ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ ﹇2020﹈ 43 ᠳ᠋ᠤᠭᠠᠷ ᠲᠣᠭᠠᠲᠤ | | | | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠥᠴᠢᠷ ᠲᠤ᠄ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | 2024 ᠣᠨ ᠤ 7 ᠰᠠᠷ᠎ᠠ ᠶᠢᠨ 9 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ | | | | ᠨᠢᠭᠡ᠂ ᠶᠡᠷᠦᠩᠬᠡᠢ ᠳᠦᠷᠢᠮ | ︵ᠨᠢᠭᠡ︶ ᠨᠠᠶᠢᠷᠠᠭᠤᠯᠤᠨ ᠵᠣᠬᠢᠶᠠᠬᠤ ᠵᠣᠷᠢᠯᠭ᠎ᠠ | ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠦᠷᠢᠨᠰᠢᠭᠦᠯᠵᠦ᠂ ᠴᠠᠭ | ᠠᠭᠤᠷ ᠤᠨ ᠭᠠᠮᠰᠢᠭ ᠢ ᠰᠡᠷᠭᠡᠶᠢᠯᠡᠬᠦ ᠪᠠ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠴᠠᠭ | ᠠᠭᠤᠷ ᠤᠨ ᠭᠠᠮᠰᠢᠭ ᠠᠴᠠ ᠪᠣᠯᠤᠭᠰᠠᠨ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠬᠤᠬᠢᠷᠠᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ | ᠠᠬᠤᠢ ᠨᠡᠶᠢᠭᠡᠮ ᠤᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ | ︵ᠬᠤᠶᠠᠷ︶ ᠨᠠᠶᠢᠷᠠᠭᠤᠯᠤᠨ ᠵᠣᠬᠢᠶᠠᠬᠤ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾᠂ ︽ᠪᠠᠶᠢᠭᠠᠯᠢ ᠶᠢᠨ | ᠭᠠᠮᠰᠢᠭ ᠠᠴᠠ ᠠᠪᠤᠷᠠᠨ ᠲᠤᠰᠠᠯᠠᠬᠤ ᠳᠦᠷᠢᠮ︾᠂ ︽ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ | ᠬᠠᠮᠢᠶᠠᠷᠤᠯᠲᠠ ᠶᠢᠨ ᠳᠦᠷᠢᠮ︾᠂ ︽ᠤᠯᠤᠰ ᠤᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠶᠡᠷᠦᠩᠬᠡᠢ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠂ ︽ᠤᠯᠤᠰ ᠤᠨ ᠴᠠᠭ ᠠᠭᠤᠷ ᠤᠨ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ | ᠠᠭᠤᠷ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠭᠠᠮᠰᠢᠭ ᠢ | ᠰᠡᠷᠭᠡᠶᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ | ᠪᠦᠬᠦᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠲᠤᠰ ᠪᠡᠯᠡᠳᠬᠡᠯ ᠲᠥᠰᠦᠯ ᠢ ᠲᠣᠭᠲᠠᠭᠠᠪᠠ᠃ | ︵ᠭᠤᠷᠪᠠ︶ ᠠᠵᠢᠯ ᠤᠨ ᠵᠠᠷᠴᠢᠮ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠬᠤᠣᠷ ᠬᠥᠨᠥᠭᠡᠯ ᠤᠨ ᠬᠤᠬᠢᠷᠠᠯ ᠢ ᠪᠠᠭᠠᠰᠬᠠᠬᠤ | ᠬᠡᠷᠡᠭᠲᠡᠢ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠠᠪᠤᠳᠠᠯ ᠢ | ᠲᠡᠷᠢᠭᠦᠨ ᠴᠢᠬᠤᠯᠠ ᠡᠭᠦᠷᠭᠡ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠡᠭᠦᠰᠦᠯᠲᠡ ᠶᠢᠨ ᠴᠢᠭ | ᠪᠣᠯᠭᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠬᠤ ᠬᠡᠷᠡᠭᠲᠡᠢ᠃ ᠰᠡᠷᠭᠡᠶᠢᠯᠡᠬᠦ ᠪᠠᠷ ᠭᠤᠣᠯ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠥᠨᠳᠥᠷ | ᠪᠦᠲᠦᠮᠵᠢᠲᠡᠢ ᠪᠠᠷ ᠰᠡᠷᠭᠡᠶᠢᠯᠡᠬᠦ ᠶᠢ ᠪᠠᠷᠢᠮᠲᠠᠯᠠᠨ᠎ᠠ᠃ ᠪᠠᠷᠢᠯᠭ᠎ᠠ ᠶᠢᠨ ᠴᠢᠨᠠᠷᠲᠠᠢ ᠪᠠ ᠪᠠᠷᠢᠯᠭ᠎ᠠ ᠶᠢᠨ ᠪᠤᠰᠤ ᠴᠢᠨᠠᠷᠲᠠᠢ | ᠠᠷᠭ᠎ᠠ ᠬᠡᠮᠵᠢᠶ᠎ᠡ ᠶᠢ ᠬᠠᠷᠢᠯᠴᠠᠨ ᠤᠶᠠᠯᠳᠤᠭᠤᠯᠬᠤ ᠶᠢ ᠬᠡᠷᠡᠭᠵᠢᠭᠦᠯᠵᠦ᠂ ᠴᠠᠭ ᠠᠭᠤᠷ ᠤᠨ ᠭᠠᠮᠰᠢᠭ ᠢ ᠬᠢᠨᠠᠨ | ᠬᠡᠮᠵᠢᠵᠦ ᠰᠡᠷᠡᠮᠵᠢᠯᠡᠭᠦᠯᠬᠦ ᠴᠢᠳᠠᠪᠤᠷᠢ ᠪᠣᠯᠤᠨ ᠰᠡᠷᠭᠡᠶᠢᠯᠡᠬᠦ ᠪᠠᠷᠢᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠢ᠃ ᠣᠳᠣ | ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠡᠯ᠎ᠡ ᠵᠦᠢᠯ ᠤᠨ | ᠰᠡᠷᠡᠮᠵᠢᠯᠡᠬᠦ ᠪᠡᠯᠡᠳᠬᠡᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠬᠤᠷᠢ᠊ ᠡᠶ᠎ᠡ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ | ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ ᠶᠢ ᠪᠠᠷᠢᠮᠲᠠᠯᠠᠵᠤ᠂ | ᠵᠣᠬᠢᠴᠠᠭᠤᠯᠤᠨ ᠡᠮᠬᠢ ᠵᠢᠷᠤᠮ ᠲᠠᠢ ᠠᠷᠭᠠᠴᠠᠭᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠨᠢᠭᠡᠳᠦᠯᠲᠡᠢ ᠤᠳᠤᠷᠢᠳᠤᠯᠭ᠎ᠠ ᠶᠢᠨ ᠵᠣᠬᠢᠴᠠᠭᠤᠯᠭ᠎ᠠ ᠶᠢᠨ ᠳᠣᠣᠷ᠎ᠠ᠂ ᠡᠯ᠎ᠡ ᠭᠠᠵᠠᠷ ᠤᠨ ᠬᠢᠨ ᠬᠠᠤᠯᠢ ᠴᠠᠭᠠᠵᠠ᠂ | ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ | ᠭᠠᠵᠠᠷ ᠣᠷᠣᠨ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ | ᠡᠬᠢ ᠪᠠᠶᠠᠯᠢᠭ ᠢ ᠬᠠᠮᠲᠤᠪᠠᠷ ᠡᠳᠯᠡᠬᠦ ᠶᠢ ᠪᠡᠶᠡᠯᠡᠭᠦᠯᠵᠦ᠂ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ | ᠪᠠᠶᠢᠭᠤᠯᠤᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ | ᠃ ᠱᠠᠲᠤ ᠬᠤᠪᠢᠶᠠᠨ ᠬᠠᠮᠢᠶᠠᠷᠬᠤ ᠶᠢ ᠪᠠᠷᠢᠮᠲᠠᠯᠠᠵᠤ᠂ ᠬᠠᠷᠢᠶ᠎ᠠ ᠭᠠᠵᠠᠷ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠨ᠎ᠡ᠃ ᠴᠠᠭ ᠠᠭᠤᠷ ᠤᠨ ᠭᠠᠮᠰᠢᠭ ᠠᠴᠠ ᠪᠣᠯᠤᠭᠰᠠᠨ ᠪᠤᠶᠤ ᠤᠴᠠᠷᠠᠭᠤᠯᠵᠤ ᠮᠡᠳᠡᠬᠦ ᠬᠤᠣᠷ ᠬᠥᠨᠥᠭᠡᠯ | ᠪᠣᠯᠤᠨ ᠨᠥᠯᠥᠭᠡ ᠶᠢᠨ ᠬᠡᠮᠵᠢᠶ᠎ᠡ ᠶᠢ ᠦᠨᠳᠦᠰᠦᠯᠡᠨ᠂ ᠴᠠᠭ ᠠᠭᠤᠷ ᠤᠨ ᠭᠠᠮᠰᠢᠭ ᠲᠤ ᠱᠠᠲᠤ ᠬᠤᠪᠢᠶᠠᠨ | ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃ ᠭᠠᠮᠰᠢᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ | ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠬᠤ ᠬᠡᠷᠡᠭᠲᠡᠢ᠃ | ︵ᠳᠥᠷᠪᠡ︶ ᠲᠣᠬᠢᠷᠠᠬᠤ ᠬᠡᠪᠴᠢᠶ᠎ᠠ | ᠲᠣᠰ ᠪᠡᠯᠡᠳᠬᠡᠯ ᠲᠥᠰᠦᠯ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠴᠠᠭ ᠠᠭᠤᠷ ᠤᠨ ᠭᠠᠮᠰᠢᠭ ᠲᠤ ᠬᠡᠷᠡᠭᠯᠡᠨ᠎ᠡ᠄ ᠲᠠᠷᠢᠶᠠᠯᠠᠩ ᠮᠠᠯ ᠠᠵᠤ ᠠᠬᠤᠢ ᠶᠢᠨ ᠭᠠᠩ | ᠬᠠᠭᠤᠷᠠᠢ᠂ ᠰᠢᠷᠦᠭᠦᠨ ᠪᠣᠷᠣᠭᠠᠨ᠂ ᠴᠠᠰᠤ ᠰᠢᠭᠤᠷᠭ᠎ᠠ᠂ ᠬᠦᠢᠲᠡᠨ ᠤᠷᠤᠰᠬᠠᠯ᠂ ᠶᠡᠭᠡ ᠰᠠᠯᠬᠢ᠂ ᠡᠯᠡᠰᠦᠨ | ᠰᠢᠭᠤᠷᠭ᠎ᠠ᠂ ᠥᠨᠳᠥᠷ ᠳᠤᠯᠠᠭᠠᠨ᠂ ᠬᠦᠢᠲᠡᠨ ᠠᠭᠤᠷ ᠠᠮᠢᠰᠬᠤᠯ᠂ ᠬᠢᠷᠠᠭᠤ ᠬᠥᠯᠳᠡᠬᠦ᠂ ᠮᠥᠰᠥ ᠬᠥᠯᠳᠡᠬᠦ᠂ ᠶᠡᠭᠡ | ᠮᠠᠨᠠᠨ 11 ᠲᠥᠷᠥᠯ ᠤᠨ ᠴᠠᠭ ᠠᠭᠤᠷ ᠤᠨ ᠭᠠᠮᠰᠢᠭ ᠪᠠᠭᠲᠠᠨ᠎ᠠ᠃ ᠴᠠᠭ ᠠᠭᠤᠷ ᠤᠨ ᠬᠦᠴᠦᠨ ᠵᠦᠢᠯ ᠠᠴᠠ | ᠪᠣᠯᠤᠭᠰᠠᠨ ᠦᠶᠡᠷ ᠭᠠᠩ ᠤᠨ ᠭᠠᠮᠰᠢᠭ᠂ ᠭᠠᠵᠠᠷ ᠤᠨ ᠭᠠᠮᠰᠢᠭ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ | ᠠᠶᠤᠯ ᠵᠡᠷᠭᠡ ᠪᠤᠰᠤᠳ ᠭᠠᠮᠰᠢᠭ ᠢ ᠰᠢᠢᠳᠪᠦᠷᠢᠯᠡᠬᠦ ᠳᠤ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠤᠨ ᠲᠣᠭᠲᠠᠭᠠᠯ ᠢ ᠬᠡᠷᠡᠭᠯᠡᠨ᠎ᠡ᠃ | ᠬᠤᠶᠠᠷ᠂ ᠵᠢᠯᠣᠭᠤᠳᠬᠤ ᠰᠢᠰᠲ᠋ᠧᠮ ᠬᠢᠭᠡᠳ ᠡᠭᠦᠷᠭᠡ ᠬᠠᠷᠢᠭᠤᠴᠠᠯᠭ᠎ᠠ | ︵ᠨᠢᠭᠡ︶ ᠵᠢᠯᠣᠭᠤᠳᠬᠤ ᠪᠠᠶᠢᠭᠤᠯᠤᠮᠵᠢ ᠶᠢᠨ ᠰᠢᠰᠲ᠋ᠧᠮ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ | ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ︵ᠳᠣᠷᠣᠭᠰᠢ ︽ᠬᠤᠰᠢᠭᠤᠨ ᠤ ᠴᠠᠭ ᠠᠭᠤᠷ ᠤᠨ | ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ︾ ᠭᠡᠵᠦ ᠲᠣᠪᠴᠢᠯᠠᠨ᠎ᠠ︶ ᠢ ᠵᠣᠬᠢᠶᠠᠨ ᠪᠠᠶᠢᠭᠤᠯᠵᠤ ᠴᠠᠭ ᠠᠭᠤᠷ ᠤᠨ | ᠭᠠᠮᠰᠢᠭ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ᠂ ᠵᠠᠳᠠᠯᠤᠨ ᠰᠤᠳᠤᠯᠵᠤ ᠮᠠᠭᠠᠳᠯᠠᠬᠤ ᠪᠠ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠨᠢᠭᠡᠳᠦᠯᠲᠡᠢ ᠤᠳᠤᠷᠢᠳᠬᠤ ᠪᠠ ᠵᠢᠯᠣᠭᠤᠳᠤᠨ᠎ᠠ᠃ | ᠶᠡᠷᠦᠩᠬᠡᠢ ᠵᠢᠯᠣᠭᠤᠳᠣᠭᠴᠢ᠄ ᠬᠤᠰᠢᠭᠤᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ | ᠬᠤᠰᠢᠭᠤᠨ ᠳᠠᠷᠤᠭ᠎ᠠ | ᠳᠡᠳ᠋ ᠶᠡᠷᠦᠩᠬᠡᠢ ᠵᠢᠯᠣᠭᠤᠳᠣᠭᠴᠢ᠄ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ᠂ | ᠬᠤᠰᠢᠭᠤᠨ ᠤ ᠴᠠᠭ ᠠᠭᠤᠷ ᠤᠨ ᠲᠣᠪᠴᠢᠶ᠎ᠠ ᠶᠢᠨ ᠳᠠᠷᠤᠭ᠎ᠠ | ᠪᠦᠷᠢᠯᠳᠦᠬᠦᠨ ᠨᠢᠭᠡᠴᠡ᠄ ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ | ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠢ | ᠪᠠ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ᠂ ᠬᠠᠮ ᠵᠠᠭᠤᠴᠢᠯᠠᠭᠤᠷ ᠤᠨ ᠲᠥᠪ᠂ ᠠᠷᠠᠳ ᠤᠨ ᠶᠠᠪᠤᠳᠠᠯ ᠤᠨ ᠲᠣᠪᠴᠢᠶ᠎ᠠ᠂ ᠨᠢᠭᠡᠳᠦᠮᠡᠯ | ᠬᠤᠯᠪᠣᠭ᠎ᠠ ᠶᠢᠨ ᠺᠣᠮᠫᠠᠨᠢ᠂ ᠰᠢᠯᠵᠢᠮᠡᠯ ᠬᠤᠯᠪᠣᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠲᠡᠮᠦᠷ | ᠰᠤᠪᠤᠷᠭ᠎ᠠ ᠺᠣᠮᠫᠠᠨᠢ᠃ | ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠤᠨ ᠠᠯᠪᠠᠨ ᠭᠡᠷ ᠢ | ᠬᠤᠰᠢᠭᠤᠨ ᠤ ᠴᠠᠭ ᠠᠭᠤᠷ ᠤᠨ ᠲᠣᠪᠴᠢᠶ᠎ᠠ ᠳᠤ ᠲᠣᠬᠢᠷᠠᠭᠤᠯᠵᠤ᠂ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠴᠠᠭ ᠠᠭᠤᠷ ᠤᠨ ᠲᠣᠪᠴᠢᠶ᠎ᠠ ᠶᠢᠨ ᠳᠠᠷᠤᠭ᠎ᠠ | ᠬᠠᠪᠰᠤᠷᠭᠠᠨ ᠬᠠᠷᠢᠭᠤᠴᠠᠵᠤ᠂ ᠴᠢᠬᠤᠯᠠᠲᠠᠢ ᠦᠶ᠎ᠡ ᠳᠤ ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠠᠴᠠ ᠰᠢᠯᠵᠢᠭᠦᠯᠦᠨ ᠲᠠᠲᠠᠵᠤ ᠲᠥᠪᠯᠡᠷᠡᠭᠦᠯᠦᠨ ᠠᠵᠢᠯᠯᠠᠭᠤᠯᠤᠨ᠎ᠠ | ᠃ | ᠬᠤᠶᠠᠷ᠂ ᠵᠢᠯᠣᠭᠤᠳᠬᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ | 1᠂ ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠤᠨ ᠡᠭᠦᠷᠭᠡ | ᠬᠠᠷᠢᠭᠤᠴᠠᠯᠭ᠎ᠠ᠃ | ᠤᠯᠤᠰ᠂ ᠥᠪᠡᠷᠲᠡᠭᠡᠨ ᠵᠠᠰᠠᠬᠤ ᠣᠷᠣᠨ ᠪᠠ ᠬᠢᠩᠭᠠᠨ ᠠᠶᠢᠮᠠᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠬᠠᠮᠢᠶ᠎ᠠ ᠪᠦᠬᠦᠢ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ | ᠲᠤᠰ ᠭᠠᠵᠠᠷ ᠤᠨ ᠪᠣᠳᠠᠲᠠᠢ ᠳᠤ ᠳᠣᠭᠢᠷᠠᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠲᠣᠭᠲᠠᠭᠠᠵᠤ᠂ ᠪᠦᠬᠦ ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠬᠦ ᠶᠢ ᠠᠬᠢᠭᠤᠯᠤᠨ᠎ᠠ | ︔ ᠪᠦᠬᠦ ᠬᠤᠰᠢᠭᠤᠨ ᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ | ᠤᠳᠤᠷᠢᠳᠴᠤ᠂ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | 2᠂ ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠤᠨ ᠠᠯᠪᠠᠨ ᠭᠡᠷ ᠤᠨ | ᠡᠭᠦᠷᠭᠡ ᠬᠠᠷᠢᠭᠤᠴᠠᠯᠭ᠎ᠠ᠃ | ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠤᠨ ᠲᠣᠬᠢᠷᠠᠭᠤᠯᠬᠤ ᠵᠠᠷᠯᠢᠭ ᠢ | ᠬᠡᠷᠡᠭᠵᠢᠭᠦᠯᠬᠦ ᠶᠢ ᠬᠠᠷᠢᠭᠤᠴᠠᠵᠤ᠂ ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ | ᠭᠠᠵᠠᠷ ᠤᠨ ᠡᠯ᠎ᠡ ᠵᠦᠢᠯ ᠤᠨ ᠰᠢᠢᠳᠪᠦᠷᠢ᠂ ᠲᠥᠷᠥ ᠶᠢᠨ ᠪᠣᠳᠣᠯᠭ᠎ᠠ ᠪᠠ ᠠᠵᠢᠯ ᠤᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠥᠰᠦᠯ ᠢ ᠵᠣᠬᠢᠶᠠᠨ | ᠪᠠᠶᠢᠭᠤᠯᠤᠨ ᠲᠣᠭᠲᠠᠭᠠᠬᠤ ᠪᠠ ᠬᠡᠷᠡᠭᠵᠢᠭᠦᠯᠦᠨ᠎ᠡ︔ ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠵᠢᠯᠣᠭᠤᠳᠬᠤ ᠭᠠᠵᠠᠷ ᠲᠤ ᠴᠠᠭ ᠠᠭᠤᠷ ᠤᠨ ᠭᠠᠮᠰᠢᠭ ᠤᠨ ᠰᠡᠷᠡᠮᠵᠢ ᠶᠢᠨ ᠳᠣᠬᠢ᠊ ᠡᠶ᠎ᠡ ᠬᠠᠩᠭᠠᠬᠤ ᠪᠤᠶᠤ ᠴᠠᠭ | ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠰᠠᠨᠠᠭᠤᠯᠭ᠎ᠠ ᠶᠢ ᠳᠤᠷᠠᠳᠬᠤ ᠶᠢ ᠬᠠᠷᠢᠭᠤᠴᠠᠬᠤ ᠶᠢᠨ | ᠬᠠᠮᠲᠤ ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠤᠨ ᠰᠡᠷᠡᠮᠵᠢᠯᠡᠭᠦᠯᠬᠦ ᠮᠡᠳᠡᠭᠡ | ᠵᠠᠩᠭᠢ ᠨᠡᠶᠢᠲᠡᠯᠡᠬᠦ ᠪᠤᠶᠤ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠠᠵᠢᠯ ᠢ ᠡᠬᠢᠯᠡᠭᠦᠯᠵᠦ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠴᠠᠭ ᠠᠭᠤᠷ ᠤᠨ ᠭᠠᠮᠰᠢᠭ ᠡᠭᠦᠰᠬᠦ ᠬᠥᠭᠵᠢᠯᠲᠡ ᠶᠢᠨ ᠬᠠᠨᠳᠤᠰᠢ ᠶᠢ | ᠵᠥᠪᠳᠡᠯᠴᠡᠭᠦᠯᠦᠨᠡ᠃ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠤᠨ ᠡᠳᠦᠷ ᠲᠤᠲᠤᠮ ᠤᠨ | ᠠᠵᠢᠯ ᠢ ᠡᠭᠦᠷᠭᠡᠯᠡᠨ᠎ᠡ᠃ | 3᠂ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ᠃ | ︵1︶ ᠴᠠᠭ ᠠᠭᠤᠷ ᠤᠨ ᠲᠣᠪᠴᠢᠶ᠎ᠠ᠄ ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ᠂ ᠤᠷᠢᠳᠴᠢᠯᠠᠨ | ᠰᠡᠷᠡᠮᠵᠢᠯᠡᠭᠦᠯᠬᠦ᠂ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠦᠢᠯᠡᠳᠬᠦ ᠪᠠ ᠨᠢᠭᠡᠳᠦᠯᠲᠡᠢ ᠨᠡᠶᠢᠲᠡᠯᠡᠬᠦ ᠶᠢ | ᠬᠠᠷᠢᠭᠤᠴᠠᠵᠤ᠂ ᠴᠠᠭ ᠠᠭᠤᠷ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠩᠭᠠᠨ᠎ᠠ︔ ᠬᠤᠰᠢᠭᠤᠨ ᠤ ᠴᠠᠭ | ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠪᠠ | ᠳᠠᠭᠤᠰᠬᠠᠬᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠡᠬᠢᠯᠡᠭᠦᠯᠬᠦ ᠪᠠ | ᠳᠠᠭᠤᠰᠬᠠᠬᠤ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠪᠠ ᠰᠠᠨᠠᠭᠤᠯᠭ᠎ᠠ ᠬᠠᠩᠭᠠᠨ᠎ᠠ︔ ᠴᠠᠭ ᠠᠭᠤᠷ ᠤᠨ | ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ᠂ ᠬᠢᠨᠠᠨ ᠬᠠᠷᠭᠤᠭᠤᠯᠬᠤ ᠪᠠ ᠳᠡᠭᠡᠭᠰᠢ ᠮᠡᠳᠡᠭᠦᠯᠬᠦ ᠠᠵᠢᠯ ᠢ ᠵᠣᠬᠢᠶᠠᠨ | ᠪᠠᠶᠢᠭᠤᠯᠬᠤ ᠶᠢ ᠬᠠᠷᠢᠭᠤᠴᠠᠨ᠎ᠠ︔ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠵᠢᠯᠣᠭᠤᠳᠬᠤ | ᠭᠠᠵᠠᠷ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | ︵2︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠵᠢᠴᠢ ᠡᠯ᠎ᠡ ᠰᠤᠮᠤ ᠪᠠᠯᠭᠠᠰᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ ᠵᠣᠬᠢᠴᠠᠭᠤᠯᠤᠨ᠎ᠠ︔ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠡᠩᠨᠡᠭᠡ ᠶᠢ ᠨᠢᠭᠡᠳᠦᠯᠲᠡᠢ ᠲᠥᠯᠥᠪᠯᠡᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠴᠢ ᠭᠠᠮᠰᠢᠭ ᠠᠴᠠ | ᠠᠪᠤᠷᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ︔ ᠪᠦᠬᠦ ᠬᠤᠰᠢᠭᠤᠨ ᠤ ᠣᠢ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ᠎ᠠ︔ | ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠶᠢᠨ ᠬᠠᠮᠲᠤ ᠬᠤᠪᠢᠶᠠᠷᠢᠯᠠᠨ ᠰᠢᠯᠵᠢᠭᠦᠯᠦᠨ ᠬᠡᠷᠡᠭᠯᠡᠬᠦ | ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ︔ ᠭᠠᠮᠰᠢᠭ ᠤᠨ ᠪᠠᠶᠢᠳᠠᠯ ᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ᠂ | ᠭᠠᠮᠰᠢᠭ ᠤᠨ ᠪᠠᠶᠢᠳᠠᠯ ᠢ ᠴᠠᠭ ᠲᠤᠬᠠᠢ ᠳᠤᠨᠢ ᠨᠡᠪᠲᠡᠷᠡᠭᠦᠯᠦᠨ᠎ᠡ᠃ | ︵3︶ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠭᠠᠮᠰᠢᠭ ᠤᠨ ᠳᠠᠷᠠᠭ᠎ᠠ ᠰᠡᠷᠭᠦᠭᠡᠬᠦ ᠪᠠ ᠳᠠᠬᠢᠨ | ᠪᠠᠶᠢᠭᠤᠯᠬᠤ ᠲᠥᠰᠦᠯ ᠢ ᠲᠦᠷᠦᠭᠦᠯᠡᠨ ᠲᠣᠭᠲᠠᠭᠠᠨ᠎ᠠ ᠤᠯᠤᠰ ᠤᠨ ᠭᠠᠮᠰᠢᠭ ᠢ ᠰᠡᠷᠭᠦᠭᠡᠵᠦ ᠳᠠᠬᠢᠨ ᠪᠠᠶᠢᠭᠤᠯᠬᠤ | ᠲᠥᠷᠥᠯ ᠵᠦᠢᠯ ᠤᠨ ᠪᠡᠯᠡ ᠮᠥᠩᠭᠦ ᠶᠢ ᠲᠡᠮᠡᠴᠡᠨ ᠣᠯᠤᠨ᠎ᠠ ᠠᠶᠤᠯ ᠭᠠᠮᠰᠢᠭ ᠠᠴᠠ ᠠᠪᠤᠷᠠᠬᠤ ᠴᠢᠬᠤᠯᠠ ᠡᠳ᠋ ᠪᠠᠷᠠᠭ᠎ᠠ | ᠪᠠ ᠭᠠᠮᠰᠢᠭᠳᠠᠭᠰᠠᠨ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠦᠨ᠎ᠡ ᠬᠠᠩᠰᠢ ᠶᠢ | ᠲᠣᠬᠢᠷᠠᠭᠤᠯᠤᠨ ᠡᠵᠡᠮᠳᠡᠨ᠎ᠡ᠃ | ︵4︶ ᠡᠳ᠋ ᠤᠨ ᠵᠠᠰᠠᠭ ᠤᠨ ᠲᠣᠪᠴᠢᠶ᠎ᠠ᠄ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡ ᠮᠥᠩᠭᠦ ᠴᠤᠭᠯᠠᠭᠤᠯᠬᠤ᠂ ᠲᠣᠬᠢᠷᠠᠭᠤᠯᠬᠤ᠂ ᠰᠠᠯᠭᠠᠨ | ᠥᠭᠬᠦ ᠪᠠ ᠬᠡᠷᠡᠭᠯᠡᠬᠦ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵5︶ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠠᠶᠤᠯ ᠭᠠᠮᠰᠢᠭ ᠠᠴᠠ ᠠᠪᠤᠷᠠᠬᠤ | ᠷᠠᠳᠢᠣ᠋ ᠶᠢᠨ ᠲᠤᠰᠬᠠᠢ ᠬᠡᠷᠡᠭᠯᠡᠬᠦ ᠲᠤᠬᠢᠶ᠎ᠠ ᠶᠢ ᠵᠣᠬᠢᠴᠠᠭᠤᠯᠬᠤ ᠶᠢ ᠬᠠᠷᠢᠭᠤᠴᠠᠨ᠎ᠠ︔ ᠠᠵᠤ ᠦᠢᠯᠡᠳᠪᠦᠷᠢ ᠶᠢᠨ | ᠲᠥᠯᠥᠪᠵᠢᠭᠦᠯᠭᠡ ᠶᠢ ᠲᠣᠭᠲᠠᠭᠠᠬᠤ᠂ ᠠᠵᠤ ᠦᠢᠯᠡᠰ ᠤᠨ ᠪᠠᠶᠢᠷᠢᠰᠢᠭᠤᠯᠤᠯ ᠢ ᠲᠥᠯᠥᠪᠯᠡᠬᠦ ᠪᠠ ᠠᠵᠤ | ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠤᠨ ᠳᠤᠮᠳᠠ | ᠠᠭᠤᠷ ᠠᠮᠢᠰᠬᠤᠯ ᠤᠨ ᠬᠤᠪᠢᠷᠠᠯᠲᠠ ᠪᠣᠯᠤᠨ ᠴᠠᠭ ᠠᠭᠤᠷ ᠤᠨ ᠭᠠᠮᠰᠢᠭ ᠤᠨ ᠨᠥᠯᠥᠭᠡ ᠶᠢ ᠠᠷᠭᠠᠴᠠᠬᠤ ᠶᠢ | ᠬᠠᠷᠢᠭᠤᠴᠠᠨ᠎ᠠ︔ ᠠᠪᠤᠷᠠᠨ ᠲᠤᠰᠠᠯᠠᠬᠤ ᠪᠠ ᠭᠠᠮᠰᠢᠭ ᠤᠨ ᠳᠠᠷᠠᠭ᠎ᠠ ᠬᠡᠷᠡᠭᠰᠡᠬᠦ ᠲᠡᠮᠦᠷ ᠵᠠᠮ ᠤᠨ ᠲᠡᠭᠡᠭᠡᠪᠦᠷᠢ ᠶᠢᠨ | ᠬᠦᠴᠦᠨ ᠢ ᠵᠣᠬᠢᠴᠠᠭᠤᠯᠤᠨ ᠪᠠᠲᠤᠯᠠᠬᠤ ᠠᠵᠢᠯ ᠢ ᠬᠠᠷᠢᠭᠤᠴᠠᠨ᠎ᠠ︔ ᠲᠤᠰ ᠭᠠᠵᠠᠷ ᠤᠨ ᠠᠪᠤᠷᠠᠨ ᠲᠤᠰᠠᠯᠠᠬᠤ ᠡᠳ᠋ | ᠪᠣᠳᠠᠰ ᠦᠢᠯᠡᠳᠪᠦᠷᠢᠯᠡᠬᠦ ᠠᠵᠤ ᠠᠬᠤᠶᠢᠯᠠᠯ ᠤᠨ ᠦᠢᠯᠡᠳᠪᠦᠷᠢᠯᠡᠯ ᠢ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ | ︵6︶ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠴᠠᠭ ᠠᠭᠤᠷ ᠤᠨ ᠭᠠᠮᠰᠢᠭ ᠡᠭᠦᠰᠬᠦ ᠪᠤᠶᠤ ᠨᠥᠯᠥᠭᠡᠯᠡᠭᠳᠡᠬᠦ | ᠣᠷᠣᠨ ᠪᠦᠰᠡ ᠶᠢᠨ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠬᠤ ᠪᠠ ᠵᠠᠮ ᠬᠠᠷᠢᠯᠴᠠᠭᠠᠨ ᠤ ᠵᠠᠬᠢᠷᠤᠨ | ᠬᠠᠮᠢᠶᠠᠷᠤᠯᠲᠠ ᠶᠢ ᠪᠠᠲᠤᠯᠠᠬᠤ ᠶᠢ ᠬᠠᠷᠢᠭᠤᠴᠠᠵᠤ᠂ ᠭᠠᠮᠰᠢᠭᠳᠠᠭᠰᠠᠨ ᠬᠥᠮᠦᠰ ᠢ ᠬᠠᠪᠰᠤᠷᠤᠨ ᠠᠮᠤᠷ ᠲᠦᠪᠰᠢᠨ᠂ | ᠲᠦᠷᠭᠡᠨ ᠰᠢᠯᠵᠢᠭᠦᠯᠦᠨ᠎ᠡ᠃ | ︵7︶ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠄ ᠬᠡᠷᠡᠭ ᠭᠠᠷᠤᠭᠰᠠᠨ ᠭᠠᠵᠠᠷ ᠤᠨ ᠣᠷᠴᠢᠨ | ᠲᠣᠭᠤᠷᠢᠨ ᠤ ᠪᠠᠴᠢᠮ ᠪᠠᠶᠢᠳᠠᠯ ᠢ ᠠᠷᠭᠠᠴᠠᠨ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠬᠠᠷᠢᠭᠤᠴᠠᠵᠤ᠂ | ᠣᠷᠴᠢᠨ ᠲᠣᠭᠤᠷᠢᠨ ᠤ ᠬᠢᠨᠠᠨ ᠬᠡᠮᠵᠢᠯᠲᠡ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠩᠭᠠᠬᠤ ᠪᠠ | ᠰᠣᠯᠢᠯᠴᠠᠵᠤ᠂ ᠴᠠᠭ ᠠᠭᠤᠷ ᠤᠨ ᠲᠣᠪᠴᠢᠶ᠎ᠠ ᠯᠤᠭ᠎ᠠ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ | ᠮᠡᠳᠡᠭᠡᠯᠡᠬᠦ ᠶᠢ ᠵᠥᠪᠳᠡᠯᠴᠡᠬᠦ ᠳᠦᠷᠢᠮ ᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠪᠣᠬᠢᠷᠲᠤᠯ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵8︶ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠭᠠᠵᠠᠷ ᠰᠢᠨᠵᠢᠯᠡᠭᠡᠨ ᠤ ᠭᠠᠮᠰᠢᠭ ᠠᠮᠠᠷᠬᠠᠨ ᠡᠭᠦᠰᠬᠦ | ᠣᠷᠣᠨ ᠤ ᠲᠠᠷᠬᠠᠯᠲᠠ ᠶᠢᠨ ᠵᠢᠷᠤᠭ ᠬᠠᠩᠭᠠᠬᠤ ᠶᠢ ᠬᠠᠷᠢᠭᠤᠴᠠᠵᠤ᠂ ᠴᠠᠭ ᠠᠭᠤᠷ ᠤᠨ ᠭᠠᠮᠰᠢᠭ ᠠᠴᠠ ᠪᠣᠯᠤᠭᠰᠠᠨ | ᠭᠠᠵᠠᠷ ᠰᠢᠨᠵᠢᠯᠡᠭᠡᠨ ᠤ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠬᠠᠷᠢᠭᠤᠴᠠᠨ᠎ᠠ᠃ ᠭᠡᠨᠡᠳᠲᠡ ᠶᠢᠨ | ᠭᠠᠵᠠᠷ ᠤᠨ ᠭᠠᠢ ᠭᠠᠮᠰᠢᠭ ᠲᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠦᠯ ᠳᠤᠷᠠᠳᠴᠤ᠂ ᠬᠠᠮᠢᠶ᠎ᠠ | ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠮᠡᠳᠡᠭᠡᠯᠡᠬᠦ ᠬᠡᠷᠡᠭᠲᠡᠢ᠃ | ︵9︶ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ ᠣᠢ ᠰᠢᠭᠤᠢ ᠨᠤᠲᠤᠭ ᠪᠡᠯᠴᠢᠭᠡᠷ ᠤᠨ | ᠭᠠᠮᠰᠢᠭ ᠤᠨ ᠨᠥᠯᠥᠭᠡ ᠶᠢ ᠲᠥᠷᠥᠯ ᠬᠤᠪᠢᠶᠠᠭᠰᠠᠨ ᠮᠡᠳᠡᠭᠡ ᠵᠠᠩᠭᠢ ᠪᠠ ᠣᠢ ᠰᠢᠭᠤᠢ ᠨᠤᠲᠤᠭ ᠪᠡᠯᠴᠢᠭᠡᠷ ᠤᠨ | ᠭᠠᠯ ᠤᠨ ᠭᠠᠮᠰᠢᠭ ᠡᠭᠦᠰᠴᠦ᠂ ᠬᠥᠭᠵᠢᠯᠲᠡ ᠶᠢᠨ ᠬᠥᠳᠡᠯᠦᠩᠭᠦᠢ ᠮᠡᠳᠡᠭᠡ ᠵᠠᠩᠭᠢ ᠬᠠᠩᠭᠠᠬᠤ ᠶᠢ ᠬᠠᠷᠢᠭᠤᠴᠠᠨ᠎ᠠ︔ | ᠣᠢ ᠰᠢᠭᠤᠢ ᠨᠤᠲᠤᠭ ᠪᠡᠯᠴᠢᠭᠡᠷ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂ ᠭᠠᠯ ᠤᠨᠲᠠᠷᠠᠭᠠᠬᠤ ᠪᠠ | ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ᠂ ᠭᠠᠮᠰᠢᠭᠳᠠᠭᠰᠠᠨ ᠣᠷᠣᠨ ᠤ ᠣᠢ ᠰᠢᠭᠤᠢ ᠨᠤᠲᠤᠭ ᠪᠡᠯᠴᠢᠭᠡᠷ ᠢ | ᠰᠡᠷᠭᠦᠭᠡᠬᠦ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠤᠨ ᠠᠵᠢᠯ ᠢ ᠬᠠᠪᠰᠤᠷᠤᠨ ᠵᠢᠯᠣᠭᠤᠳᠤᠨ᠎ᠠ᠃ | ︵10︶ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠴᠠᠭ ᠠᠭᠤᠷ ᠤᠨ ᠭᠠᠮᠰᠢᠭ ᠡᠭᠦᠰᠬᠦ | ᠬᠤᠭᠤᠴᠠᠭᠠᠨ ᠳᠠᠬᠢ ᠪᠦᠬᠦ ᠬᠤᠰᠢᠭᠤᠨ ᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠦᠴᠦᠨ ᠢ | ᠪᠠᠲᠤᠯᠠᠬᠤ ᠶᠢ ᠬᠠᠷᠢᠭᠤᠴᠠᠨ᠎ᠠ︔ ᠴᠠᠭ ᠠᠭᠤᠷ ᠤᠨ ᠭᠠᠮᠰᠢᠭ ᠠᠴᠠ ᠪᠣᠯᠤᠭᠰᠠᠨ ᠵᠠᠰᠠᠮᠠᠯ ᠵᠠᠮ ᠪᠠ ᠬᠤᠯᠪᠣᠭᠳᠠᠯ | ᠪᠦᠬᠦᠢ ᠲᠥᠬᠦᠭᠡᠷᠦᠮᠵᠢ ᠶᠢ ᠰᠡᠷᠭᠦᠭᠡᠵᠦ᠂ ᠵᠠᠰᠠᠮᠠᠯ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠪᠠᠴᠢᠮ | ᠪᠠᠶᠢᠳᠠᠯ ᠢ ᠠᠷᠭᠠᠴᠠᠬᠤ ᠲᠡᠭᠡᠭᠡᠪᠦᠷᠢ ᠶᠢᠨ ᠲᠡᠷᠭᠡ ᠬᠥᠰᠬᠡ ᠶᠢ ᠬᠠᠮᠵᠢᠨ ᠠᠶᠤᠯ ᠠᠴᠠ ᠠᠪᠤᠷᠠᠨ ᠲᠤᠰᠠᠯᠠᠬᠤ ᠬᠥᠮᠦᠰ᠂ | ᠡᠳ᠋ ᠪᠣᠳᠠᠰ ᠪᠠ ᠭᠠᠮᠰᠢᠭᠳᠠᠭᠰᠠᠨ ᠠᠷᠠᠳ ᠢ ᠲᠠᠷᠬᠠᠭᠠᠬᠤ ᠲᠡᠭᠡᠭᠡᠪᠦᠷᠢ ᠶᠢᠨ ᠠᠵᠢᠯ ᠢ ᠰᠠᠶᠢᠲᠤᠷ ᠬᠢᠨ᠎ᠡ᠃ | ︵11︶ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠄ ᠴᠠᠭ ᠠᠭᠤᠷ ᠤᠨ ᠰᠠᠯᠠᠭ᠎ᠠ | ᠮᠥᠴᠢᠷ ᠯᠦᠭᠡ ᠨᠡᠪᠲᠡᠷᠡᠯᠴᠡᠨ ᠵᠣᠬᠢᠴᠠᠭᠤᠯᠬᠤ ᠶᠢ ᠬᠠᠷᠢᠭᠤᠴᠠᠵᠤ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ | ᠵᠡᠷᠭᠡ ᠲᠠᠯᠠᠪᠤᠷ ᠭᠠᠵᠠᠷ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ︔ | ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ | ᠤᠯᠠᠮᠵᠢᠯᠠᠬᠤ ᠶᠢ ᠬᠠᠷᠢᠭᠤᠴᠠᠨ᠎ᠠ︔ ᠬᠦᠨᠳᠦ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ ᠢ ᠴᠠᠭ ᠠᠭᠤᠷ ᠤᠨ | ᠪᠠᠶᠢᠳᠠᠯ ᠢ ᠦᠨᠳᠦᠰᠦᠯᠡᠨ ᠤᠷᠤᠯᠳᠤᠭᠠᠨ ᠤ ᠴᠠᠭ ᠪᠤᠶᠤ ᠲᠠᠯᠠᠪᠤᠷ ᠭᠠᠵᠠᠷ ᠲᠤ ᠴᠠᠭ ᠲᠤᠬᠠᠢ ᠳᠤᠨᠢ | ᠲᠣᠬᠢᠷᠠᠭᠤᠯᠤᠯᠲᠠ ᠬᠢᠨ᠎ᠡ᠃ | ︵12︶ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠲᠠᠷᠢᠶᠠᠯᠠᠩ | ᠮᠠᠯ ᠠᠵᠤ ᠠᠬᠤᠢ ᠶᠢᠨ ᠭᠠᠮᠰᠢᠭ ᠢ ᠨᠥᠯᠥᠭᠡᠯᠡᠬᠦ ᠲᠠᠷᠬᠠᠯᠲᠠ ᠶᠢᠨ ᠮᠡᠳᠡᠭᠡ ᠵᠠᠩᠭᠢ ᠬᠠᠩᠭᠠᠬᠤ ᠶᠢ ᠬᠠᠷᠢᠭᠤᠴᠠᠨ | ᠬᠠᠩᠭᠠᠨ᠎ᠠ︔ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠵᠢᠴᠢ ᠡᠭᠦᠰᠦᠭᠰᠡᠨ ᠭᠠᠮᠰᠢᠭ ᠢ | ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠵᠤ᠂ ᠲᠠᠷᠢᠶᠠᠴᠢᠨ ᠮᠠᠯᠴᠢᠳ ᠢ ᠬᠠᠪᠰᠤᠷᠤᠨ ᠵᠢᠯᠣᠭᠤᠳᠴᠤ ᠪᠠᠶᠢᠭᠠᠳ | ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠨᠢ ᠰᠡᠷᠭᠦᠭᠡᠬᠦ ᠬᠡᠷᠡᠭᠲᠡᠢ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ ᠪᠦᠬᠦ ᠬᠤᠰᠢᠭᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢ ᠬᠠᠷᠢᠭᠤᠴᠠᠨ᠎ᠠ᠃ ᠴᠠᠭ | ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠠᠭ ᠠᠭᠤᠷ ᠤᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠤᠨ | ᠬᠡᠷᠡᠭᠯᠡᠬᠦ ᠶᠢ ᠠᠬᠢᠭᠤᠯᠤᠨ᠎ᠠ᠃ | ︵13︶ ᠤᠰᠤᠨ ᠠᠰᠢᠭᠯᠠᠯᠲᠠ ᠶᠢᠨ ᠲᠣᠪᠴᠢᠶ᠎ᠠ᠄ ᠣᠷᠣᠨ ᠪᠦᠰᠡ ᠶᠢᠨ ᠳᠣᠲᠣᠷᠠᠬᠢ ᠭᠤᠣᠯ ᠮᠥᠷᠡᠨ᠂ | ᠤᠰᠤᠨ ᠣᠷᠣᠨ᠂ ᠤᠰᠤᠨ ᠴᠥᠭᠦᠷᠥᠮ ᠤᠨ ᠲᠠᠷᠬᠠᠯᠲᠠ ᠶᠢᠨ ᠮᠡᠳᠡᠭᠡ ᠵᠠᠩᠭᠢ ᠬᠠᠩᠭᠠᠬᠤ ᠶᠢ ᠬᠠᠷᠢᠭᠤᠴᠠᠨ᠎ᠠ︔ | ᠭᠠᠩ ᠤᠰᠤᠲᠤᠯ ᠤᠨ ᠭᠠᠮᠰᠢᠭ ᠵᠡᠷᠭᠡ ᠭᠠᠮᠰᠢᠭ ᠤᠨ ᠪᠠᠶᠢᠳᠠᠯ ᠤᠨ ᠲᠠᠷᠬᠠᠯᠲᠠ ᠶᠢᠨ ᠮᠡᠳᠡᠭᠡ ᠵᠠᠩᠭᠢ ᠶᠢ ᠬᠠᠷᠢᠭᠤᠴᠠᠨ | ᠬᠠᠩᠭᠠᠨ᠎ᠠ︔ ᠴᠠᠭ ᠠᠭᠤᠷ ᠤᠨ ᠭᠠᠮᠰᠢᠭ ᠡᠭᠦᠰᠬᠦ ᠦᠶ᠎ᠡ ᠳᠤ᠂ ᠭᠤᠣᠯ ᠮᠥᠷᠡᠨ᠂ ᠤᠰᠤᠨ ᠴᠥᠭᠦᠷᠥᠮ ᠵᠡᠷᠭᠡ | ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠪᠡᠯᠡᠳᠬᠡᠮᠵᠢ ᠶᠢᠨ ᠴᠠᠭ ᠠᠭᠤᠷ ᠤᠨ ᠭᠠᠮᠰᠢᠭ ᠤᠨ ᠨᠥᠯᠥᠭᠡ ᠠᠴᠠ ᠵᠠᠶᠢᠯᠠᠬᠤ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ | ︵14︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠴᠠᠭ ᠠᠭᠤᠷ ᠤᠨ ᠭᠠᠮᠰᠢᠭ ᠭᠠᠷᠤᠭᠰᠠᠨ ᠭᠠᠵᠠᠷ | ᠪᠤᠶᠤ ᠨᠥᠯᠥᠭᠡᠯᠡᠬᠦ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠰᠢᠷᠬᠠᠲᠤᠭᠰᠠᠳ ᠢ ᠠᠪᠤᠷᠠᠨ | ᠡᠮᠨᠡᠬᠦ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠪᠠ ᠡᠷᠡᠭᠦᠯ ᠮᠡᠨᠳᠦ ᠶᠢᠨ ᠬᠥᠮᠦᠵᠢᠯ᠂ ᠠᠶᠤᠯ ᠲᠦᠭᠰᠢᠭᠦᠷᠢ ᠶᠢ | ᠨᠡᠪᠲᠡᠷᠡᠯᠴᠡᠬᠦ ᠵᠡᠷᠭᠡ ᠪᠠᠴᠢᠮ ᠠᠨᠠᠭᠠᠬᠤ ᠤᠬᠠᠭᠠᠨ ᠤ ᠠᠪᠤᠷᠠᠨ ᠲᠤᠰᠠᠯᠠᠬᠤ ᠵᠢᠴᠢ ᠪᠠᠲᠤᠯᠠᠬᠤ ᠠᠵᠢᠯ ᠥᠷᠨᠢᠭᠦᠯᠬᠦ ᠶᠢ | ᠬᠠᠷᠢᠭᠤᠴᠠᠨ᠎ᠠ᠃ | ︵15︶ ᠰᠤᠷᠭᠠᠨ ᠬᠥᠮᠦᠵᠢᠯ ᠤᠨ ᠲᠣᠪᠴᠢᠶ᠎ᠠ᠄ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ | ᠰᠤᠷᠤᠭᠴᠢᠳ ᠲᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ | ᠠᠷᠭᠠᠴᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠬᠢᠬᠦ ᠶᠢ ᠬᠠᠷᠢᠭᠤᠴᠠᠨ ᠵᠢᠯᠣᠭᠤᠳᠤᠨ᠎ᠠ︔ ᠳᠤᠮᠳᠠᠳᠤ | ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ ᠢ ᠰᠢᠮᠳᠠᠭᠤᠯᠤᠨ ᠵᠢᠯᠣᠭᠤᠳᠤᠨ᠎ᠠ᠃︶ ᠡᠯ᠎ᠡ ᠰᠤᠮᠤ ᠪᠠᠯᠭᠠᠰᠤᠨ ᠤ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠰᠤᠷᠭᠠᠭᠤᠯᠢ ᠶᠢᠨ ᠭᠠᠮᠰᠢᠭ ᠠᠴᠠ ᠡᠮᠦᠨᠡᠬᠢ | ᠤᠷᠢᠳᠴᠢᠯᠠᠨ ᠰᠡᠷᠭᠡᠶᠢᠯᠡᠬᠦ ᠪᠠ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠰᠤᠷᠤᠭᠴᠢ᠂ ᠪᠠᠭᠰᠢ | ᠠᠵᠢᠯᠲᠠᠨ ᠠᠵᠢᠯᠴᠢᠨ ᠤ ᠠᠶᠤᠯ ᠠᠴᠠ ᠪᠠᠴᠢᠮ ᠵᠠᠶᠢᠯᠠᠬᠤ ᠪᠠ ᠲᠠᠷᠬᠠᠭᠠᠬᠤ ᠲᠥᠰᠦᠯ ᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠠᠭ ᠠᠭᠤᠷ ᠤᠨ ᠭᠠᠮᠰᠢᠭ ᠤᠨ ᠬᠢᠴᠢᠶᠡᠯ ᠵᠣᠭᠰᠣᠬᠤ ᠪᠠᠷᠢᠮᠵᠢᠶ᠎ᠠ ᠶᠢ | ᠲᠣᠳᠣᠷᠬᠠᠶᠢᠯᠠᠵᠤ᠂ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠬᠦ ᠪᠠᠶᠢᠳᠠᠯ ᠢ ᠦᠨᠳᠦᠰᠦᠯᠡᠨ ᠳᠤᠮᠳᠠᠳᠤ ᠪᠠᠭ᠎ᠠ | ᠰᠤᠷᠭᠠᠭᠤᠯᠢ ᠶᠢ ᠵᠣᠬᠢᠶᠠᠨ ᠪᠠᠶᠢᠭᠤᠯᠤᠨ ᠬᠢᠴᠢᠶᠡᠯ ᠵᠣᠭᠰᠣᠭᠠᠨ᠎ᠠ᠃ | ︵16︶ ᠬᠠᠤᠯᠢ ᠴᠠᠭᠠᠵᠠ ᠶᠢᠨ ᠲᠣᠪᠴᠢᠶ᠎ᠠ᠄ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠬᠠᠤᠯᠢ ᠴᠠᠭᠠᠵᠠ᠂ | ᠬᠠᠤᠯᠢ ᠲᠣᠭᠲᠠᠭᠠᠯ ᠢ ᠠᠷᠠᠳ ᠢᠷᠭᠡᠳ ᠤᠨ ᠬᠠᠤᠯᠢ ᠲᠦᠭᠡᠮᠡᠯᠵᠢᠭᠦᠯᠬᠦ ᠴᠢᠬᠤᠯᠠ ᠠᠭᠤᠯᠭ᠎ᠠ ᠳᠤ ᠣᠷᠣᠭᠤᠯᠵᠤ᠂ | ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠥᠷᠭᠡᠨ ᠢᠶᠠᠷ | ᠤᠬᠠᠭᠤᠯᠬᠤ ᠶᠢ ᠬᠠᠷᠢᠭᠤᠴᠠᠨ᠎ᠠ᠃ | ︵17︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠡᠯ᠎ᠡ | ᠭᠠᠵᠠᠷ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ᠄ ᠴᠠᠭ ᠠᠭᠤᠷ ᠤᠨ ᠰᠠᠯᠠᠭ᠎ᠠ ᠮᠥᠴᠢᠷ ᠲᠠᠢ ᠬᠠᠮᠵᠢᠯᠴᠠᠨ ᠭᠡᠷ ᠪᠠᠶᠢᠰᠢᠩ ᠤᠨ ᠪᠠᠷᠢᠯᠭ᠎ᠠ | ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠪᠡᠯᠡᠳᠬᠡᠮᠵᠢ ᠶᠢ ᠪᠠᠶᠢᠴᠠᠭᠠᠬᠤ ᠪᠠ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ | ︵18︶ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠄ ᠭᠠᠯ ᠤᠨᠲᠠᠷᠠᠭᠠᠵᠤ ᠠᠪᠤᠷᠠᠨ ᠲᠤᠰᠠᠯᠠᠬᠤ | ᠡᠩᠨᠡᠭᠡ ᠶᠢ ᠵᠣᠬᠢᠶᠠᠨ ᠪᠠᠶᠢᠭᠤᠯᠬᠤ ᠪᠠ ᠵᠢᠯᠣᠭᠤᠳᠴᠤ ᠪᠠᠶᠢᠭᠠᠳ ᠠᠶᠤᠯ ᠠᠴᠠ ᠠᠪᠤᠷᠠᠨ ᠲᠤᠰᠠᠯᠠᠬᠤ ᠠᠵᠢᠯ ᠳᠤ | ᠣᠷᠣᠯᠴᠠᠭᠤᠯᠬᠤ ᠬᠡᠷᠡᠭᠲᠡᠢ︔ ᠣᠷᠣᠨ ᠨᠤᠲᠤᠭ ᠤᠨ ᠵᠠᠰᠠᠭ ᠤᠨ ᠣᠷᠳᠣᠨ ᠢ ᠬᠠᠮᠵᠢᠨ ᠠᠶᠤᠯ ᠳᠤ ᠲᠤᠯᠭᠠᠷᠠᠭᠰᠠᠨ | ᠣᠯᠠᠨ ᠲᠦᠮᠡᠨ ᠢ ᠲᠠᠷᠬᠠᠭᠠᠬᠤ ᠪᠠ ᠠᠪᠤᠷᠠᠬᠤ ᠬᠡᠷᠡᠭᠲᠡᠢ᠃ | ︵19︶ ᠬᠠᠮ ᠵᠠᠭᠤᠴᠢᠯᠠᠭᠤᠷ ᠤᠨ ᠲᠥᠪ᠄ ᠬᠤᠯᠪᠣᠭᠳᠠᠯ ᠪᠦᠬᠦᠢ ᠷᠠᠳᠢᠣ᠋ ᠨᠡᠪᠲᠡᠷᠡᠭᠦᠯᠭᠡ᠂ ᠲᠧᠯᠸᠢᠰ ᠤᠨ | ᠤᠬᠠᠭᠤᠯᠤᠨ ᠳᠠᠶᠢᠴᠢᠯᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠪᠠ ᠰᠣᠨᠢᠨ | ᠮᠡᠳᠡᠭᠡᠨ ᠤ ᠮᠡᠳᠡᠭᠡᠯᠡᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠴᠠᠭ ᠠᠭᠤᠷ ᠤᠨ ᠭᠠᠮᠰᠢᠭ ᠢ ᠤᠷᠢᠳᠴᠢᠯᠠᠨ | ᠮᠡᠳᠡᠭᠡᠯᠡᠬᠦ᠂ ᠰᠡᠷᠡᠮᠵᠢᠯᠡᠭᠦᠯᠬᠦ ᠵᠡᠷᠭᠡ ᠴᠠᠭ ᠠᠭᠤᠷ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ | ᠭᠡᠨᠡᠳᠲᠡ ᠶᠢᠨ ᠬᠦᠨᠳᠦ ᠶᠡᠭᠡ ᠴᠠᠭ ᠠᠭᠤᠷ ᠤᠨ ᠭᠠᠮᠰᠢᠭ ᠲᠣᠬᠢᠶᠠᠯᠳᠤᠪᠠᠯ᠂ ᠰᠡᠷᠡᠮᠵᠢᠯᠡᠭᠦᠯᠬᠦ ᠮᠡᠳᠡᠭᠡ ᠵᠠᠩᠭᠢ ᠶᠢ | ᠴᠠᠭ ᠲᠤᠬᠠᠢ ᠳᠤᠨᠢ ᠲᠧᠯᠸᠢᠰ ᠢᠶᠠᠷ ᠬᠠᠪᠴᠢᠭᠤᠯᠤᠨ ᠨᠡᠪᠲᠡᠷᠡᠭᠦᠯᠦᠨ᠎ᠡ᠃ | ︵20︶ ᠠᠷᠠᠳ ᠤᠨ ᠶᠠᠪᠤᠳᠠᠯ ᠤᠨ ᠲᠣᠪᠴᠢᠶ᠎ᠠ᠄ ᠲᠤᠰᠠᠯᠠᠮᠵᠢ ᠭᠤᠶᠤᠴᠢᠯᠠᠵᠤ ᠲᠥᠪᠬᠢᠨᠡᠭᠦᠯᠬᠦ | ᠬᠤᠯᠪᠣᠭᠳᠠᠯ ᠪᠦᠬᠦᠢ ᠭᠠᠵᠠᠷ ᠤᠨ ᠨᠡᠭᠡᠭᠡᠯᠲᠡ ᠬᠢᠬᠦ ᠶᠢ ᠵᠣᠬᠢᠶᠠᠨ ᠪᠠᠶᠢᠭᠤᠯᠵᠤ᠂ ᠣᠨᠴᠣᠭᠤᠢ ᠬᠥᠮᠦᠰ ᠢ ᠠᠪᠤᠷᠠᠨ | ᠲᠤᠰᠠᠯᠠᠬᠤ ᠶᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠶᠢ ᠬᠠᠷᠢᠭᠤᠴᠠᠨ᠎ᠠ᠃ | ︵21︶ ᠨᠢᠭᠡᠳᠦᠮᠡᠯ ᠬᠤᠯᠪᠣᠭ᠎ᠠ ᠶᠢᠨ ᠺᠣᠮᠫᠠᠨᠢ᠄ ᠰᠢᠯᠵᠢᠮᠡᠯ ᠬᠤᠯᠪᠣᠭᠠᠨ ᠤ ᠺᠣᠮᠫᠠᠨᠢ᠂ ᠴᠠᠬᠢᠯᠭᠠᠨ | ᠬᠤᠯᠪᠣᠭᠠᠨ ᠤ ᠺᠣᠮᠫᠠᠨᠢ᠄ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠠᠭᠠᠳ ᠦᠭᠡᠢ | ᠨᠡᠪᠲᠡᠷᠡᠬᠦ ᠵᠠᠮ ᠪᠠᠶᠢᠭᠤᠯᠬᠤ ᠶᠢ ᠬᠠᠷᠢᠭᠤᠴᠠᠵᠤ᠂ ᠡᠯ᠎ᠡ ᠵᠦᠢᠯ ᠤᠨ ᠴᠠᠭ ᠠᠭᠤᠷ ᠤᠨ ᠮᠡᠳᠡᠭᠡ ᠵᠠᠩᠭᠢ ᠳᠠᠮᠵᠢᠭᠤᠯᠬᠤ᠂ | ᠮᠡᠳᠡᠭᠦᠯᠦᠨ ᠬᠦᠷᠭᠡᠬᠦ ᠪᠠ ᠨᠡᠶᠢᠲᠡᠯᠡᠬᠦ ᠴᠢᠮᠡᠭᠡ ᠬᠤᠯᠪᠣᠭᠠᠨ ᠤ ᠱᠤᠭᠤᠮ ᠤᠨ ᠰᠠᠭᠠᠳ ᠦᠭᠡᠢ ᠨᠡᠪᠲᠡᠷᠡᠬᠦ ᠶᠢ ᠴᠠᠭ | ᠲᠤᠬᠠᠢ ᠳᠤᠨᠢ ᠪᠠᠲᠤᠯᠠᠬᠤ ᠬᠡᠷᠡᠭᠲᠡᠢ᠃ | ︵22︶ ᠲᠡᠮᠦᠷ ᠰᠤᠪᠤᠷᠭ᠎ᠠ ᠺᠣᠮᠫᠠᠨᠢ᠄ ᠴᠢᠮᠡᠭᠡ ᠬᠤᠯᠪᠣᠭᠠᠨ ᠤ ᠪᠡᠯᠡᠳᠬᠡᠮᠵᠢ ᠶᠢᠨ ᠬᠡᠪ ᠤᠨ ᠠᠵᠢᠯᠯᠠᠭᠠᠨ ᠢ | ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ | ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ | ︵ᠭᠤᠷᠪᠠ︶ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ | ᠴᠠᠭ ᠠᠭᠤᠷ ᠤᠨ ᠲᠣᠪᠴᠢᠶ᠎ᠠ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠲᠥᠪ ᠢ ᠪᠠᠶᠢᠭᠤᠯᠵᠤ᠂ ᠴᠠᠭ ᠠᠭᠤᠷ ᠤᠨ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠰᠦᠯᠵᠢᠶᠡᠨ ᠤ ᠰᠢᠰᠲ᠋ᠧᠮ ᠪᠠ | ᠤᠯᠤᠰ ᠤᠨ ᠣᠯᠠᠨ ᠨᠡᠶᠢᠲᠡ ᠶᠢᠨ ᠴᠢᠮᠡᠭᠡ ᠬᠤᠯᠪᠣᠭᠠᠨ ᠤ ᠰᠦᠯᠵᠢᠶᠡᠨ ᠤ ᠰᠢᠰᠲ᠋ᠧᠮ ᠢᠶᠠᠷ ᠳᠠᠮᠵᠢᠭᠤᠯᠤᠨ ᠴᠠᠭ | ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠵᠢᠯᠣᠭᠤᠳᠤᠨ᠎ᠠ᠃ | ︵ᠳᠥᠷᠪᠡ︶ ᠲᠤᠰᠬᠠᠢ ᠮᠡᠷᠭᠡᠵᠢᠯᠲᠡᠨ ᠤ ᠳᠤᠭᠤᠶᠢᠯᠠᠩ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ | ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠠᠵᠢᠯ ᠤᠨ ᠬᠡᠷᠡᠭᠴᠡᠭᠡ ᠪᠠᠨ | ᠦᠨᠳᠦᠰᠦᠯᠡᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠮᠡᠷᠭᠡᠵᠢᠯᠲᠡᠨ ᠤ | ᠳᠤᠭᠤᠶᠢᠯᠠᠩ ᠪᠠᠶᠢᠭᠤᠯᠵᠤ᠂ ᠬᠠᠮᠢᠶ᠎ᠠ ᠪᠦᠬᠦᠢ ᠯᠠᠪᠯᠠᠭ᠎ᠠ ᠥᠭᠬᠦ᠂ ᠰᠤᠳᠤᠯᠤᠨ ᠮᠠᠭᠠᠳᠯᠠᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ᠃ ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ᠄ | ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠵᠢᠴᠢ ᠰᠢᠢᠳᠪᠦᠷᠢᠯᠡᠬᠦ ᠠᠵᠢᠯ ᠳᠤ | ᠰᠠᠨᠠᠭᠤᠯᠭ᠎ᠠ ᠳᠤᠷᠠᠳᠤᠨ᠎ᠠ︔ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠵᠢᠴᠢ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠮᠡᠷᠭᠡᠵᠢᠯ ᠤᠨ ᠵᠢᠯᠣᠭᠤᠳᠣᠯᠭ᠎ᠠ ᠬᠠᠩᠭᠠᠨ᠎ᠠ︔ ᠣᠯᠠᠨ | ᠨᠡᠶᠢᠲᠡ ᠳᠤ ᠬᠠᠮᠠᠭᠠᠯᠠᠯᠲᠠ ᠶᠢᠨ ᠪᠠ ᠮᠡᠷᠭᠡᠵᠢᠯ ᠤᠨ ᠬᠤᠯᠪᠣᠭᠳᠠᠯ ᠪᠦᠬᠦᠢ ᠵᠥᠪᠯᠡᠯᠭᠡ ᠬᠠᠩᠭᠠᠨ᠎ᠠ︔ ᠬᠤᠰᠢᠭᠤᠨ ᠤ | ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠵᠢᠴᠢ ᠠᠯᠪᠠᠨ ᠭᠡᠷ ᠤᠨ ᠲᠤᠰᠢᠶᠠᠭᠰᠠᠨ ᠪᠤᠰᠤᠳ | ᠠᠵᠢᠯ ᠢ ᠡᠭᠦᠷᠭᠡᠯᠡᠨ᠎ᠡ᠃ | ᠭᠤᠷᠪᠠ᠂ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ | ︵ᠨᠢᠭᠡ︶ ᠪᠠᠴᠢᠮ ᠪᠡᠯᠡᠳᠬᠡᠯ ᠠᠷᠭ᠎ᠠ ᠬᠡᠮᠵᠢᠶ᠎ᠡ | 1. ᠲᠦᠭᠰᠢᠭᠦᠷᠢ ᠶᠢᠨ ᠬᠠᠮᠢᠶᠠᠷᠤᠯᠲᠠ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠴᠠᠭ | ᠠᠭᠤᠷ ᠤᠨ ᠭᠠᠮᠰᠢᠭ ᠤᠨ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ | ᠪᠠᠶᠢᠭᠤᠯᠤᠨ᠂ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ | ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠨᠡᠶᠢᠳᠡᠮ ᠪᠠᠶᠢᠴᠠᠭᠠᠬᠤ᠂ ᠲᠦᠭᠰᠢᠭᠦᠷᠢ ᠶᠢ ᠦᠨᠡᠯᠡᠨ ᠵᠢᠱᠢᠬᠦ ᠪᠠ | ᠲᠦᠭᠰᠢᠭᠦᠷᠢ ᠶᠢᠨ ᠣᠷᠣᠨ ᠤ ᠬᠤᠪᠢᠶᠠᠷᠢᠯᠠᠯ ᠢ ᠵᠣᠬᠢᠶᠠᠨ ᠪᠠᠶᠢᠭᠤᠯᠤᠨ᠂ ᠴᠠᠭ ᠠᠭᠤᠷ ᠤᠨ ᠭᠠᠮᠰᠢᠭ ᠤᠨ ᠰᠠᠭᠤᠷᠢ | ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠪᠦᠷᠢᠨᠰᠢᠭᠦᠯᠵᠦ᠂ ︽ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ ᠴᠠᠭ ᠠᠭᠤᠷ ᠤᠨ ᠰᠠᠯᠠᠭ᠎ᠠ | ᠮᠥᠴᠢᠷ ᠤᠳ ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠰᠡᠷᠡᠮᠵᠢᠯᠡᠭᠦᠯᠬᠦ ᠪᠠ | ᠦᠨᠡᠯᠡᠨ ᠵᠢᠱᠢᠬᠦ ᠠᠵᠢᠯ ᠢᠶᠠᠨ ᠴᠢᠩᠬᠠᠳᠬᠠᠵᠤ᠂ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠮᠡᠳᠡᠭᠡ | ᠵᠠᠩᠭᠢ ᠶᠢ ᠮᠡᠳᠡᠭᠦᠯᠬᠦ᠂ ᠴᠤᠭᠯᠠᠭᠤᠯᠬᠤ᠂ ᠬᠤᠷᠢᠶᠠᠩᠭᠤᠶᠢᠯᠠᠬᠤ ᠪᠠ ᠵᠠᠳᠠᠯᠤᠨ ᠰᠤᠳᠤᠯᠵᠤ ᠮᠠᠭᠠᠳᠯᠠᠬᠤ ᠠᠵᠢᠯ ᠢ | ᠰᠠᠶᠢᠲᠤᠷ ᠬᠢᠬᠦ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ᠂ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠠᠴᠠ ᠡᠮᠦᠨ᠎ᠡ ᠠᠭᠤᠷ ᠠᠮᠢᠰᠬᠤᠯ ᠤᠨ ᠪᠣᠯᠤᠮᠵᠢᠲᠤ ᠨᠤᠲᠠᠯᠠᠯᠲᠠ ᠪᠠ ᠦᠨᠡᠯᠡᠨ ᠵᠢᠱᠢᠯᠲᠡ ᠶᠢ | ᠥᠷᠨᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ | ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃ | 2. ᠪᠠᠴᠢᠮ ᠪᠠᠶᠢᠳᠠᠯ ᠢ ᠠᠷᠭᠠᠴᠠᠨ ᠠᠶᠤᠯ ᠠᠴᠠ ᠵᠠᠶᠢᠯᠠᠭᠤᠯᠬᠤ ᠲᠠᠯᠠᠪᠤᠷ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ | ᠵᠠᠶᠢᠯᠠᠬᠤ ᠭᠠᠵᠠᠷ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠭᠠᠵᠠᠷ ᠲᠠᠯᠠᠪᠤᠷ ᠵᠢᠴᠢ | ᠱᠤᠭᠤᠮ ᠤᠨ ᠲᠡᠮᠳᠡᠭ ᠲᠠᠯᠪᠢᠵᠤ᠂ ᠪᠠᠴᠢᠮ ᠲᠠᠷᠬᠠᠭᠠᠬᠤ ᠠᠷᠭ᠎ᠠ ᠪᠣᠯᠤᠨ ᠳᠡᠰ ᠳᠠᠷᠠᠭᠠᠯᠠᠯ ᠢ ᠲᠣᠭᠲᠠᠭᠠᠨ | ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠡᠭᠦᠰᠬᠦ ᠦᠶ᠎ᠡ ᠳᠤ ᠠᠶᠤᠯ ᠲᠠᠢ ᠣᠷᠣᠨ ᠤ ᠣᠯᠠᠨ ᠲᠦᠮᠡᠨ ᠤ | ᠴᠠᠭ ᠲᠤᠬᠠᠢ ᠳᠤᠨᠢ ᠠᠮᠤᠷ ᠲᠦᠪᠰᠢᠨ ᠵᠠᠶᠢᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ | 3. ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠨ᠎ᠡ | ᠡᠯ᠎ᠡ ᠪᠦᠷᠢᠯᠳᠦᠬᠦᠨ ᠨᠢᠭᠡᠴᠡ ᠨᠦᠭᠦᠳ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠬᠢᠭᠡᠳ ᠮᠡᠳᠡᠭᠡ | ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠢ ᠪᠦᠷᠢᠨᠰᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠶᠣᠰᠣᠭᠠᠷ᠂ ᠬᠢᠨᠠᠨ ᠬᠡᠮᠵᠢᠭᠰᠡᠨ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠴᠢᠩᠭᠠᠳᠬᠠᠬᠤ | ᠬᠡᠷᠡᠭᠲᠡᠢ᠃ ᠴᠠᠭ ᠠᠭᠤᠷ ᠤᠨ ᠭᠠᠮᠰᠢᠭ ᠭᠠᠷᠤᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠪᠠᠴᠢᠮ ᠪᠠᠶᠢᠳᠠᠯ ᠢ | ᠠᠷᠭᠠᠴᠠᠬᠤ ᠶᠢ ᠳᠠᠭᠠᠬᠤ ᠵᠠᠷᠯᠢᠭ ᠢ ᠬᠦᠯᠢᠶᠡᠨ ᠠᠪᠤᠭᠰᠠᠨ ᠤ ᠳᠠᠷᠠᠭ᠎ᠠ᠂ ᠴᠠᠭ ᠲᠤᠬᠠᠢ ᠳᠤᠨᠢ ᠳ᠋ᠢᠶᠠᠩᠬᠤᠸᠠ᠂ ᠹᠠᠺᠰ᠂ | ᠰᠦᠯᠵᠢᠶ᠎ᠡ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠴᠠᠭ ᠠᠭᠤᠷ ᠤᠨ ᠭᠠᠮᠰᠢᠭ ᠤᠨ ᠬᠠᠮᠢᠶ᠎ᠠ ᠪᠦᠬᠦᠢ ᠮᠡᠳᠡᠭᠡ | ᠵᠠᠩᠭᠢ ᠶᠢ ᠴᠤᠭᠯᠠᠭᠤᠯᠬᠤ ᠶᠢᠨ ᠬᠠᠮᠲᠤ ᠴᠠᠭ ᠲᠤᠬᠠᠢ ᠳᠤᠨᠢ ᠬᠤᠰᠢᠭᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃ | ᠳᠥᠷᠪᠡ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ︵ᠨᠢᠭᠡ︶ ᠮᠡᠳᠡᠭᠡ ᠵᠠᠩᠭᠢ ᠶᠢᠨ ᠮᠡᠳᠡᠭᠦᠯᠦᠯᠲᠡ | ᠴᠠᠭ ᠠᠭᠤᠷ ᠤᠨ ᠰᠠᠯᠠᠭ᠎ᠠ ᠮᠥᠴᠢᠷ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠤᠨ | ᠪᠦᠷᠢᠯᠳᠦᠬᠦᠨ ᠨᠢᠭᠡᠴᠡ ᠳᠤ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ | ᠨᠡᠶᠢᠲᠡᠯᠡᠬᠦ ᠶᠢᠨ ᠬᠠᠮᠲᠤ ᠮᠡᠳᠡᠭᠳᠡᠵᠦ᠂ ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ | ᠭᠠᠵᠠᠷ ᠤᠨ ᠪᠦᠷᠢᠯᠳᠦᠬᠦᠨ ᠨᠢᠭᠡᠴᠡ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠴᠠᠭ ᠠᠭᠤᠷ ᠤᠨ ᠭᠠᠮᠰᠢᠭ | ᠡᠭᠦᠰᠦᠭᠰᠡᠨ᠂ ᠬᠥᠭᠵᠢᠭᠰᠡᠨ᠂ ᠬᠤᠬᠢᠷᠠᠯ ᠵᠢᠴᠢ ᠰᠡᠷᠭᠡᠶᠢᠯᠡᠬᠦ ᠵᠡᠷᠭᠡ ᠪᠠᠶᠢᠳᠠᠯ ᠢ ᠴᠤᠭᠯᠠᠭᠤᠯᠬᠤ ᠪᠠ ᠬᠠᠩᠭᠠᠵᠤ᠂ | ᠭᠠᠮᠰᠢᠭ ᠤᠨ ᠪᠠᠶᠢᠳᠠᠯ᠂ ᠲᠦᠭᠰᠢᠭᠦᠷᠢᠲᠦ ᠪᠠᠶᠢᠳᠠᠯ ᠵᠡᠷᠭᠡ ᠶᠢ ᠴᠠᠭ ᠲᠤᠬᠠᠢ ᠳᠤᠨᠢ ᠮᠡᠳᠡᠭᠡ ᠵᠠᠩᠭᠢ ᠶᠢ ᠬᠠᠮᠲᠤᠪᠠᠷ | ᠡᠳ᠋ᠯᠡᠨ᠂ ᠴᠠᠭ ᠲᠤᠬᠠᠢ ᠳᠤᠨᠢ ᠬᠤᠰᠢᠭᠤᠨ ᠤ ᠨᠠᠮ ᠤᠨ ᠬᠤᠷᠢ᠊ ᠡᠶ᠎ᠡ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ | ᠡᠯ᠎ᠡ ᠭᠠᠵᠠᠷ ᠡᠯ᠎ᠡ ᠰᠠᠯᠠᠭ᠎ᠠ ᠮᠥᠴᠢᠷ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠱᠠᠲᠤ ᠳᠠᠷᠠᠭᠠᠯᠠᠨ ᠳᠡᠭᠡᠭᠰᠢ | ᠮᠡᠳᠡᠭᠦᠯᠵᠦ᠂ ᠪᠠᠴᠢᠮ ᠪᠠᠶᠢᠳᠠᠯ ᠤᠨ ᠳᠣᠣᠷ᠎ᠠ ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠵᠢᠯᠣᠭᠤᠳᠬᠤ ᠭᠠᠵᠠᠷ ᠤᠨ ᠠᠯᠪᠠᠨ ᠭᠡᠷ ᠲᠤ ᠰᠢᠭᠤᠳ ᠮᠡᠳᠡᠭᠦᠯᠵᠦ ᠪᠣᠯᠤᠨ᠎ᠠ᠃ | ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠲᠤᠯ ᠢ ᠡᠬᠢᠯᠡᠭᠦᠯᠬᠦ ᠨᠥᠬᠦᠴᠡᠯ | 1. ᠲᠤᠰ ᠪᠡᠯᠡᠳᠬᠡᠯ ᠲᠥᠰᠦᠯ ᠳᠤ ᠲᠣᠭᠲᠠᠭᠠᠭᠰᠠᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ | ᠪᠠᠷᠢᠮᠵᠢᠶ᠎ᠠ ᠳᠤ ᠬᠦᠷᠭᠡᠨ᠎ᠡ︔ | 2. ᠬᠢᠩᠭᠠᠨ ᠠᠶᠢᠮᠠᠭ ᠵᠣᠬᠢᠴᠠᠩᠭᠤᠢ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ | ᠠᠵᠢᠯᠯᠠᠭ᠎ᠠ ᠶᠢ ᠡᠬᠢᠯᠡᠭᠦᠯᠬᠦ ᠨᠢ ᠮᠠᠨ ᠤ ᠬᠤᠰᠢᠭᠤᠨ ᠳᠤ ᠬᠤᠯᠪᠣᠭᠳᠠᠨ᠎ᠠ︔ | 3. ᠴᠠᠭ ᠠᠭᠤᠷ ᠤᠨ ᠭᠠᠮᠰᠢᠭ ᠨᠢ ᠨᠢᠭᠡᠨᠲᠡ ᠠᠵᠤ ᠠᠬᠤᠢ ᠨᠡᠶᠢᠭᠡᠮ᠂ ᠦᠢᠯᠡᠳᠪᠦᠷᠢᠯᠡᠯ ᠠᠮᠢᠳᠤᠷᠠᠯ ᠳᠤ | ᠴᠢᠬᠤᠯᠠ ᠶᠡᠭᠡ ᠨᠥᠯᠥᠭᠡ ᠦᠵᠡᠭᠦᠯᠦᠭᠰᠡᠨ ᠪᠥᠭᠡᠳ ᠦᠷᠭᠦᠯᠵᠢᠯᠡᠨ᠃ | ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠪᠡᠯ᠂ ᠴᠠᠭ ᠠᠭᠤᠷ ᠤᠨ ᠭᠠᠮᠰᠢᠭ ᠤᠨ ᠬᠡᠮᠵᠢᠶ᠎ᠡ ᠪᠠ | ᠬᠡᠪᠴᠢᠶ᠎ᠡ ᠲᠠᠢ ᠤᠶᠠᠯᠳᠤᠭᠤᠯᠤᠨ᠂ ᠵᠢᠴᠢ ᠲᠡᠭᠦᠨ ᠠᠴᠠ ᠡᠭᠦᠰᠦᠭᠰᠡᠨ ᠡᠭᠦᠰᠦᠮᠡᠯ ᠭᠠᠮᠰᠢᠭ ᠤᠨ ᠲᠥᠷᠥᠯ | ᠢᠯᠭᠠᠯ ᠲᠠᠢ ᠤᠶᠠᠯᠳᠤᠭᠤᠯᠤᠨ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠶᠢ ᠡᠬᠢᠯᠡᠭᠦᠯᠦᠭᠰᠡᠨ ᠡᠰᠡᠬᠦ ᠶᠢ | ᠶᠡᠷᠦᠩᠬᠡᠶᠢᠯᠡᠨ ᠰᠤᠳᠤᠯᠤᠨ ᠮᠠᠭᠠᠳᠯᠠᠨ᠎ᠠ᠃ | ᠲᠠᠪᠤ᠂ ᠰᠡᠭᠦᠯᠴᠢ ᠶᠢᠨ ᠬᠤᠭᠤᠴᠠᠭᠠᠨ ᠳᠤ ᠰᠢᠢᠳᠪᠦᠷᠢᠯᠡᠬᠦ | ︵ᠨᠢᠭᠡ︶ ᠪᠠᠶᠢᠴᠠᠭᠠᠨ ᠦᠨᠡᠯᠡᠬᠦ | ᠬᠦᠨᠳᠦ ᠶᠡᠭᠡ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠠᠵᠢᠯ | ᠳᠠᠭᠤᠰᠤᠭᠰᠠᠨ ᠤ ᠳᠠᠷᠠᠭ᠎ᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠴᠠᠭ ᠠᠭᠤᠷ ᠤᠨ | ᠭᠠᠮᠰᠢᠭ ᠢ ᠠᠷᠭᠠᠴᠠᠬᠤ ᠠᠵᠢᠯ ᠳᠤ ᠴᠠᠭ ᠲᠤᠬᠠᠢ ᠳᠤᠨᠢ ᠪᠠᠶᠢᠴᠠᠭᠠᠨ ᠦᠨᠡᠯᠡᠨ ᠵᠢᠱᠢᠯᠲᠡ ᠬᠢᠵᠦ᠂ ᠴᠠᠭ ᠠᠭᠤᠷ ᠤᠨ | ᠭᠠᠮᠰᠢᠭ ᠤᠨ ᠬᠤᠬᠢᠷᠠᠯ ᠤᠨ ᠪᠠᠶᠢᠳᠠᠯ᠂ ᠭᠠᠮᠰᠢᠭ ᠪᠣᠯᠤᠭᠰᠠᠨ ᠤ ᠰᠢᠯᠲᠠᠭᠠᠨ ᠬᠢᠭᠡᠳ ᠴᠠᠭ ᠠᠭᠤᠷ ᠤᠨ ᠭᠠᠮᠰᠢᠭ ᠤᠨ | ᠡᠭᠦᠰᠦᠭᠰᠡᠨ ᠰᠢᠯᠲᠠᠭᠠᠨ᠂ ᠰᠢᠨᠵᠢ ᠴᠢᠨᠠᠷ᠂ ᠨᠥᠯᠥᠭᠡ ᠵᠡᠷᠭᠡ ᠠᠰᠠᠭᠤᠳᠠᠯ ᠳᠤ ᠴᠢᠭᠯᠡᠭᠦᠯᠦᠨ ᠪᠠᠶᠢᠴᠠᠭᠠᠯᠲᠠ ᠬᠢᠵᠦ᠂ | ᠦᠨᠡᠯᠡᠨ ᠵᠢᠱᠢᠬᠦ ᠪᠠ ᠳ᠋ᠦᠩᠨᠡᠵᠦ᠂ ᠴᠠᠭ ᠠᠭᠤᠷ ᠤᠨ ᠭᠠᠮᠰᠢᠭ ᠢ ᠠᠷᠭᠠᠴᠠᠬᠤ ᠠᠵᠢᠯ ᠤᠨ ᠠᠮᠵᠢᠯᠲᠠ ᠲᠠᠢ | ᠲᠤᠷᠰᠢᠯᠭ᠎ᠠ ᠪᠣᠯᠤᠨ ᠰᠤᠷᠭᠠᠮᠵᠢ ᠶᠢ ᠵᠠᠳᠠᠯᠵᠤ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠳᠤᠷᠠᠳᠬᠤ | ᠬᠡᠷᠡᠭᠲᠡᠢ᠃ ᠪᠠᠶᠢᠴᠠᠭᠠᠨ ᠦᠨᠡᠯᠡᠬᠦ ᠠᠵᠢᠯ ᠳᠠᠭᠤᠰᠤᠭᠰᠠᠨ ᠤ ᠳᠠᠷᠠᠭ᠎ᠠ᠂ ᠭᠠᠮᠰᠢᠭ ᠭᠠᠷᠤᠭᠰᠠᠨ ᠭᠠᠵᠠᠷ ᠤᠨ | ᠠᠷᠠᠳ ᠤᠨ ᠵᠠᠰᠠᠭ ᠤᠨ ᠣᠷᠳᠣᠨ ᠪᠤᠶᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠠᠴᠠ ᠴᠠᠭ | ᠲᠤᠬᠠᠢ ᠳᠤᠨᠢ ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠲᠤ ᠮᠡᠳᠡᠭᠦᠯᠬᠦ | ᠬᠡᠷᠡᠭᠲᠡᠢ᠃ | ︵ᠬᠤᠶᠠᠷ︶ ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠬᠤ | ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠠᠭᠤᠰᠤᠭᠰᠠᠨ ᠤ | ᠳᠠᠷᠠᠭ᠎ᠠ᠂ ᠭᠠᠮᠰᠢᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠪᠤᠶᠤ ᠪᠠᠴᠢᠮ ᠪᠠᠶᠢᠳᠠᠯ ᠢ ᠠᠷᠭᠠᠴᠠᠨ | ᠵᠢᠯᠣᠭᠤᠳᠬᠤ ᠪᠠᠶᠢᠭᠤᠯᠤᠮᠵᠢ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠴᠠᠭ | ᠠᠭᠤᠷ ᠤᠨ ᠭᠠᠮᠰᠢᠭ ᠤᠨ ᠪᠠᠶᠢᠳᠠᠯ ᠤᠨ ᠪᠠᠶᠢᠴᠠᠭᠠᠯᠲᠠ ᠬᠢᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ ᠨᠢᠭᠡᠴᠡ ᠲᠠᠢ ᠬᠠᠮᠲᠤᠷᠠᠨ ᠭᠠᠮᠰᠢᠭ ᠤᠨ ᠪᠠᠶᠢᠳᠠᠯ ᠢ ᠬᠢᠨᠠᠨ | ᠲᠣᠭᠲᠠᠭᠠᠬᠤ ᠠᠵᠢᠯ ᠢ ᠥᠷᠨᠢᠭᠦᠯᠬᠦ ᠬᠡᠷᠡᠭᠲᠡᠢ᠃ | ︵ᠭᠤᠷᠪᠠ︶ ᠬᠤᠶᠢᠨ᠋ᠠᠬᠢ ᠶᠠᠪᠤᠳᠠᠯ ᠢ ᠰᠢᠢᠳᠪᠦᠷᠢᠯᠡᠬᠦ | ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠠᠵᠢᠯ ᠳᠠᠭᠤᠰᠤᠭᠰᠠᠨ ᠤ | ᠳᠠᠷᠠᠭ᠎ᠠ᠂ ᠭᠠᠮᠰᠢᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ᠂ | ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ᠂ ᠳᠠᠭᠠᠳᠬᠠᠯ ᠤᠨ ᠲᠥᠯᠥᠪᠦᠷᠢ ᠥᠭᠬᠦ᠂ ᠭᠠᠮᠰᠢᠭ ᠤᠨ ᠳᠠᠷᠠᠭ᠎ᠠ ᠳᠠᠬᠢᠨ | ᠪᠠᠶᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠭᠠᠮᠰᠢᠭᠳᠠᠭᠰᠠᠨ ᠣᠷᠣᠨ ᠤ ᠠᠷᠠᠳ ᠲᠦᠮᠡᠨ ᠤ ᠦᠨᠳᠦᠰᠦᠨ | ᠠᠮᠢᠳᠤᠷᠠᠯ ᠢ ᠪᠠᠲᠤᠯᠠᠬᠤ ᠬᠡᠷᠡᠭᠲᠡᠢ᠃ | ︵ᠳᠥᠷᠪᠡ︶ ᠭᠠᠮᠰᠢᠭ ᠤᠨ ᠳᠠᠭᠠᠳᠬᠠᠯ | ᠨᠡᠶᠢᠲᠡ ᠣᠯᠠᠨ ᠤ ᠴᠠᠭ ᠠᠭᠤᠷ ᠤᠨ ᠭᠠᠮᠰᠢᠭ ᠤᠨ ᠬᠤᠳᠠᠯᠳᠤᠭᠠᠨ ᠤ ᠳᠠᠭᠠᠳᠬᠠᠯ ᠪᠣᠯᠤᠨ ᠬᠠᠷᠢᠯᠴᠠᠨ | ᠬᠠᠪᠰᠤᠷᠤᠯᠴᠠᠬᠤ ᠳᠠᠭᠠᠳᠬᠠᠯ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠬᠤ ᠬᠡᠷᠡᠭᠲᠡᠢ᠃ ᠳᠠᠭᠠᠳᠬᠠᠯ ᠤᠨ | ᠪᠠᠶᠢᠭᠤᠯᠤᠮᠵᠢ ᠨᠤᠭᠤᠳ ᠭᠠᠮᠰᠢᠭ ᠤᠨ ᠪᠠᠶᠢᠳᠠᠯ ᠢ ᠦᠨᠳᠦᠰᠦᠯᠡᠨ᠂ ᠭᠠᠮᠰᠢᠭᠳᠠᠭᠰᠠᠨ ᠬᠥᠮᠦᠰ ᠪᠣᠯᠤᠨ ᠡᠳ᠋ | ᠬᠥᠷᠥᠩᠭᠡ ᠶᠢᠨ ᠳᠠᠭᠠᠳᠬᠠᠯ ᠤᠨ ᠲᠥᠯᠥᠬᠦ ᠶᠠᠪᠤᠳᠠᠯ ᠢ ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ ᠬᠡᠷᠡᠭᠲᠡᠢ᠃ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠭᠠᠮᠰᠢᠭᠳᠠᠭᠰᠠᠨ ᠣᠷᠣᠨ ᠤ ᠬᠤᠯᠪᠣᠭᠳᠠᠯ ᠪᠦᠬᠦᠢ | ᠳᠠᠭᠠᠳᠬᠠᠯ ᠤᠨ ᠲᠥᠯᠥᠪᠦᠷᠢ ᠥᠭᠬᠦ ᠪᠠ ᠥᠭᠬᠦ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠰᠠᠶᠢᠲᠤᠷ ᠬᠢᠬᠦ | ᠬᠡᠷᠡᠭᠲᠡᠢ᠃ | ᠵᠢᠷᠭᠤᠭ᠎ᠠ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠣᠯᠤᠨ | ᠬᠠᠮᠢᠶ᠎ᠠ ᠪᠦᠬᠦᠢ ᠪᠡᠯᠡᠳᠬᠡᠯ ᠲᠥᠰᠦᠯ ᠤᠨ ᠲᠣᠭᠲᠠᠭᠠᠯ ᠶᠣᠰᠣᠭᠠᠷ᠂ ᠴᠠᠭ ᠠᠭᠤᠷ ᠤᠨ ᠭᠠᠮᠰᠢᠭ ᠢ ᠠᠷᠭᠠᠴᠠᠬᠤ | ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠤ ᠪᠠᠲᠤᠯᠠᠭ᠎ᠠ ᠶᠢ ᠰᠠᠶᠢᠲᠤᠷ ᠬᠢᠵᠦ᠂ ᠠᠮᠤᠷ | ᠲᠦᠪᠰᠢᠨ ᠤ ᠬᠠᠮᠠᠭᠠᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠡᠮ ᠡᠮᠨᠡᠯᠭᠡ ᠡᠷᠡᠭᠦᠯ ᠬᠠᠮᠠᠭᠠᠯᠠᠯ᠂ ᠴᠢᠮᠡᠭᠡ | ᠬᠤᠯᠪᠣᠭ᠎ᠠ ᠵᠡᠷᠭᠡ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ | ᠲᠤᠰᠠᠯᠠᠬᠤ ᠠᠵᠢᠯ ᠤᠨ ᠬᠡᠷᠡᠭᠴᠡᠭᠡ ᠶᠢ ᠦᠨᠡᠨᠬᠦ ᠪᠠᠲᠤᠯᠠᠵᠤ᠂ ᠭᠠᠮᠰᠢᠭᠳᠠᠭᠰᠠᠨ ᠣᠷᠣᠨ ᠤ ᠣᠯᠠᠨ ᠲᠦᠮᠡᠨ ᠤ | ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠦᠨᠡᠨᠬᠦ ᠪᠠᠲᠤᠯᠠᠵᠤ᠂ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ | ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ | ︵ᠨᠢᠭᠡ︶ ᠬᠥᠮᠦᠨ ᠤ ᠬᠦᠴᠦᠨ ᠤ ᠪᠠᠲᠤᠯᠠᠭ᠎ᠠ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠪᠠᠶᠢᠭᠤᠯᠤᠮᠵᠢ ᠨᠤᠭᠤᠳ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠰᠠᠶᠢᠨ ᠳᠤᠷ᠎ᠠ ᠶᠢᠨ ᠠᠵᠢᠯᠯᠠᠭᠰᠠᠳ ᠵᠡᠷᠭᠡ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠳᠠᠶᠢᠴᠢᠯᠠᠵᠤ᠂ | ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠳᠠᠮᠵᠢᠭᠤᠯᠬᠤ ᠵᠢᠴᠢ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠤᠨ᠂ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ | ᠳᠠᠮᠵᠢᠭᠤᠯᠬᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠴᠢ ᠲᠤᠬᠠᠢ ᠶᠢᠨ ᠲᠠᠯᠠᠪᠠᠢ ᠶᠢᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠬᠡᠷᠡᠭᠲᠡᠢ︔ ᠠᠷᠭᠠᠴᠠᠬᠤ ᠠᠵᠢᠯ ᠤᠨ ᠳᠤᠮᠳᠠ ᠪᠠᠨ | ᠬᠡᠷᠡᠭᠴᠡᠭᠡ ᠪᠠᠨ ᠦᠨᠳᠦᠰᠦᠯᠡᠨ ᠡᠷᠦᠬᠡ ᠶᠢᠨ ᠴᠡᠷᠢᠭ᠂ ᠪᠡᠯᠡᠳᠬᠡᠯ ᠠᠯᠪᠠᠨ ᠤ ᠴᠡᠷᠢᠭ ᠠᠩᠭᠢ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠵᠢᠴᠢ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠢᠢᠳᠪᠦᠷᠢᠯᠡᠵᠦ ᠪᠣᠯᠤᠨ᠎ᠠ᠃ | | ︵ᠬᠤᠶᠠᠷ︶ ᠪᠡᠯᠡ ᠮᠥᠩᠭᠦᠨ ᠤ ᠪᠠᠲᠤᠯᠠᠭ᠎ᠠ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠰᠠᠯᠠᠭ᠎ᠠ ᠮᠥᠴᠢᠷ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ | ᠬᠠᠤᠯᠢ︾᠂ ︽ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠳᠦᠷᠢᠮ︾ ᠵᠡᠷᠭᠡ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠲᠥᠰᠦᠪ ᠢ ᠵᠦᠢ ᠵᠣᠬᠢᠰᠲᠠᠢ | ᠲᠣᠬᠢᠷᠠᠭᠤᠯᠵᠤ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠡᠷᠡᠭᠴᠡᠭᠡ ᠶᠢ | ᠦᠨᠳᠦᠰᠦᠯᠡᠨ ᠲᠤᠰᠬᠠᠢ ᠪᠡᠯᠡ ᠮᠥᠩᠭᠦ ᠲᠣᠬᠢᠷᠠᠭᠤᠯᠬᠤ ᠶᠢᠨ ᠬᠠᠮᠲᠤ ᠭᠠᠮᠰᠢᠭ ᠠᠴᠠ ᠠᠪᠤᠷᠠᠬᠤ ᠠᠵᠢᠯ ᠢ ᠱᠠᠲᠤ | ᠬᠤᠪᠢᠶᠠᠨ ᠬᠠᠷᠢᠭᠤᠴᠠᠬᠤ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠱᠠᠲᠤ ᠬᠤᠪᠢᠶᠠᠨ ᠡᠭᠦᠷᠭᠡᠯᠡᠬᠦ ᠵᠠᠷᠴᠢᠮ | ᠶᠣᠰᠣᠭᠠᠷ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠣᠷᠣᠭᠤᠯᠤᠯᠲᠠ ᠶᠢ ᠦᠨᠡᠨᠬᠦ ᠨᠡᠮᠡᠭᠳᠡᠭᠦᠯᠵᠦ᠂ | ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠵᠠᠷᠤᠳᠠᠯ ᠤᠨ ᠪᠠᠲᠤᠯᠠᠭ᠎ᠠ | ᠬᠠᠩᠭᠠᠨ᠎ᠠ᠃ ᠡᠳ᠋ ᠤᠨ ᠵᠠᠰᠠᠭ᠂ ᠬᠢᠨᠠᠨ ᠪᠣᠳᠣᠬᠤ ᠰᠠᠯᠠᠭ᠎ᠠ ᠮᠥᠴᠢᠷ ᠤᠳ ᠪᠡᠯᠡ ᠮᠥᠩᠭᠦ ᠶᠢ ᠬᠡᠷᠡᠭᠯᠡᠵᠦ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠤᠰᠬᠠᠢ ᠵᠣᠭᠤᠰ ᠢ ᠲᠤᠰᠬᠠᠢ ᠵᠦᠢᠯ ᠳᠤᠨᠢ | ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠩ ᠤᠨ ᠦᠶ᠎ᠡ ᠶᠢᠨ | ᠭᠠᠮᠰᠢᠭ ᠤᠨ ᠪᠠᠶᠢᠳᠠᠯ ᠪᠣᠯᠤᠨ ᠡᠳ᠋ ᠤᠨ ᠵᠠᠰᠠᠭ ᠤᠨ ᠴᠢᠳᠠᠪᠤᠷᠢ ᠶᠢ ᠦᠨᠳᠦᠰᠦᠯᠡᠨ᠂ ᠪᠠᠶᠢᠭᠠᠯᠢ ᠶᠢᠨ ᠭᠠᠮᠰᠢᠭ | ᠠᠮᠢᠳᠤᠷᠠᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢᠨ ᠣᠨ ᠤ ᠲᠥᠰᠦᠪ ᠢ ᠨᠠᠶᠢᠷᠠᠭᠤᠯᠤᠨ ᠵᠣᠬᠢᠶᠠᠬᠤ ᠶᠢᠨ ᠬᠠᠮᠲᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠡᠯᠡ ᠮᠥᠩᠭᠦ ᠶᠢᠨ ᠬᠢᠨᠠᠯᠲᠠ ᠲᠠᠯᠪᠢᠯᠲᠠ ᠪᠣᠯᠤᠨ | ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ | ︵ᠭᠤᠷᠪᠠ︶ ᠡᠳ᠋ ᠪᠠᠷᠠᠭᠠᠨ ᠤ ᠪᠠᠲᠤᠯᠠᠭ᠎ᠠ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠴᠠᠭ ᠠᠭᠤᠷ ᠤᠨ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠪᠠᠴᠢᠮ ᠪᠠᠶᠢᠳᠠᠯ ᠢ ᠠᠷᠭᠠᠴᠠᠬᠤ ᠴᠢᠬᠤᠯᠠ ᠡᠳ᠋ ᠪᠠᠷᠠᠭ᠎ᠠ ᠶᠢ ᠬᠢᠨᠠᠨ ᠬᠠᠮᠢᠶᠠᠷᠬᠤ᠂ ᠦᠢᠯᠡᠳᠪᠦᠷᠢᠯᠡᠬᠦ᠂ ᠨᠥᠭᠡᠴᠡᠯᠡᠬᠦ᠂ | ᠲᠣᠬᠢᠷᠠᠭᠤᠯᠬᠤ ᠪᠠ ᠪᠠᠴᠢᠮ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠴᠠᠭ | ᠠᠭᠤᠷ ᠤᠨ ᠭᠠᠮᠰᠢᠭ ᠠᠮᠠᠷᠬᠠᠨ ᠡᠭᠦᠰᠳᠡᠭ᠂ ᠣᠯᠠᠨ ᠡᠭᠦᠰᠳᠡᠭ ᠭᠠᠵᠠᠷ ᠣᠷᠣᠨ ᠤ ᠰᠤᠮᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠨᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ ᠪᠣᠳᠠᠰ᠂ ᠠᠮᠢᠳᠤᠷᠠᠯ ᠤᠨ | ᠴᠢᠬᠤᠯᠠ ᠬᠡᠷᠡᠭᠯᠡᠭᠡᠨ ᠤ ᠵᠦᠢᠯ ᠪᠠ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠲᠣᠨᠤᠭ ᠲᠥᠬᠦᠭᠡᠷᠦᠮᠵᠢ ᠶᠢᠨ | ᠪᠠᠴᠢᠮ ᠪᠠᠶᠢᠳᠠᠯ ᠢ ᠠᠷᠭᠠᠴᠠᠵᠤ ᠨᠥᠭᠡᠴᠡᠯᠡᠬᠦ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ᠃ | ︵ᠳᠥᠷᠪᠡ︶ ᠡᠮᠴᠢᠯᠡᠭᠡᠨ ᠤ ᠪᠠᠲᠤᠯᠠᠭ᠎ᠠ | ᠭᠠᠮᠰᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ | ᠡᠮᠴᠢᠯᠡᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠠᠪᠤᠷᠠᠨ ᠲᠤᠰᠠᠯᠠᠬᠤ ᠡᠩᠨᠡᠭᠡ ᠶᠢ | ᠵᠣᠬᠢᠶᠠᠨ ᠪᠠᠶᠢᠭᠤᠯᠵᠤ ᠭᠠᠮᠰᠢᠭᠳᠠᠭᠰᠠᠨ ᠣᠷᠣᠨ ᠳᠤ ᠴᠠᠭ ᠲᠤᠬᠠᠢ ᠳᠤᠨᠢ ᠬᠦᠷᠴᠦ ᠡᠮᠴᠢᠯᠡᠭᠡᠨ ᠤ ᠠᠪᠤᠷᠠᠨ ᠵᠠᠰᠠᠬᠤ | ᠪᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠷᠨᠢᠭᠦᠯᠬᠦ ᠶᠢ ᠬᠠᠷᠢᠭᠤᠴᠠᠵᠤ᠂ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ︽ᠰᠠᠭᠠᠳ ᠦᠭᠡᠢ ᠨᠡᠪᠲᠡᠷᠡᠬᠦ ᠵᠡᠮ︾ ᠭᠠᠷᠭᠠᠵᠤ᠂ ᠡᠮᠴᠢᠯᠡᠭᠡᠨ ᠤ ᠠᠪᠤᠷᠠᠨ | ᠲᠤᠰᠠᠯᠠᠬᠤ ᠠᠵᠢᠯ ᠤᠨ ᠤᠷᠤᠭᠰᠢᠲᠠᠢ ᠥᠷᠨᠢᠬᠦ ᠶᠢ ᠪᠠᠲᠤᠯᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠪᠣᠳᠠᠲᠤ ᠪᠠᠶᠢᠳᠠᠯ ᠪᠣᠯᠤᠨ ᠭᠠᠮᠰᠢᠭᠳᠠᠭᠰᠠᠨ ᠣᠷᠣᠨ ᠤ ᠠᠷᠠᠳ ᠤᠨ ᠵᠠᠰᠠᠭ ᠤᠨ ᠣᠷᠳᠣᠨ ᠤ | ᠭᠤᠶᠤᠴᠢᠯᠠᠯ ᠢᠶᠠᠨ ᠦᠨᠳᠦᠰᠦᠯᠡᠨ᠂ ᠭᠠᠮᠰᠢᠭᠳᠠᠭᠰᠠᠨ ᠣᠷᠣᠨ ᠳᠤ ᠡᠮ ᠤᠨ ᠵᠦᠢᠯ᠂ ᠪᠠᠭᠠᠵᠢ ᠬᠡᠷᠡᠭᠰᠡᠯ ᠵᠡᠷᠭᠡ | ᠡᠮᠨᠡᠯᠭᠡ ᠡᠷᠡᠭᠦᠯ ᠬᠠᠮᠠᠭᠠᠯᠠᠯ ᠤᠨ ᠡᠳ᠋ ᠪᠣᠳᠠᠰ ᠪᠣᠯᠤᠨ ᠲᠥᠬᠦᠭᠡᠷᠦᠮᠵᠢ ᠶᠢ ᠴᠠᠭ ᠲᠤᠬᠠᠢ ᠳᠤᠨᠢ ᠬᠠᠩᠭᠠᠬᠤ ᠬᠡᠷᠡᠭᠲᠡᠢ᠃ | ᠴᠢᠬᠤᠯᠠ ᠲᠠᠢ ᠦᠶ᠎ᠡ ᠳᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠨᠡᠶᠢᠭᠡᠮ ᠤᠨ ᠬᠦᠴᠦᠨ ᠢ ᠳᠠᠶᠢᠴᠢᠯᠠᠨ | ᠲᠤᠬᠠᠢ ᠶᠢᠨ ᠭᠠᠵᠠᠷ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠠᠵᠢᠯ ᠳᠤ ᠣᠷᠣᠯᠴᠠᠭᠤᠯᠬᠤ ᠬᠡᠷᠡᠭᠲᠡᠢ᠃ | ︵ᠲᠠᠪᠤ︶ ᠬᠤᠯᠪᠣᠭᠠᠨ ᠤ ᠪᠠᠲᠤᠯᠠᠭ᠎ᠠ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠯᠠᠨ | ᠨᠡᠶᠢᠲᠡ ᠶᠢᠨ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠪᠠᠷ ᠭᠤᠣᠯ ᠴᠣᠭᠴᠠ ᠪᠣᠯᠭᠠᠨ᠂ ᠲᠦᠷᠭᠡᠨ᠂ ᠠᠮᠤᠷ | ᠲᠦᠪᠰᠢᠨ᠂ ᠲᠣᠭᠲᠠᠭᠤᠨ᠂ ᠨᠠᠶᠢᠳᠠᠪᠤᠷᠢᠲᠠᠢ ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ ᠪᠡᠯᠡᠳᠬᠡᠮᠵᠢ᠂ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ | ᠰᠢᠰᠲ᠋ᠧᠮ ᠪᠠ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠢ ᠪᠠᠶᠢᠭᠤᠯᠵᠤ᠂ ᠴᠠᠭ ᠠᠭᠤᠷ ᠤᠨ ᠭᠠᠮᠰᠢᠭ | ᠵᠢᠴᠢ ᠳᠠᠬᠢᠨ ᠡᠭᠦᠰᠴᠦ᠂ ᠤᠯᠠᠷᠢᠨ ᠡᠭᠦᠰᠬᠦ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠬᠦ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠢ᠃ ᠴᠢᠮᠡᠭᠡ ᠬᠤᠯᠪᠣᠭ᠎ᠠ᠂ ᠷᠠᠳᠢᠣ᠋ ᠲᠧᠯᠸᠢᠰ ᠵᠡᠷᠭᠡ ᠰᠠᠯᠠᠭ᠎ᠠ ᠮᠥᠴᠢᠷ ᠪᠦᠬᠦ ᠬᠤᠰᠢᠭᠤᠨ ᠤ | ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠴᠢᠮᠡᠭᠡ ᠬᠤᠯᠪᠣᠭ᠎ᠠ ᠪᠠ ᠷᠠᠳᠢᠣ᠋ | ᠲᠧᠯᠸᠢᠰ ᠤᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠵᠤ᠂ ᠨᠡᠶᠢᠲᠡ ᠶᠢᠨ | ᠬᠡᠷᠡᠭᠯᠡᠭᠡᠨ ᠤ ᠴᠢᠮᠡᠭᠡ ᠬᠤᠯᠪᠣᠭᠠᠨ ᠤ ᠰᠦᠯᠵᠢᠶ᠎ᠡ ᠪᠠᠷ ᠭᠤᠣᠯ ᠴᠣᠭᠴᠠ ᠪᠣᠯᠭᠠᠨ᠂ ᠰᠠᠯᠠᠭ᠎ᠠ ᠮᠥᠴᠢᠷ ᠠᠯᠤᠰᠯᠠᠭᠰᠠᠨ | ᠂ ᠭᠠᠵᠠᠷ ᠣᠷᠣᠨ ᠠᠯᠤᠰᠯᠠᠭᠰᠠᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠴᠢᠮᠡᠭᠡ | ᠬᠤᠯᠪᠣᠭᠠᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠭᠠᠮᠰᠢᠭᠳᠠᠭᠰᠠᠨ ᠣᠷᠣᠨ ᠤ ᠴᠢᠮᠡᠭᠡ ᠬᠤᠯᠪᠣᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠴᠠᠭ ᠲᠤᠬᠠᠢ ᠳᠤᠨᠢ ᠠᠷᠭ᠎ᠠ ᠬᠡᠮᠵᠢᠶ᠎ᠡ ᠠᠪᠴᠤ ᠬᠤᠬᠢᠷᠠᠯ ᠳᠤ | ᠤᠴᠠᠷᠠᠭᠰᠠᠨ ᠴᠢᠮᠡᠭᠡ ᠬᠤᠯᠪᠣᠭᠠᠨ ᠤ ᠱᠤᠭᠤᠮ ᠪᠣᠯᠤᠨ ᠪᠡᠯᠡᠳᠬᠡᠮᠵᠢ ᠶᠢ ᠰᠡᠷᠭᠦᠭᠡᠵᠦ᠂ ᠬᠦᠨᠳᠦ ᠶᠡᠭᠡ ᠴᠠᠭ | ᠠᠭᠤᠷ ᠤᠨ ᠮᠡᠳᠡᠭᠡ ᠵᠠᠩᠭᠢ ᠶᠢᠨ ᠪᠠᠴᠢᠮ ᠪᠠᠶᠢᠳᠠᠯ ᠢ ᠠᠷᠭᠠᠴᠠᠨ ᠳᠠᠮᠵᠢᠭᠤᠯᠬᠤ ᠶᠢ ᠪᠠᠲᠤᠯᠠᠬᠤ ᠬᠡᠷᠡᠭᠲᠡᠢ᠃ | ᠳᠣᠯᠤᠭ᠎ᠠ᠂ ᠬᠢᠨᠠᠯᠲᠠ ᠲᠠᠯᠪᠢᠵᠤ ᠬᠠᠮᠢᠶᠠᠷᠬᠤ | ︵ᠨᠢᠭᠡ︶ ᠪᠡᠯᠡᠳᠬᠡᠯ ᠲᠥᠰᠦᠯ ᠤᠨ ᠪᠣᠯᠪᠠᠰᠤᠷᠠᠯ | ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠤᠨ ᠤᠳᠤᠷᠢᠳᠤᠯᠭ᠎ᠠ ᠳᠣᠣᠷ᠎ᠠ᠂ | ᠬᠤᠰᠢᠭᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠤᠨ ᠠᠯᠪᠠᠨ ᠭᠡᠷ ᠨᠢ ᠡᠯ᠎ᠡ | ᠪᠦᠷᠢᠯᠳᠦᠬᠦᠨ ᠨᠢᠭᠡᠴᠡ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠴᠠᠭ ᠠᠭᠤᠷ ᠤᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠪᠡ᠃ ᠪᠡᠯᠡᠳᠬᠡᠯ ᠲᠥᠰᠦᠯ ᠤᠨ ᠰᠣᠷᠢᠯᠲᠠ ᠶᠢ | ᠪᠣᠳᠠᠲᠤ ᠪᠠᠶᠢᠯᠳᠤᠭᠠᠨ ᠳᠤ ᠰᠠᠭᠤᠷᠢᠯᠠᠵᠤ᠂ ᠪᠠᠴᠢᠮ ᠪᠠᠶᠢᠳᠠᠯ ᠢ ᠠᠷᠭᠠᠴᠠᠬᠤ ᠬᠠᠷᠢᠭᠤᠴᠠᠯᠭ᠎ᠠ ᠶᠢ ᠴᠢᠩᠭᠠᠷᠠᠭᠤᠯᠤᠨ᠂ | ᠪᠠᠴᠢᠮ ᠪᠠᠶᠢᠳᠠᠯ ᠢ ᠠᠷᠭᠠᠴᠠᠬᠤ ᠳᠡᠰ ᠳᠠᠷᠠᠭᠠᠯᠠᠯ ᠢ ᠣᠶᠢᠯᠠᠭᠠᠵᠤ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ | ᠰᠢᠯᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠪᠠᠴᠢᠮ | ᠪᠠᠶᠢᠳᠠᠯ ᠢ ᠠᠷᠭᠠᠴᠠᠬᠤ ᠶᠢᠨ ᠳᠠᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ ᠪᠡᠯᠡᠳᠬᠡᠯ ᠲᠥᠰᠦᠯ ᠳᠤ | ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠬᠦ ᠳᠤ ᠦᠨᠳᠦᠰᠦᠯᠡᠯ ᠬᠠᠩᠭᠠᠬᠤ ᠬᠡᠷᠡᠭᠲᠡᠢ᠃ | ︵ᠬᠤᠶᠠᠷ︶ ᠤᠬᠠᠭᠤᠯᠭ᠎ᠠ ᠶᠢᠨ ᠪᠣᠯᠪᠠᠰᠤᠷᠠᠯ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠡᠯ᠎ᠡ ᠵᠦᠢᠯ ᠤᠨ ᠵᠠᠭᠤᠴᠢᠯᠠᠭᠤᠷ ᠪᠣᠯᠤᠨ ᠠᠷᠭ᠎ᠠ | ᠪᠠᠷᠢᠯ ᠢ ᠭᠦᠢᠴᠡᠳ ᠠᠰᠢᠭᠯᠠᠨ᠂ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠬᠢᠭᠡᠳ ᠰᠡᠷᠭᠡᠶᠢᠯᠡᠬᠦ ᠮᠡᠳᠡᠯᠭᠡ ᠶᠢᠨ | ᠤᠬᠠᠭᠤᠯᠭ᠎ᠠ ᠬᠥᠮᠦᠵᠢᠯ ᠪᠣᠯᠤᠨ ᠪᠣᠯᠪᠠᠰᠤᠷᠠᠭᠤᠯᠤᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ | ᠡᠩᠨᠡᠭᠡ ᠶᠢᠨ ᠪᠣᠯᠪᠠᠰᠤᠷᠠᠭᠤᠯᠤᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠰᠠᠯᠠᠭ᠎ᠠ | ᠮᠥᠴᠢᠷ ᠪᠣᠯᠤᠨ ᠨᠢᠭᠡᠴᠡ ᠵᠢᠴᠢ ᠨᠡᠶᠢᠭᠡᠮ ᠤᠨ ᠨᠡᠶᠢᠲᠡ ᠣᠯᠠᠨ ᠳᠤ ᠴᠠᠭ ᠠᠭᠤᠷ ᠤᠨ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠵᠤ ᠰᠡᠷᠭᠡᠶᠢᠯᠡᠬᠦ ᠮᠡᠳᠡᠯᠭᠡ ᠶᠢ ᠪᠣᠯᠪᠠᠰᠤᠷᠠᠩᠭᠤᠢ ᠡᠵᠡᠮᠰᠢᠭᠦᠯᠵᠦ᠂ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠦᠵᠡᠯ ᠤᠬᠠᠮᠰᠠᠷ ᠪᠣᠯᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ | ᠨᠡᠮᠡᠭᠳᠡᠭᠦᠯᠬᠦ ᠬᠡᠷᠡᠭᠲᠡᠢ᠃ | ︵ᠭᠤᠷᠪᠠ︶ ᠬᠠᠷᠢᠭᠤᠴᠠᠯᠭ᠎ᠠ ᠬᠢᠭᠡᠳ ᠱᠠᠩᠨᠠᠯ ᠵᠠᠯᠭᠠᠯ | 1. ᠱᠠᠩᠨᠠᠯ ᠬᠥᠬᠢᠭᠦᠯᠦᠯ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ | ᠪᠣᠯᠤᠨ ᠬᠤᠪᠢ ᠬᠥᠮᠦᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠬᠤ | ᠬᠡᠷᠡᠭᠲᠡᠢ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ | ᠳᠤᠮᠳᠠ ᠲᠣᠪᠤᠶᠢᠮ᠎ᠠ ᠢᠯᠡᠷᠡᠯ ᠲᠠᠢ ᠮᠥᠷᠲᠡᠭᠡᠨ ᠪᠠᠭᠠᠲᠤᠷᠯᠢᠭ ᠢᠶᠠᠷ ᠠᠮᠢ ᠪᠡᠶ᠎ᠡ ᠪᠠᠨ ᠵᠣᠷᠢᠭᠤᠯᠬᠤ ᠬᠥᠮᠦᠰ ᠢ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠢ ᠴᠠᠭ ᠠᠭᠤᠷ ᠤᠨ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠣᠷᠣᠯᠴᠠᠭᠰᠠᠨ ᠠᠴᠠ ᠪᠣᠯᠵᠤ ᠡᠪᠡᠳᠴᠢᠯᠡᠭᠰᠡᠨ᠂ ᠵᠡᠮᠳᠡᠭ ᠪᠣᠯᠤᠭᠰᠠᠨ᠂ | ᠦᠬᠦᠭᠰᠡᠨ ᠬᠥᠮᠦᠰ ᠲᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠴᠠᠩᠭᠤᠢ ᠪᠦᠬᠦᠢ | ᠲᠤᠰᠠᠯᠠᠮᠵᠢ ᠪᠠ ᠠᠰᠠᠷᠠᠮᠵᠢ ᠣᠯᠭᠤᠬᠤ ᠬᠡᠷᠡᠭᠲᠡᠢ᠃ | 2. ᠬᠠᠷᠢᠭᠤᠴᠠᠯᠭ᠎ᠠ ᠨᠡᠬᠡᠮᠵᠢᠯᠡᠨ᠎ᠡ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ | ᠭᠠᠮᠰᠢᠭ ᠤᠨ ᠪᠠᠶᠢᠳᠠᠯ ᠢ ᠬᠤᠳᠠᠯ ᠢᠶᠠᠷ ᠮᠡᠳᠡᠭᠦᠯᠦᠭᠰᠡᠨ᠂ ᠪᠠᠶᠢᠳᠠᠯ ᠢ ᠮᠡᠳᠡᠬᠦ ᠲᠤᠰ ᠪᠡᠯᠡᠳᠬᠡᠯ ᠲᠥᠰᠦᠯ ᠳᠤ | ᠲᠣᠭᠲᠠᠭᠠᠭᠰᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠲᠡᠪᠴᠢᠭᠰᠡᠨ ᠪᠠ ᠬᠠᠷᠰᠢᠯᠠᠭᠰᠠᠨ᠂ ᠭᠠᠮᠰᠢᠭ ᠤᠨ ᠪᠠᠶᠢᠳᠠᠯ ᠢ ᠴᠤᠭᠯᠠᠭᠤᠯᠬᠤ ᠪᠠ ᠠᠪᠤᠷᠠᠨ ᠲᠤᠰᠠᠯᠠᠬᠤ ᠠᠵᠢᠯ ᠢ | ᠬᠠᠷᠰᠢᠯᠠᠬᠤ ᠪᠤᠶᠤ ᠬᠠᠷᠰᠢᠯᠠᠭᠰᠠᠨ ᠠᠴᠠ ᠪᠤᠯᠵᠤ ᠤᠯᠤᠰ ᠤᠨ ᠠᠰᠢᠭ ᠲᠤᠰᠠ ᠪᠠ ᠠᠷᠠᠳ ᠲᠦᠮᠡᠨ ᠤ ᠠᠮᠢ ᠨᠠᠰᠤ | ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠬᠠᠷᠢᠭᠤᠴᠠᠯᠭ᠎ᠠ ᠡᠭᠦᠷᠭᠡᠯᠡᠭᠴᠢ ᠠᠴᠠ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ ᠵᠣᠬᠢᠴᠠᠩᠭᠤᠢ ᠪᠦᠬᠦᠢ ᠬᠠᠷᠢᠭᠤᠴᠠᠯᠭ᠎ᠠ ᠨᠡᠬᠡᠮᠵᠢᠯᠡᠨ᠎ᠡ᠃ | |