠥᠩᠭᠦ ᠶᠢ ᠪᠠᠶᠢᠭᠤᠯᠵᠤ᠂ ᠡᠳ᠋ ᠤᠨ ᠵᠠᠰᠠᠭ ᠤᠨ ᠤᠰᠤ ᠠᠷᠪᠢᠯᠠᠬᠤ ᠱᠠᠩᠨᠠᠯ ᠤᠨ ᠲᠣᠭᠲᠠᠴᠠ ᠶᠢ ᠪᠠᠶᠢᠭᠤᠯᠤᠨ᠂ ᠤᠰᠤ ᠬᠡᠷᠡᠭᠯᠡᠬᠦ ᠡᠷᠦᠬᠡ ᠶᠢᠨ ᠰᠠᠨᠠᠭᠠᠴᠢᠯᠠᠭ᠎ᠠ ᠠᠴᠠ ᠪᠠᠨ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃    ᠲᠠᠪᠤ᠂ ᠪᠡᠶᠡᠯᠡᠭᠦᠯᠬᠦ ᠴᠠᠭ ᠤᠨ ᠬᠢᠵᠠᠭᠠᠷ    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠳᠠᠲᠤ ᠪᠠᠶᠢᠳᠠᠯ ᠢ ᠦᠨᠳᠦᠰᠦᠯᠡᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠭᠤᠶᠤᠴᠢᠯᠠᠨ ᠮᠡᠳᠡᠭᠦᠯᠬᠦ ᠠᠵᠢᠯ ᠤᠨ ᠲᠥᠯᠥᠪᠯᠡᠭᠡ ᠶᠢ ᠲᠣᠭᠲᠠᠭᠠᠵᠤ᠂ ᠦᠨᠡᠯᠡᠨ ᠲᠣᠭᠲᠠᠭᠠᠬᠤ ᠠᠵᠢᠯ ᠢ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠤᠨ᠎ᠠ᠃ 2020 ᠣᠨ ᠳᠤ 50% ᠶᠢ ᠪᠡᠶᠡᠯᠡᠭᠦᠯᠵᠦ᠂ 2021 ᠣᠨ ᠳᠤ 60% ᠢ ᠪᠡᠶᠡᠯᠡᠭᠦᠯᠵᠦ᠂ 2022 ᠣᠨ ᠳᠤ 75% ᠠᠴᠠ ᠳᠡᠭᠡᠭᠰᠢᠬᠢ ᠶᠢ ᠪᠡᠶᠡᠯᠡᠭᠦᠯᠵᠦ᠂ 2023 ᠤᠨ ᠪᠣᠯᠬᠤ ᠳᠤ ︽ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠦᠨᠡᠯᠡᠯᠲᠡ ᠶᠢᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢᠨ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠬᠤᠰᠢᠭᠤᠨ ᠤ ᠨᠠᠮ ᠤᠨ ᠬᠤᠷᠢ᠊ ᠡᠶ᠎ᠡ ᠵᠠᠰᠠᠭ ᠤᠨ ᠣᠷᠳᠣᠨ ᠤ ᠴᠣᠬᠤᠯᠠᠪᠣᠷᠢᠯᠠᠭᠰᠠᠨ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠵᠠᠷ ᠳᠣᠣᠷᠠᠬᠢ ᠤᠰᠤᠨ ᠤ ᠤᠰᠤᠨ ᠲᠦᠪᠰᠢᠨ ᠪᠠ ᠤᠰᠤᠨ ᠤ ᠬᠡᠮᠵᠢᠶ᠎ᠡ ᠶᠢᠨ ᠬᠤᠣᠰ ᠡᠵᠡᠮᠳᠡᠯ ᠤᠨ ᠲᠥᠰᠦᠯ︾᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠲᠥᠯᠥᠪᠵᠢᠭᠦᠯᠭᠡ︾ ᠶᠣᠰᠣᠭᠠᠷ᠂ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠠᠷᠠᠯᠲᠠ᠂ ᠣᠨ ᠤ ᠡᠭᠦᠷᠭᠡ ᠪᠠ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃    ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠪᠦᠷᠢᠨᠰᠢᠭᠦᠯᠦᠨ᠎ᠡ    ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠪᠠᠷ ᠥᠷᠭᠡᠨ ᠪᠠᠶᠢᠵᠤ᠂ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠨᠢᠭᠲᠠ ᠬᠠᠮᠵᠢᠯᠴᠠᠨ᠂ ᠬᠠᠮᠲᠤᠪᠠᠷ ᠠᠬᠢᠭᠤᠯᠤᠨ᠎ᠠ᠃ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠭᠤᠣᠯ ᠤᠳᠤᠷᠢᠳᠤᠯᠭ᠎ᠠ ᠨᠢ ᠪᠡᠶ᠎ᠡ ᠪᠠᠷ ᠢᠶᠠᠨ ᠠᠳᠬᠤᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠬᠤ ᠪᠠ ᠵᠣᠬᠢᠴᠠᠭᠤᠯᠤᠨ ᠰᠢᠢᠳᠪᠦᠷᠢᠯᠡᠨ᠎ᠡ᠃ ᠤᠰᠤ ᠶᠢ ᠠᠷᠪᠢᠯᠠᠵᠤ ᠬᠡᠷᠡᠭᠯᠡᠬᠦ ᠠᠯᠪᠠᠨ ᠭᠡᠷ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠬᠢᠨᠠᠯᠲᠠ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠬᠤ ᠳᠤ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃    ︵ᠬᠤᠶᠠᠷ︶ ᠳᠡᠮᠵᠢᠯᠭᠡ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ    ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠂ ᠤᠰᠤᠨ ᠤ ᠡᠬᠢ ᠪᠠᠶᠠᠯᠢᠭ ᠢ ᠠᠷᠪᠢᠯᠠᠬᠤ᠂ ᠬᠠᠮᠠᠭᠠᠯᠠᠬᠤ ᠪᠠ ᠬᠠᠮᠢᠶᠠᠷᠬᠤ ᠠᠵᠢᠯ ᠢ ᠳᠡᠮᠵᠢᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠢ᠃ ᠭᠡᠷ᠎ᠡ ᠤᠰᠤ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠢ ᠶᠡᠬᠡᠪᠡᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠲᠣᠭᠲᠠᠴᠠ ᠳᠤ ᠰᠠᠭᠤᠷᠢᠯᠠᠭᠰᠠᠨ ᠤᠰᠤ ᠠᠷᠪᠢᠯᠠᠬᠤ ᠦᠢᠯᠡᠴᠢᠯᠡᠭᠡᠨ ᠤ ᠵᠠᠭᠪᠤᠷ ᠢ ᠪᠣᠢ ᠪᠣᠯᠭᠠᠵᠤ᠂ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠵᠣᠷᠢᠭᠵᠢᠭᠤᠯᠤᠨ᠎ᠠ᠃ ᠲᠤᠰ ᠱᠠᠲᠤᠨ ᠤ ᠵᠠᠰᠠᠭ ᠤᠨ ᠣᠷᠳᠣᠨ ᠨᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠠᠬᠢ ᠣᠯᠠᠨ ᠨᠡᠶᠢᠲᠡ ᠶᠢᠨ ᠡᠳ᠋ ᠤᠨ ᠵᠠᠰᠠᠭ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠶᠢ ᠠᠬᠢᠭᠤᠯᠵᠤ᠂ ᠤᠰᠤ ᠠᠷᠪᠢᠯᠠᠬᠤ ᠪᠡᠯᠡ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠵᠡᠷᠭᠡ ᠠᠷᠭ᠎ᠠ ᠮᠠᠶ᠋ᠢᠭ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠳᠤ ᠪᠡᠯᠡ ᠮᠥᠩᠭᠦ ᠶᠢᠨ ᠲᠤᠰᠠᠯᠠᠮᠵᠢ ᠣᠯᠭᠤᠬᠤ ᠬᠡᠷᠡᠭᠲᠡᠢ᠃ ︽ᠤᠰᠤ ᠠᠷᠪᠢᠯᠠᠬᠤ ᠨᠡᠶᠢᠭᠡᠮ ᠤᠨ ᠦᠨᠡᠯᠡᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢᠨ ᠱᠠᠭᠠᠷᠳᠠᠯᠭ᠎ᠠ ᠳᠤ ᠬᠦᠷᠦᠭᠰᠡᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠨᠡᠶᠢᠭᠡᠮ ᠤᠨ ᠦᠨᠡᠯᠡᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ ︾ ᠶᠢᠨ ᠱᠠᠭᠠᠷᠳᠠᠯᠭ᠎ᠠ ᠳᠤ ᠬᠦᠷᠦᠭᠰᠡᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ︵ᠪᠠᠶᠢᠭᠤᠯᠭ᠎ᠠ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠦᠢᠯᠡᠴᠢᠯᠡᠭᠡᠨ ᠤ ᠦᠢᠯᠡᠰ︶︾ ᠢ ᠭᠤᠶᠤᠴᠢᠯᠠᠨ ᠮᠡᠳᠡᠭᠦᠯᠬᠦ ᠦᠶ᠎ᠡ ᠳᠤ ᠤᠷᠢᠳᠠᠪᠠᠷ ᠪᠠᠲᠤᠯᠠᠨ ᠲᠠᠨᠢᠯᠴᠠᠭᠤᠯᠵᠤ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠬᠡᠯᠪᠡᠷᠢ ᠶᠢ ᠣᠯᠤᠭᠰᠠᠨ ᠨᠢᠭᠡᠴᠢ ᠳᠤ ᠬᠠᠮᠢᠶ᠎ᠠ ᠪᠦᠬᠦᠢ ᠱᠠᠩᠨᠠᠯ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠵᠦ ᠪᠣᠯᠤᠨ᠎ᠠ᠃    ︵ᠭᠤᠷᠪᠠ︶ ᠬᠠᠷᠠᠯᠲᠠᠲᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠢᠯᠭᠠᠨ ᠬᠢᠨᠠᠵᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ    ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠬᠠᠷᠠᠯᠲᠠ ᠶᠢᠨ ᠡᠭᠦᠷᠭᠡ ᠪᠠᠨ ᠱᠠᠲᠤ ᠳᠠᠷᠠᠭᠠᠯᠠᠨ ᠵᠠᠳᠠᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠭᠤᠷᠪᠠᠨ ᠵᠢᠯ ᠳᠤ ᠨᠢᠭᠡ ᠤᠳᠠᠭ᠎ᠠ ᠰᠢᠯᠭᠠᠨ ᠪᠠᠶᠢᠴᠠᠭᠠᠵᠤ᠂ ︽ᠪᠠᠷᠢᠮᠵᠢᠶ᠎ᠠ︾ ᠶᠢᠨ ᠱᠠᠭᠠᠷᠳᠠᠯᠭ᠎ᠠ ᠳᠤ ᠬᠦᠷᠬᠦ ᠦᠭᠡᠢ᠂ ᠤᠰᠤ ᠶᠢ ᠠᠷᠪᠢᠯᠠᠵᠤ ᠬᠡᠷᠡᠭᠯᠡᠬᠦ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠡᠷᠡᠶᠢᠳᠦᠯ ᠢ ᠨᠢ ᠬᠦᠴᠦᠨ ᠦᠭᠡᠢ ᠪᠣᠯᠭᠠᠵᠤ᠂ ᠬᠤᠯᠪᠣᠭᠳᠠᠯ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠦᠷᠲᠡᠭᠡᠬᠦ ᠪᠠᠨ ᠵᠣᠭᠰᠣᠭᠠᠬᠤ ᠬᠡᠷᠡᠭᠲᠡᠢ᠃ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠬᠤᠯᠪᠣᠭᠳᠠᠯ ᠪᠦᠬᠦᠢ ᠨᠢᠭᠡᠴᠡ ᠶᠢ ᠵᠣᠬᠢᠶᠠᠨ ᠪᠠᠶᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号