ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ ︹2020︺ 45 ᠳ᠋ᠤᠭᠠᠷ ᠲᠣᠭᠠᠲᠤ | | | | | | | ᠬᠤᠯᠪᠣᠭᠳᠠᠯ ᠪᠦᠬᠦᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ ᠲᠤ᠄ | ᠡᠳᠦᠭᠡ ︽ᠪᠠᠲᠤᠴᠠᠭᠠᠨ ᠤ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠤᠯᠤᠰ ᠤᠨ | AAAA ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ | ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠲᠤᠤᠱᠯᠠᠭᠤᠯᠤᠨ ᠬᠡᠷᠡᠭᠵᠢᠭᠦᠯᠲᠦᠭᠡᠢ᠃ | 2024 ᠣᠨ ᠤ 7 ᠰᠠᠷ᠎ᠠ ᠶᠢᠨ 15 ᠤ ᠡᠳᠦᠷ | | ᠪᠠᠲᠤᠴᠠᠭᠠᠨ ᠤ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠤᠯᠤᠰ ᠤᠨ AAAA | ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ | | ᠪᠠᠲᠤᠴᠠᠭᠠᠨ ᠤ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠣᠯ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠢᠭᠤᠯᠴᠢᠯᠠᠯ ᠤᠨ ᠠᠵᠤ ᠦᠢᠯᠡᠰ ᠤᠨ ᠰᠢᠰᠲ᠋ᠧᠮ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠦᠲᠦᠭᠡᠭᠳᠡᠬᠦᠨ ᠢ ᠨᠠᠷᠢᠯᠢᠭ | ᠬᠢᠬᠦ ᠪᠦᠲᠦᠮᠵᠢᠲᠡᠢ ᠠᠷᠭ᠎ᠠ ᠪᠠᠷᠢᠯ ᠮᠥᠨ᠂ ᠡᠨᠡ ᠨᠢ ᠦᠵᠡᠮᠵᠢ ᠶᠢᠨ ᠣᠷᠣᠨ ᠤ ᠵᠥᠭᠡᠯᠡᠨ ᠬᠠᠲᠠᠭᠤ ᠲᠣᠨᠤᠭ ᠤᠨ | ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ᠂ ᠵᠢᠭᠤᠯᠴᠢᠯᠠᠯ ᠤᠨ ᠨᠡᠷᠡᠲᠦ ᠲᠡᠮᠳᠡᠭ ᠢ ᠴᠢᠳᠬᠤᠬᠤ᠂ ᠪᠦᠬᠦᠯᠢ | ᠴᠣᠭᠴᠠ ᠶᠢᠨ ᠳᠦᠷᠢ ᠲᠥᠷᠬᠦ ᠶᠢ ᠰᠢᠯᠢᠳᠡᠭᠵᠢᠭᠦᠯᠬᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠵᠢᠭᠤᠯᠴᠢᠯᠠᠯ ᠤᠨ ᠦᠢᠯᠡᠰ ᠤᠨ ᠡᠷᠡᠭᠦᠯ᠂ ᠲᠣᠭᠲᠠᠭᠤᠨ᠂ ᠦᠷᠭᠦᠯᠵᠢᠯᠡᠨ ᠬᠥᠭᠵᠢᠬᠦ ᠶᠢ ᠠᠬᠢᠭᠤᠯᠬᠤ ᠳᠤ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠃ ᠡᠭᠦᠳᠦᠨ ᠪᠠᠶᠢᠭᠤᠯᠬᠤ ᠬᠠᠷᠠᠯᠲᠠ ᠶᠢ ᠲᠡᠭᠦᠰ | ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ | ᠦᠵᠡᠮᠵᠢ ᠶᠢᠨ ᠣᠷᠣᠨ ᠢ ᠬᠠᠷᠢᠭᠤᠴᠠᠬᠤ᠂ ᠰᠠᠯᠠᠭ᠎ᠠ ᠮᠥᠴᠢᠷ ᠤᠳ ᠣᠷᠣᠯᠴᠠᠬᠤ︾ ᠠᠵᠢᠯ ᠤᠨ ᠲᠣᠭᠲᠠᠴᠠ ᠪᠠ | ᠡᠭᠦᠳᠦᠨ ᠪᠠᠶᠢᠭᠤᠯᠬᠤ ᠠᠭᠤᠷ ᠠᠮᠢᠰᠬᠤᠯ ᠢ ᠪᠣᠢ ᠪᠣᠯᠭᠠᠬᠤ ᠶᠢᠨ ᠲᠤᠰᠠᠳᠠ᠂ ᠡᠳᠦᠭᠡ ᠤᠯᠤᠰ ᠤᠨ ᠵᠢᠭᠤᠯᠴᠢᠯᠠᠯ ᠤᠨ | ᠲᠣᠪᠴᠢᠶ᠎ᠠ ᠶᠢᠨ ︽ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠢ ᠰᠢᠯᠭᠠᠨ | ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾᠂ ︽ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ | ᠵᠡᠷᠭᠡ ᠳᠡᠰ ᠢ ᠬᠤᠪᠢᠶᠠᠷᠢᠯᠠᠬᠤ ᠪᠠ ᠰᠢᠯᠭᠠᠨ ᠲᠣᠭᠲᠠᠭᠠᠬᠤ︾ ᠶᠢ ᠦᠨᠳᠦᠰᠦᠯᠡᠬᠦ ᠶᠢᠨ ᠬᠠᠮᠲᠤ ᠪᠠᠲᠤᠴᠠᠭᠠᠨ ᠤ ᠠᠮᠢ | ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠣᠣᠷᠠᠬᠢ | ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ | ᠪᠦᠬᠦ ᠲᠠᠯ᠎ᠠ ᠪᠠᠷ ᠲᠤᠤᠱᠯᠠᠭᠤᠯᠵᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ᠂ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠪᠣᠯᠤᠨ ᠵᠠᠬ᠎ᠠ | ᠳᠡᠯᠭᠡᠭᠦᠷ᠂ ᠬᠠᠩᠭᠠᠯᠭ᠎ᠠ ᠪᠣᠯᠤᠨ ᠬᠡᠷᠡᠭᠴᠡᠭᠡ᠂ ᠬᠠᠮᠠᠭᠠᠯᠠᠯᠲᠠ ᠪᠣᠯᠤᠨ ᠨᠡᠭᠡᠭᠡᠨ ᠬᠥᠭᠵᠢᠭᠦᠯᠦᠯᠲᠡ᠂ ᠬᠥᠭᠵᠢᠯᠲᠡ | ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠣᠳᠣ ᠦᠶ᠎ᠡ ᠶᠢᠨ ᠵᠤᠭᠠᠴᠠᠯ ᠤᠨ ᠦᠢᠯᠡᠰ ᠤᠨ | ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠵᠤᠭᠠᠴᠠᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ | ᠪᠠᠶᠢᠭᠤᠯᠵᠤ᠂ ᠵᠤᠭᠠᠴᠠᠯ ᠤᠨ ᠦᠢᠯᠡᠰ ᠢ ᠰᠠᠶᠢᠨ ᠰᠠᠶᠢᠬᠠᠨ ᠠᠮᠢᠳᠤᠷᠠᠯ ᠳᠤ ᠨᠡᠩ ᠰᠠᠶᠢᠲᠤᠷ ᠦᠢᠯᠡᠴᠢᠯᠡᠭᠦᠯᠵᠦ᠂ | ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ | ᠤᠯᠤᠰ ᠤᠨ ᠳᠦᠷᠢ ᠲᠥᠷᠬᠦ ᠶᠢ ᠢᠯᠡᠷᠡᠭᠦᠯᠵᠦ᠂ ᠪᠣᠯᠪᠠᠰᠤᠨ ᠤ ᠬᠠᠷᠢᠯᠴᠠᠨ ᠲᠤᠯᠢᠳᠠᠯ ᠢ ᠨᠡᠮᠡᠭᠳᠡᠭᠦᠯᠦᠨ᠎ᠡ᠃ | ᠤᠯᠤᠰ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠠᠷ ᠠᠴᠢᠶᠠᠯᠠᠪᠤᠷᠢ | ᠪᠣᠯᠭᠠᠵᠤ᠂ ᠬᠦᠯᠢᠶᠡᠨ ᠠᠪᠬᠤ ᠪᠡᠯᠡᠳᠬᠡᠮᠵᠢ ᠶᠢ ᠲᠡᠭᠦᠯᠳᠡᠷᠵᠢᠭᠦᠯᠬᠦ᠂ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠬᠦ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠬᠦᠯᠢᠶᠡᠨ ᠠᠪᠬᠤ ᠴᠢᠳᠠᠪᠤᠷᠢ ᠶᠢ | ᠥᠷᠭᠡᠳᠬᠡᠬᠦ ᠪᠠᠷ ᠭᠤᠣᠯᠳᠠᠯᠭ᠎ᠠ ᠪᠣᠯᠭᠠᠨ᠎ᠠ᠃ ᠪᠠᠲᠤᠴᠠᠭᠠᠨ ᠤ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ | ᠣᠷᠣᠨ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠣᠢ ᠳᠤ ᠪᠠᠶᠢᠷᠢᠯᠠᠵᠤ᠂ ᠬᠤᠷᠴᠢᠨ ᠤ ᠡᠯᠡᠰᠦᠨ ᠤ ᠬᠠᠮᠤᠭ ᠤᠨ | ᠬᠤᠶᠢᠲᠤ ᠵᠠᠬ᠎ᠠ ᠳᠤ ᠪᠤᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠲᠤᠴᠠᠭᠠᠨ ᠤ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠳᠤ ᠪᠠᠶᠢᠷᠢᠯᠠᠵᠤ᠂ ᠭᠤᠣᠯᠳᠠᠭᠤ ᠪᠠᠲᠤᠴᠠᠭᠠᠨ᠂ ᠬᠠᠶᠢᠯᠠᠰᠤᠨ ᠮᠣᠳᠣᠨ ᠤ ᠰᠡᠶᠢᠷᠡᠭ ᠣᠢ ᠶᠢᠨ ᠰᠢᠰᠲ᠋ᠧᠮ ᠪᠠ | ᠬᠤᠪᠣᠷ ᠴᠤᠬᠠᠭ ᠵᠢᠭᠦᠷᠲᠡᠨ ᠤ ᠣᠷᠣᠰᠢᠨ ᠠᠮᠢᠳᠤᠷᠠᠬᠤ ᠭᠠᠵᠠᠷ ᠢᠶᠠᠷ ᠭᠤᠣᠯ ᠬᠠᠮᠠᠭᠠᠯᠠᠬᠤ ᠡᠲᠡᠭᠡᠳ ᠪᠣᠯᠭᠠᠵᠤ᠂ | ᠵᠢᠭᠤᠯᠴᠢᠯᠠᠯ ᠤᠨ ᠡᠬᠢ ᠪᠠᠶᠠᠯᠢᠭ ᠤᠨ ᠲᠥᠷᠥᠯ ᠬᠡᠯᠪᠡᠷᠢ ᠡᠯᠪᠡᠭ ᠪᠠᠶᠠᠯᠢᠭ᠂ ᠢᠯᠠᠩᠭᠤᠶ᠎ᠠ ᠠᠮᠢᠳᠤ ᠪᠣᠳᠠᠰ ᠤᠨ | ᠦᠵᠡᠮᠵᠢ ᠡᠯᠪᠡᠭ᠂ ᠡᠬᠢ ᠪᠠᠶᠠᠯᠢᠭ ᠲᠥᠪᠯᠡᠷᠡᠭᠰᠡᠨ ᠬᠡᠮᠵᠢᠶ᠎ᠡ ᠪᠠᠷ ᠣᠯᠠᠨ ᠵᠦᠢᠯ ᠤᠨ ᠬᠤᠪᠣᠷ ᠴᠤᠬᠠᠭ ᠤᠷᠭᠤᠮᠠᠯ | ᠤᠷᠭᠤᠪᠠ︔ ᠦᠵᠡᠮᠵᠢ ᠶᠢᠨ ᠣᠷᠣᠨ ᠳᠤ ᠪᠠᠰᠠ ᠣᠷᠣᠨ ᠨᠤᠲᠤᠭ ᠤᠨ ᠠᠷᠠᠳ ᠤᠨ ᠵᠠᠩ ᠦᠢᠯᠡ ᠶᠢᠨ ᠰᠣᠶᠣᠯ ᠤᠨ | ᠡᠬᠢ ᠪᠠᠶᠠᠯᠢᠭ᠂ ᠭᠤᠣᠯ ᠰᠡᠳᠦᠪᠲᠦ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠬᠢᠴᠢᠶᠡᠯ ᠵᠡᠷᠭᠡ ᠶᠢ | ᠬᠤᠷᠠᠮᠳᠤᠭᠤᠯᠵᠤ᠂ ᠪᠤᠢ ᠪᠦᠬᠦᠢ ᠠᠭᠤᠯᠭ᠎ᠠ ᠨᠢ ᠴᠥᠮ ᠬᠠᠷᠢᠯᠴᠠᠨ ᠬᠥᠳᠡᠯᠦᠯᠴᠡᠵᠦ ᠪᠡᠶᠡᠴᠢᠯᠡᠨ ᠣᠶᠢᠯᠠᠭᠠᠬᠤ | ᠠᠭᠤᠯᠭ᠎ᠠ ᠶᠢ ᠵᠢᠷᠤᠭᠯᠠᠨ ᠲᠥᠯᠥᠪᠯᠡᠵᠦ᠂ ᠡᠯ᠎ᠡ ᠨᠠᠰᠤᠨ ᠤ ᠱᠠᠲᠤᠨ ᠤ ᠵᠤᠭᠠᠴᠠᠭᠰᠠᠳ ᠣᠷᠣᠯᠴᠠᠬᠤ ᠳᠤ ᠳᠣᠭᠢᠷᠠᠪᠠ᠃ | ᠦᠵᠡᠮᠵᠢ ᠶᠢᠨ ᠣᠷᠣᠨ ᠤ ᠡᠬᠢ ᠪᠠᠶᠠᠯᠢᠭ ᠤᠨ ᠣᠨᠴᠠᠯᠢᠭ ᠨᠢ ᠲᠤᠪᠤᠶᠢᠮ᠎ᠠ᠂ ᠦᠵᠡᠮᠵᠢ ᠶᠢᠨ ᠣᠷᠣᠨ ᠳᠤ ᠪᠠᠭ᠎ᠠ | ᠬᠡᠪᠴᠢᠶ᠎ᠡ ᠪᠠᠷ ᠲᠥᠪᠯᠡᠷᠡᠨ ᠵᠠᠯᠭᠠᠯᠳᠤᠭᠰᠠᠨ ᠠᠷᠭ᠎ᠠ ᠮᠠᠶ᠋ᠢᠭ ᠢᠶᠠᠷ ᠣᠯᠠᠨ ᠶᠠᠩᠵᠤ ᠶᠢᠨ ᠪᠠᠶᠢᠭᠠᠯᠢ ᠶᠢᠨ | ᠵᠢᠭᠤᠯᠴᠢᠯᠠᠯ ᠤᠨ ᠡᠬᠢ ᠪᠠᠶᠠᠯᠢᠭ ᠢ ᠢᠯᠡᠷᠡᠭᠦᠯᠵᠦ᠂ ᠡᠬᠢ ᠪᠠᠶᠠᠯᠢᠭ ᠢ ᠪᠦᠬᠦᠯᠢ ᠴᠣᠭᠴᠠ ᠪᠠᠷ ᠨᠢ ᠡᠯᠪᠡᠭ᠂ | ᠬᠠᠷᠢᠯᠴᠠᠨ ᠨᠥᠬᠦᠪᠥᠷᠢᠯᠡᠬᠦ ᠴᠢᠨᠠᠷ ᠢᠶᠠᠷ ᠴᠢᠩᠭ᠎ᠠ ᠪᠣᠯᠭᠠᠪᠠ︔ ᠦᠵᠡᠮᠵᠢ ᠶᠢᠨ ᠣᠷᠣᠨ ᠳᠤ ᠥᠷᠨᠢᠭᠦᠯᠦᠭᠰᠡᠨ ᠡᠯ᠎ᠡ | ᠲᠥᠷᠥᠯ ᠤᠨ ᠭᠤᠣᠯ ᠰᠡᠳᠦᠪᠲᠦ ᠠᠵᠢᠯᠯᠠᠭ᠎ᠠ ᠶᠢ ᠰᠤᠳᠤᠯᠤᠨ ᠰᠤᠷᠤᠯᠴᠠᠬᠤ ᠪᠠ ᠵᠤᠭᠠᠴᠠᠨ ᠠᠮᠠᠷᠠᠬᠤ ᠦᠨ᠎ᠡ | ᠥᠷᠲᠡᠭ ᠢᠶᠠᠷ ᠥᠨᠳᠥᠷ ᠪᠠᠶᠢᠵᠤ᠂ ᠵᠢᠭᠤᠯᠴᠢᠳ ᠲᠤ ᠣᠯᠠᠨ ᠶᠠᠩᠵᠤ ᠶᠢᠨ ᠪᠥᠭᠡᠳ ᠰᠠᠶᠢᠨ ᠰᠠᠶᠢᠬᠠᠨ ᠠᠮᠢ | ᠠᠬᠤᠢ ᠶᠢᠨ ᠰᠡᠯᠡᠭᠦᠴᠡᠯ ᠤᠨ ᠣᠷᠴᠢᠨ ᠲᠣᠭᠤᠷᠢᠨ᠂ ᠬᠥᠮᠦᠨ ᠨᠡᠶᠢᠭᠡᠮ ᠤᠨ ᠰᠤᠷᠭᠠᠨ ᠬᠥᠮᠦᠵᠢᠯ ᠤᠨ ᠣᠷᠴᠢᠨ | ᠲᠣᠭᠤᠷᠢᠨ ᠬᠢᠭᠡᠳ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠬᠠᠩᠭᠠᠵᠤ᠂ ᠰᠢᠨᠵᠢᠯᠡᠬᠦ ᠤᠬᠠᠭᠠᠨ ᠵᠢᠭᠠᠨ | ᠰᠤᠷᠭᠠᠯᠲᠠ ᠰᠤᠳᠤᠯᠭᠠᠨ᠂ ᠰᠡᠯᠡᠭᠦᠴᠡᠯ ᠤᠨ ᠵᠢᠭᠤᠯᠴᠢᠯᠠᠯ᠂ ᠠᠮᠢ ᠠᠬᠤᠢ ᠶᠢᠨ ᠰᠤᠷᠭᠠᠨ ᠬᠥᠮᠦᠵᠢᠯ᠂ ᠡᠷᠡᠭᠦᠯ | ᠮᠡᠨᠳᠦ ᠶᠢᠨ ᠣᠶᠢᠯᠠᠭᠠᠯᠲᠠ ᠶᠢ ᠨᠢᠭᠡ ᠴᠣᠭᠴᠠᠵᠢᠭᠤᠯᠤᠭᠰᠠᠨ ᠣᠨᠴᠠᠯᠢᠭᠲᠤ ᠦᠵᠡᠮᠵᠢ ᠶᠢᠨ ᠣᠷᠣᠨ ᠪᠣᠯᠪᠠ᠃ | ᠬᠤᠶᠠᠷ᠂ ᠬᠠᠷᠠᠯᠲᠠ ᠶᠢᠨ ᠡᠭᠦᠷᠭᠡ | ︽ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠤᠨ ᠬᠤᠪᠢᠶᠠᠷᠢᠯᠠᠯ ᠬᠢᠭᠡᠳ | ᠰᠢᠯᠭᠠᠨ ᠲᠣᠭᠲᠠᠭᠠᠯᠲᠠ︾ ᠶᠢᠨ ᠤᠯᠤᠰ ᠤᠨ ᠪᠠᠷᠢᠮᠵᠢᠶ᠎ᠠ ᠲᠠᠢ ᠬᠠᠷᠢᠴᠠᠭᠤᠯᠵᠤ᠂ ᠪᠠᠲᠤᠴᠠᠭᠠᠨ ᠤ ᠠᠮᠢ ᠠᠬᠤᠢ ᠠᠮᠢ | ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠤᠯᠤᠰ ᠤᠨ 5A ᠳᠡᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠡᠷᠦᠩᠬᠡᠢ ᠬᠠᠷᠠᠯᠲᠠ ᠪᠣᠯ᠄ ᠦᠢᠯᠡᠴᠢᠯᠡᠭᠡᠨ ᠤ ᠶᠠᠰᠤ ᠴᠢᠨᠠᠷ | ᠬᠢᠭᠡᠳ ᠣᠷᠴᠢᠨ ᠲᠣᠭᠤᠷᠢᠨ ᠤ ᠶᠠᠰᠤ ᠴᠢᠨᠠᠷ ᠤᠨ ᠬᠤᠪᠢ ᠲᠣᠭᠲᠠᠭᠠᠬᠤ ᠨᠠᠷᠢᠨ ᠳᠦᠷᠢᠮ ᠤᠨ ᠬᠡᠰᠡᠭ ᠪᠣᠯ 950 | ᠬᠤᠪᠢ ᠠᠴᠠ ᠳᠡᠭᠡᠭᠰᠢ ᠪᠣᠯᠤᠨ᠎ᠠ︔ ᠦᠵᠡᠮᠵᠢ ᠶᠢᠨ ᠶᠠᠰᠤ ᠴᠢᠨᠠᠷ ᠤᠨ ᠬᠤᠪᠢ ᠲᠣᠭᠲᠠᠭᠠᠬᠤ ᠨᠠᠷᠢᠨ ᠳᠦᠷᠢᠮ ᠤᠨ | ᠬᠡᠰᠡᠭ 90 ᠬᠤᠪᠢ ᠠᠴᠠ ᠳᠡᠭᠡᠭᠰᠢ ᠪᠠᠶᠢᠨ᠎ᠠ︔ ᠵᠢᠭᠤᠯᠴᠢᠯᠠᠭᠴᠢᠳ ᠤᠨ ᠰᠠᠨᠠᠯ ᠤᠨ ᠬᠤᠪᠢ ᠲᠣᠭᠲᠠᠭᠠᠬᠤ ᠨᠠᠷᠢᠨ | ᠳᠦᠷᠢᠮ ᠤᠨ ᠬᠡᠰᠡᠭ 90 ᠬᠤᠪᠢ ᠠᠴᠠ ᠳᠡᠭᠡᠭᠰᠢ ᠪᠠᠶᠢᠳᠠᠭ᠃ ᠪᠣᠳᠠᠲᠠᠢ ᠡᠭᠦᠷᠭᠡ ᠨᠢ ᠳᠣᠣᠷᠠᠬᠢ ᠮᠡᠲᠦ᠄ | ᠵᠢᠭᠤᠯᠴᠢᠯᠠᠯ ᠤᠨ ᠵᠠᠮ ᠬᠠᠷᠢᠯᠴᠠᠭ᠎ᠠ᠄ ᠦᠵᠡᠮᠵᠢ ᠶᠢᠨ ᠣᠷᠣᠨ ᠳᠤ ᠣᠷᠣᠬᠤ ᠵᠠᠮ ᠳᠠᠭᠠᠤ ᠶᠢᠨ ᠵᠠᠮ | ᠬᠠᠷᠢᠯᠴᠠᠭᠠᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠲᠡᠭᠦᠯᠳᠡᠷᠵᠢᠭᠦᠯᠬᠦ ᠠᠵᠢᠯ ᠢ ᠰᠠᠶᠢᠲᠤᠷ ᠬᠢᠨ᠎ᠡ︔ | ᠦᠵᠡᠮᠵᠢ ᠶᠢᠨ ᠣᠷᠣᠨ ᠤ ᠠᠮᠢ ᠠᠬᠤᠢ ᠶᠢᠨ ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠭᠤᠣᠯ ᠵᠢᠭᠤᠯᠴᠢᠯᠠᠯ ᠤᠨ ᠶᠠᠪᠠᠭᠠᠨ ᠵᠠᠮ ᠤᠨ ᠠᠮᠢ ᠠᠬᠤᠶᠢᠴᠢᠯᠠᠭᠰᠠᠨ᠂ | ᠣᠨᠴᠠᠯᠢᠬᠵᠢᠭᠰᠠᠨ ᠪᠠ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠦᠵᠡᠮᠵᠢ ᠶᠢᠨ ᠣᠷᠣᠨ ᠤ | ᠣᠷᠴᠢᠨ ᠲᠣᠭᠤᠷᠢᠨ᠂ ᠬᠡᠪ ᠨᠠᠮᠪᠠ ᠯᠤᠭ᠎ᠠ ᠵᠣᠬᠢᠴᠠᠭᠰᠠᠨ ᠵᠢᠭᠤᠯᠴᠢᠯᠠᠯ ᠤᠨ ᠶᠠᠪᠠᠭᠠᠨ ᠵᠠᠮ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠎ᠡ᠃ | ᠵᠢᠭᠤᠯᠴᠢᠯᠠᠯ ᠤᠨ ᠦᠢᠯᠡᠴᠢᠯᠡᠭᠡ᠄ ᠭᠤᠶᠣ ᠰᠠᠶᠢᠬᠠᠨ᠂ ᠥᠪᠡᠷᠮᠢᠴᠡ ᠣᠨᠴᠠᠯᠢᠭ ᠲᠠᠢ ᠡᠭᠦᠳᠡᠨ ᠪᠢᠯᠧᠲ ᠢ | ᠵᠢᠷᠤᠵᠤ ᠲᠥᠯᠥᠪᠯᠡᠨ ᠦᠢᠯᠡᠳᠦᠨ᠎ᠡ︔ ᠺᠣᠮᠫᠢᠦ᠋ᠲ᠋ᠧᠷ ᠤᠨ ᠠᠰᠠᠭᠤᠨ ᠯᠠᠪᠯᠠᠬᠤ ᠰᠢᠰᠲ᠋ᠧᠮ᠂ ᠺᠢᠨᠣ᠋ ᠲᠧᠯᠸᠢᠰ ᠤᠨ | ᠲᠢᠩᠬᠢᠮ᠂ ᠠᠮᠠᠷᠠᠬᠤ ᠲᠢᠩᠬᠢᠮ᠂ ᠪᠢᠯᠧᠲ ᠬᠤᠳᠠᠯᠳᠤᠬᠤ ᠲᠢᠩᠬᠢᠮ᠂ ᠠᠰᠠᠭᠤᠨ ᠯᠠᠪᠯᠠᠬᠤ ᠪᠠ ᠵᠠᠭᠠᠯᠳᠤᠯᠭ᠎ᠠ ᠶᠢ | ᠬᠦᠯᠢᠶᠡᠨ ᠠᠪᠬᠤ ᠭᠠᠵᠠᠷ᠂ ᠵᠢᠭᠤᠯᠴᠢᠯᠠᠯ ᠤᠨ ᠬᠥᠲᠥᠴᠢ ᠶᠢᠨ ᠬᠤᠯᠪᠣᠭ᠎ᠠ ᠠᠪᠬᠤ ᠭᠠᠵᠠᠷ᠂ ᠰᠢᠤᠳᠠᠨ ᠶᠠᠪᠤᠳᠠᠯ ᠪᠠ | ᠳᠤᠷᠠᠰᠬᠠᠯ ᠤᠨ ᠡᠳ᠋ ᠤᠨ ᠦᠢᠯᠡᠴᠢᠯᠡᠭᠡ᠂ ᠵᠢᠭᠤᠯᠴᠢᠯᠠᠯ ᠤᠨ ᠲᠠᠰᠤᠭ᠂ ᠣᠯᠠᠨ ᠬᠡᠯᠡᠨ ᠤ ᠠᠪᠢᠶᠠᠨ ᠤ | ᠵᠢᠭᠤᠯᠴᠢᠯᠠᠯ ᠤᠨ ᠦᠢᠯᠡᠴᠢᠯᠡᠭᠡ ᠬᠠᠩᠭᠠᠬᠤ ᠵᠡᠷᠭᠡ ᠣᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ | ᠵᠤᠭᠠᠴᠠᠭᠰᠠᠳ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ︔ | ᠬᠥᠲᠥᠯᠥᠨ ᠵᠢᠯᠣᠭᠤᠳᠬᠤ ᠲᠡᠮᠳᠡᠭ ᠤᠨ ᠰᠢᠰᠲ᠋ᠧᠮ ᠢ ᠤᠯᠠᠮ ᠨᠢᠭᠡ ᠠᠯᠬᠤᠮ ᠵᠢᠷᠤᠮᠵᠢᠭᠤᠯᠤᠨ ᠲᠡᠭᠦᠯᠳᠡᠷᠵᠢᠭᠦᠯᠦᠨ᠎ᠡ︔ | ᠵᠢᠭᠤᠯᠴᠢᠯᠠᠯ ᠤᠨ ᠬᠥᠲᠥᠴᠢ ᠶᠢᠨ ᠲᠠᠶᠢᠯᠤᠮᠵᠢ ᠶᠢᠨ ᠦᠢᠯᠡᠴᠢᠯᠡᠭᠡᠨ ᠤ ᠪᠦᠲᠦᠴᠡ ᠪᠠ ᠬᠢᠷᠢ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠵᠤᠭᠠᠴᠠᠭᠰᠠᠳ ᠤᠨ ᠣᠯᠠᠨ ᠨᠡᠶᠢᠲᠡ ᠶᠢᠨ ᠠᠮᠠᠷᠠᠯᠲᠠ ᠶᠢᠨ | ᠲᠥᠬᠦᠭᠡᠷᠦᠮᠵᠢ ᠪᠠ ᠦᠵᠡᠮᠵᠢ ᠰᠣᠨᠢᠷᠬᠠᠬᠤ ᠪᠡᠯᠡᠳᠬᠡᠮᠵᠢ ᠶᠢ ᠵᠦᠢ ᠵᠣᠬᠢᠰᠲᠠᠢ ᠪᠠᠶᠢᠷᠢᠰᠢᠭᠤᠯᠤᠨ᠎ᠠ︔ ᠦᠵᠡᠮᠵᠢ ᠶᠢᠨ | ᠣᠷᠣᠨ ᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠵᠢᠷᠤᠭ ᠲᠡᠮᠳᠡᠭ ᠲᠣᠬᠢᠷᠠᠭᠤᠯᠬᠤ ᠶᠢ ᠪᠦᠬᠦ ᠲᠠᠯ᠎ᠠ ᠪᠠᠷ | ᠲᠡᠭᠦᠯᠳᠡᠷᠵᠢᠭᠦᠯᠦᠨ᠎ᠡ᠃ | ᠵᠢᠭᠤᠯᠴᠢᠯᠠᠯ ᠤᠨ ᠠᠮᠤᠷ ᠲᠦᠪᠰᠢᠨ᠄ ᠵᠦᠢ ᠵᠣᠬᠢᠰᠲᠠᠢ ᠪᠦᠷᠢᠨ ᠲᠡᠭᠦᠯᠳᠡᠷ ᠠᠮᠤᠷ ᠲᠦᠪᠰᠢᠨ ᠤ | ᠬᠠᠮᠠᠭᠠᠯᠠᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ | ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯᠲᠠᠨ ᠢ ᠲᠡᠭᠦᠯᠳᠡᠷᠵᠢᠭᠦᠯᠵᠦ᠂ ᠠᠮᠤᠷ | ᠲᠦᠪᠰᠢᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠎ᠠ︔ ᠣᠷᠭᠢᠯ ᠤᠨ ᠬᠤᠭᠤᠴᠠᠭᠠᠨ ᠤ ᠵᠤᠭᠠᠴᠠᠭᠰᠠᠳ ᠤᠨ | ᠠᠮᠤᠷ ᠲᠦᠪᠰᠢᠨ ᠤ ᠰᠢᠢᠳᠪᠦᠷᠢᠯᠡᠬᠦ ᠪᠡᠯᠡᠳᠬᠡᠯ ᠲᠥᠰᠦᠯ ᠪᠣᠯᠤᠨ ᠣᠨᠴᠠᠭᠠᠢ ᠪᠠᠶᠢᠳᠠᠯ ᠤᠨ ᠠᠮᠤᠷ ᠲᠦᠪᠰᠢᠨ ᠤ | ᠰᠢᠢᠳᠪᠦᠷᠢᠯᠡᠯᠲᠡ ᠶᠢᠨ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠠᠶᠤᠯ ᠲᠠᠢ ᠣᠷᠣᠨ ᠪᠦᠰᠡ ᠶᠢᠨ ᠠᠮᠤᠷ | ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠭᠠᠯ ᠤᠨᠲᠠᠷᠠᠭᠠᠬᠤ ᠵᠡᠷᠭᠡ | ᠲᠥᠬᠦᠭᠡᠷᠦᠮᠵᠢ ᠶᠢ ᠪᠦᠷᠢᠳᠦᠭᠦᠯᠵᠦ᠂ ᠠᠮᠤᠷ ᠲᠦᠪᠰᠢᠨ ᠤ ᠬᠢᠨᠠᠨ ᠡᠵᠡᠮᠳᠡᠬᠦ ᠲᠥᠬᠦᠭᠡᠷᠦᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ︔ ᠠᠮᠤᠷ ᠲᠦᠪᠰᠢᠨ ᠤ ᠤᠬᠠᠭᠤᠯᠭ᠎ᠠ ᠶᠢ ᠴᠢᠩᠭᠠᠳᠬᠠᠨ᠎ᠠ︔ ᠠᠮᠤᠷ ᠲᠦᠪᠰᠢᠨ ᠤ ᠰᠡᠷᠡᠮᠵᠢ ᠶᠢᠨ | ᠲᠡᠮᠳᠡᠭ ᠲᠠᠯᠪᠢᠵᠤ᠂ ᠡᠮᠴᠢᠯᠡᠭᠡᠨ ᠤ ᠦᠢᠯᠡᠴᠢᠯᠡᠭᠡ ᠪᠣᠯᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠴᠡᠭ ᠢ | ᠪᠠᠶᠢᠭᠤᠯᠵᠤ᠂ ᠪᠠᠴᠢᠮ ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠤᠨ᠎ᠠ᠃ | ᠠᠷᠢᠭᠤᠨ ᠴᠡᠪᠡᠷ᠄ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ | ᠲᠠᠯᠠᠪᠤᠷ ᠭᠠᠵᠠᠷ ᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠵᠤ᠂ ᠭᠠᠵᠠᠷ ᠳᠡᠭᠡᠷᠡᠬᠢ ᠠᠷᠢᠭᠤᠨ ᠴᠡᠪᠡᠷ᠂ ᠪᠠᠷᠢᠯᠭ᠎ᠠ | ᠵᠢᠴᠢ ᠡᠯ᠎ᠡ ᠵᠦᠢᠯ ᠤᠨ ᠪᠡᠯᠡᠳᠬᠡᠮᠵᠢ ᠲᠥᠬᠦᠭᠡᠷᠦᠮᠵᠢ ᠨᠢ ᠱᠠᠭᠠᠯᠵᠤ ᠤᠨᠠᠭᠠᠬᠤ᠂ ᠡᠪᠳᠡᠭᠳᠡᠭᠰᠡᠨ᠂ ᠪᠤᠵᠠᠷ ᠪᠤᠷᠲᠠᠭ | ᠵᠡᠷᠭᠡ ᠣᠷᠣᠮ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ︔ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ | ᠴᠢᠩᠭᠠᠳᠬᠠᠵᠤ᠂ ᠪᠣᠬᠢᠷ ᠤᠰᠤ ᠭᠠᠳᠠᠭᠰᠢᠯᠠᠭᠤᠯᠬᠤ ᠲᠥᠬᠦᠭᠡᠷᠦᠮᠵᠢ ᠨᠢ ᠪᠦᠷᠢᠨ ᠭᠦᠢᠴᠡᠳ᠂ ᠪᠦᠷᠢᠨ ᠪᠦᠲᠦᠨ | ᠪᠠᠶᠢᠵᠤ᠂ ᠭᠠᠵᠠᠷ ᠤᠨ ᠭᠠᠳᠠᠷᠭᠤ ᠶᠢ ᠪᠣᠬᠢᠷᠲᠤᠭᠤᠯᠬᠤ ᠦᠭᠡᠢ ᠪᠠᠶᠢᠵᠤ᠂ ᠬᠤᠭ ᠨᠣᠪᠰᠢ ᠶᠢ ᠴᠡᠪᠡᠷᠯᠡᠬᠦ ᠦᠭᠡᠢ | ᠡᠳᠦᠷ ᠲᠤ ᠴᠡᠪᠡᠷᠯᠡᠬᠦ ᠶᠢᠨ ᠬᠠᠮᠲᠤ ᠮᠥᠷᠳᠡᠨ ᠴᠡᠪᠡᠷᠯᠡᠵᠦ᠂ ᠬᠤᠭ ᠨᠣᠪᠰᠢ ᠶᠢᠨ ᠰᠠᠪᠠ ᠶᠢᠨ ᠪᠠᠶᠢᠷᠢᠰᠢᠭᠤᠯᠤᠯ ᠨᠢ | ᠵᠦᠢ ᠵᠣᠬᠢᠰᠲᠠᠢ᠂ ᠲᠤᠭ᠎ᠠ ᠬᠡᠮᠵᠢᠶ᠎ᠡ ᠨᠢ ᠭᠦᠢᠴᠡᠳ ᠪᠠᠶᠢᠵᠤ᠂ ᠲᠥᠷᠥᠯ ᠬᠤᠪᠢᠶᠠᠭᠰᠠᠨ ᠬᠤᠭ ᠨᠣᠪᠰᠢ ᠶᠢᠨ | ᠰᠠᠪᠠ ᠶᠢ ᠪᠠᠶᠢᠭᠤᠯᠵᠤ᠂ ᠦᠵᠡᠮᠵᠢ ᠶᠢᠨ ᠣᠷᠣᠨ ᠤ ᠬᠤᠭ ᠨᠣᠪᠰᠢ ᠶᠢ ᠰᠢᠢᠳᠪᠦᠷᠢᠯᠡᠬᠦ ᠳᠠᠮᠵᠢᠭᠤᠯᠬᠤ ᠰᠢᠰᠲ᠋ᠧᠮ ᠢ | ᠲᠦᠷᠭᠡᠪᠴᠢᠯᠡᠨ ᠪᠠᠶᠢᠭᠤᠯᠤᠨ᠎ᠠ︔ ᠦᠵᠡᠮᠵᠢ ᠶᠢᠨ ᠣᠷᠣᠨ ᠳᠤ ᠲᠠᠮᠠᠬᠢ ᠲᠠᠲᠠᠬᠤ ᠶᠢ ᠴᠢᠩᠭ᠎ᠠ ᠴᠠᠭᠠᠵᠠᠯᠠᠨ᠎ᠠ︔ | ᠢᠳᠡᠭᠡᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢ ᠴᠢᠩᠭᠠᠳᠬᠠᠨ᠎ᠠ︔ ᠢᠳᠡᠭᠡᠨ ᠤ ᠠᠷᠢᠭᠤᠨ ᠴᠡᠪᠡᠷ ᠤᠨ | ᠬᠠᠮᠢᠶᠠᠷᠤᠯᠲᠠ ᠶᠢ ᠴᠢᠩᠭᠠᠳᠬᠠᠨ᠎ᠠ︔ ᠵᠣᠷᠯᠣᠩ ᠢ ᠥᠭᠡᠷᠡᠴᠢᠯᠡᠬᠦ ᠪᠤᠶᠤ ᠥᠷᠭᠡᠳᠬᠡᠨ ᠪᠠᠶᠢᠭᠤᠯᠬᠤ ᠶᠢ ᠴᠢᠩᠭᠠᠳᠬᠠᠵᠤ | ᠂ ᠣᠷᠣᠨ ᠪᠠᠶᠢᠷᠢ ᠨᠢ ᠵᠦᠢ ᠵᠣᠬᠢᠰᠲᠠᠢ᠂ ᠲᠤᠭ᠎ᠠ ᠬᠡᠮᠵᠢᠶ᠎ᠡ ᠨᠢ ᠭᠦᠢᠴᠡᠳ᠂ ᠵᠡᠮᠳᠡᠭᠴᠦᠳ ᠢ ᠬᠠᠷᠠᠭᠠᠯᠵᠠᠬᠤ ᠶᠢ | ᠪᠡᠶᠡᠯᠡᠭᠦᠯᠵᠦ᠂ ᠭᠠᠳᠠᠷ ᠮᠠᠶ᠋ᠢᠭ ᠨᠢ ᠭᠤᠶᠣ ᠰᠠᠶᠢᠬᠠᠨ ᠪᠠᠶᠢᠵᠤ᠂ ᠪᠤᠢ ᠪᠦᠬᠦᠢ ᠵᠣᠷᠯᠣᠩ ᠢ ᠥᠭᠡᠷᠡᠴᠢᠯᠡᠨ ᠳᠡᠰ | ᠳᠡᠪᠰᠢᠭᠦᠯᠵᠦ᠂ ᠭᠤᠷᠪᠠᠨ ᠣᠳᠣᠨ ᠳᠡᠰ ᠠᠴᠠ ᠳᠡᠭᠡᠭᠰᠢ ᠳᠤ ᠬᠦᠷᠦᠭᠦᠯᠦᠨ᠎ᠡ᠃ | ᠰᠢᠤᠳᠠᠨ ᠤ ᠦᠢᠯᠡᠴᠢᠯᠡᠭᠡ᠄ ᠦᠵᠡᠮᠵᠢ ᠶᠢᠨ ᠣᠷᠣᠨ ᠳᠤ ᠰᠢᠤᠳᠠᠨ ᠤ ᠳᠤᠷᠠᠰᠬᠠᠯ ᠤᠨ ᠦᠢᠯᠡᠴᠢᠯᠡᠭᠡᠨ ᠲᠠᠢ᠂ | ᠴᠠᠬᠢᠯᠭᠠᠨ ᠮᠡᠳᠡᠭᠡᠨ ᠤ ᠦᠢᠯᠡᠴᠢᠯᠡᠭᠡ ᠲᠠᠢ᠂ ᠲᠤᠭ᠎ᠠ ᠬᠡᠮᠵᠢᠶ᠎ᠡ ᠭᠦᠢᠴᠡᠳ ᠨᠡᠶᠢᠲᠡ ᠶᠢᠨ ᠳ᠋ᠢᠶᠠᠩᠬᠤᠸᠠ ᠪᠠᠶᠢᠵᠤ᠂ | ᠦᠵᠡᠮᠵᠢ ᠶᠢᠨ ᠣᠷᠣᠨ ᠤ ᠳᠣᠲᠣᠷᠠᠬᠢ ᠪᠤᠢ ᠪᠦᠬᠦᠢ ᠦᠵᠡᠮᠵᠢ ᠶᠢᠨ ᠭᠠᠵᠠᠷ ᠴᠥᠮ ᠰᠢᠯᠵᠢᠮᠡᠯ ᠳ᠋ᠢᠶᠠᠩᠬᠤᠸᠠ ᠶᠢᠨ | ᠳᠣᠬᠢ᠊ ᠡᠶ᠎ᠡ ᠶᠢ ᠬᠦᠯᠢᠶᠡᠨ ᠠᠪᠴᠤ ᠪᠣᠯᠤᠨ᠎ᠠ᠃ | ᠵᠢᠭᠤᠯᠴᠢᠯᠠᠯ ᠤᠨ ᠪᠠᠷᠠᠭ᠎ᠠ ᠬᠤᠳᠠᠯᠳᠤᠨ ᠠᠪᠬᠤ᠄ ᠪᠠᠷᠠᠭ᠎ᠠ ᠬᠤᠳᠠᠯᠳᠤᠨ ᠠᠪᠬᠤ ᠲᠠᠯᠠᠪᠤᠷ ᠭᠠᠵᠠᠷ ᠤᠨ | ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢ ᠴᠢᠩᠭᠠᠳᠬᠠᠨ᠎ᠠ᠂ ᠨᠢᠭᠡᠳᠦᠯᠲᠡᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ | ᠪᠠ ᠠᠷᠭ᠎ᠠ ᠪᠠᠷᠢᠯ ᠲᠠᠢ ᠪᠠᠶᠢᠵᠤ᠂ ᠬᠤᠳᠠᠯᠳᠤᠬᠤ ᠶᠢ ᠰᠡᠭᠦᠯ ᠬᠤᠷᠢᠶᠠᠬᠤ ᠦᠭᠡᠢ ᠪᠠᠷ ᠨᠡᠬᠡᠮᠵᠢᠯᠡᠬᠦ᠂ ᠠᠯᠪᠠᠳᠠᠯᠭ᠎ᠠ ᠪᠠᠷ | ᠬᠤᠳᠠᠯᠳᠤᠨ ᠠᠪᠴᠤ ᠠᠯᠪᠠᠳᠠᠯᠭ᠎ᠠ ᠪᠠᠷ ᠬᠤᠳᠠᠯᠳᠤᠬᠤ ᠦᠵᠡᠭᠳᠡᠯ ᠲᠠᠢ᠂ ᠪᠠᠲᠤᠴᠠᠭᠠᠨ ᠤ ᠠᠮᠢ ᠠᠬᠤᠢ ᠶᠢᠨ | ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠨᠴᠠᠯᠢᠭ ᠲᠠᠢ ᠵᠢᠭᠤᠯᠴᠢᠯᠠᠯ ᠤᠨ ᠲᠠᠸᠠᠷ ᠢ ᠨᠡᠭᠡᠭᠡᠨ ᠬᠥᠭᠵᠢᠭᠦᠯᠦᠨ᠎ᠡ᠃ | | ᠶᠡᠷᠦᠩᠬᠡᠶᠢᠯᠡᠨ ᠬᠠᠮᠢᠶᠠᠷᠬᠤ᠄ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠭᠦᠷᠭᠡ | ᠴᠢᠳᠠᠪᠤᠷᠢ ᠪᠠ ᠳᠦᠷᠢᠮ ᠲᠣᠭᠲᠠᠭᠠᠯ ᠢᠶᠠᠨ ᠪᠦᠷᠢᠨᠰᠢᠭᠦᠯᠵᠦ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠢ᠂ ᠬᠦᠴᠦᠲᠡᠢ | ᠪᠠᠶᠢᠬᠤ ᠶᠢ ᠪᠡᠶᠡᠯᠡᠭᠦᠯᠦᠨ᠎ᠡ︔ ᠰᠠᠶᠢᠨ ᠰᠠᠶᠢᠬᠠᠨ ᠦᠵᠡᠮᠵᠢ ᠶᠢᠨ ᠣᠷᠣᠨ ᠤ ᠳᠦᠷᠢ ᠲᠥᠷᠬᠦ ᠨᠢ᠂ ᠪᠦᠷᠢᠨ ᠪᠦᠲᠦᠨ | ᠵᠢᠭᠤᠯᠴᠢᠯᠠᠯ ᠤᠨ ᠲᠥᠯᠥᠪᠵᠢᠭᠦᠯᠭᠡ ᠲᠠᠢ ᠪᠥᠭᠡᠳ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ᠡᠬᠢ ᠪᠠᠶᠠᠯᠢᠭ ᠪᠠ ᠣᠷᠴᠢᠨ ᠲᠣᠭᠤᠷᠢᠨ ᠤ ᠬᠠᠮᠠᠭᠠᠯᠠᠯᠲᠠ᠄ ᠠᠭᠠᠷ ᠤᠨ ᠶᠠᠰᠤ ᠴᠢᠨᠠᠷ᠂ ᠱᠤᠤᠭᠢᠶᠠᠨ ᠢ ᠴᠥᠮ | ᠤᠯᠤᠰ ᠤᠨ ᠨᠢᠭᠡᠳᠦᠭᠡᠷ ᠲᠥᠷᠥᠯ ᠤᠨ ᠪᠠᠷᠢᠮᠵᠢᠶ᠎ᠠ ᠳᠤ ᠬᠦᠷᠦᠭᠦᠯᠦᠨ᠎ᠡ︔ ᠭᠠᠵᠠᠷ ᠳᠡᠭᠡᠷᠡᠬᠢ ᠤᠰᠤᠨ ᠤ ᠶᠠᠰᠤ | ᠴᠢᠨᠠᠷ ᠢ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠬᠦᠷᠦᠭᠦᠯᠵᠦ᠂ ᠦᠵᠡᠮᠵᠢ ᠶᠢᠨ ᠣᠷᠣᠨ ᠤ ᠳᠣᠲᠣᠷᠠᠬᠢ | ᠣᠷᠴᠢᠨ ᠲᠣᠭᠤᠷᠢᠨ ᠤ ᠠᠭᠤᠷ ᠠᠮᠢᠰᠬᠤᠯ ᠰᠠᠶᠢᠨ᠂ ᠣᠷᠣᠵᠤ ᠭᠠᠷᠬᠤ ᠭᠠᠵᠠᠷ ᠤᠨ ᠭᠤᠣᠯ ᠴᠣᠭᠴᠠ ᠶᠢᠨ | ᠪᠠᠷᠢᠯᠭ᠎ᠠ ᠶᠢᠨ ᠬᠡᠪ ᠨᠠᠮᠪᠠ ᠨᠢ ᠭᠤᠶᠣ ᠰᠠᠶᠢᠬᠠᠨ᠂ ᠦᠵᠡᠮᠵᠢ ᠶᠢᠨ ᠣᠷᠣᠨ ᠤ ᠳᠣᠲᠣᠷᠠᠬᠢ ᠦᠨᠳᠦᠰᠦᠨ | ᠪᠠᠷᠢᠯᠭ᠎ᠠ ᠶᠢᠨ ᠪᠠᠭᠲᠠᠭᠠᠮᠵᠢ ᠬᠡᠮᠵᠢᠶ᠎ᠡ᠂ ᠭᠠᠵᠠᠷ ᠰᠣᠩᠭᠤᠬᠤ᠂ ᠮᠠᠲ᠋ᠧᠷᠢᠶᠠᠯ ᠬᠡᠷᠡᠭᠯᠡᠬᠦ᠂ ᠪᠦᠲᠦᠭᠡᠨ ᠪᠠᠶᠢᠭᠤᠯᠬᠤ ᠶᠢ | ᠦᠵᠡᠮᠵᠢ ᠯᠦᠭᠡ ᠬᠠᠷᠢᠯᠴᠠᠨ ᠵᠣᠬᠢᠴᠠᠬᠤ᠂ ᠬᠤᠳᠠᠯᠳᠤᠭᠠᠨ ᠤ ᠵᠠᠷ ᠮᠡᠳᠡᠭᠡ᠂ ᠦᠢᠯᠡᠴᠢᠯᠡᠭᠡᠨ ᠤ ᠫᠠᠶᠢᠰᠠ ᠲᠡᠮᠳᠡᠭ | ᠬᠡᠲᠦᠷᠬᠡᠢ ᠲᠣᠪᠤᠶᠢᠮ᠎ᠠ᠂ ᠤᠷᠢᠶ᠎ᠠ ᠯᠣᠽᠦ᠋ᠩ ᠤᠷᠢᠶ᠎ᠠ ᠵᠢᠴᠢ ᠪᠠᠶᠢᠷᠢᠯᠠᠭᠤᠯᠬᠤ ᠠᠷᠭ᠎ᠠ ᠮᠠᠶ᠋ᠢᠭ ᠨᠢ ᠰᠣᠶᠣᠯ ᠤᠨ ᠴᠢᠨᠠᠷ | ᠂ ᠤᠷᠠᠯᠢᠭ ᠤᠨ ᠴᠢᠨᠠᠷ ᠬᠢᠭᠡᠳ ᠦᠵᠡᠮᠵᠢ ᠶᠢᠨ ᠣᠷᠣᠨ ᠢ ᠴᠢᠬᠤᠯᠠᠴᠢᠯᠠᠵᠤ᠂ ᠨᠣᠭᠤᠭᠠᠷᠠᠭᠤᠯᠵᠤ ᠭᠤᠶᠤᠵᠢᠭᠤᠯᠬᠤ | ᠠᠷᠭ᠎ᠠ ᠬᠡᠮᠵᠢᠶ᠎ᠡ ᠨᠢ ᠣᠯᠠᠨ ᠶᠠᠩᠵᠤ ᠶᠢᠨ ᠪᠠᠶᠢᠵᠤ᠂ ᠦᠷ᠎ᠡ ᠪᠦᠲᠦᠮᠵᠢ ᠨᠢ ᠰᠠᠶᠢᠨ ᠪᠠᠶᠢᠬᠤ ᠬᠡᠷᠡᠭᠲᠡᠢ︔ | ᠦᠵᠡᠮᠵᠢ ᠶᠢᠨ ᠣᠷᠣᠨ ᠤ ᠳᠣᠲᠣᠷᠠᠬᠢ ᠬᠤᠭᠤᠯᠠᠨ ᠭᠡᠷ ᠲᠤ ᠨᠢᠭᠡ ᠯᠡ ᠤᠳᠠᠭ᠎ᠠ ᠶᠢᠨ ᠴᠢᠨᠠᠷᠲᠠᠢ ᠬᠤᠭᠤᠯᠠᠨ ᠤ ᠰᠠᠪᠠ | ᠬᠡᠷᠡᠭᠰᠡᠯ ᠬᠡᠷᠡᠭᠯᠡᠬᠦ ᠦᠭᠡᠢ ᠵᠡᠷᠭᠡ ᠣᠷᠴᠢᠨ ᠲᠣᠭᠤᠷᠢᠨ ᠢ ᠬᠠᠮᠠᠭᠠᠯᠠᠬᠤ ᠪᠤᠰᠤ ᠮᠠᠲ᠋ᠧᠷᠢᠶᠠᠯ ᠬᠡᠷᠡᠭᠯᠡᠬᠦ ᠬᠡᠷᠡᠭᠲᠡᠢ᠃ | ᠦᠵᠡᠮᠵᠢ ᠶᠢᠨ ᠶᠠᠰᠤ ᠴᠢᠨᠠᠷ᠄ ᠪᠠᠲᠤᠴᠠᠭᠠᠨ ᠤ ᠡᠬᠢ ᠪᠠᠶᠠᠯᠢᠭ ᠤᠨ ᠣᠨᠴᠠᠯᠢᠭ ᠪᠠ ᠳᠠᠪᠠᠭᠤᠯᠢᠭ ᠢ ᠭᠦᠢᠴᠡᠳ | ᠲᠣᠪᠤᠶᠢᠯᠭᠠᠵᠤ᠂ ᠪᠠᠲᠤᠴᠠᠭᠠᠨ ᠤ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠬᠢ ᠪᠠᠶᠠᠯᠢᠭ ᠤᠨ | ᠲᠠᠲᠠᠬᠤ ᠬᠦᠴᠦᠨ ᠪᠠ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠦᠨᠡᠨᠬᠦ ᠳᠡᠭᠡᠭᠰᠢᠯᠡᠭᠦᠯᠦᠨ᠎ᠡ᠃ ᠦᠵᠡᠮᠵᠢ ᠶᠢᠨ | ᠭᠠᠵᠠᠷ ᠢ ᠡᠮᠬᠢᠯᠡᠨ ᠨᠡᠶᠢᠯᠡᠭᠦᠯᠬᠦ᠂ ᠠᠭᠤᠳᠠᠯᠬᠤ᠂ ᠠᠰᠢᠭᠯᠠᠬᠤ ᠡᠷᠴᠢᠮ ᠢ ᠭᠤᠣᠯᠳᠠᠯᠭ᠎ᠠ ᠲᠠᠢ ᠴᠢᠩᠭᠠᠷᠠᠭᠤᠯᠵᠤ᠂ ᠠᠮᠢ | ᠠᠬᠤᠢ ᠶᠢᠨ ᠰᠤᠳᠤᠯᠤᠨ ᠰᠤᠷᠤᠯᠴᠠᠬᠤ᠂ ᠪᠠᠶᠢᠭᠠᠯᠢ ᠶᠢᠨ ᠦᠵᠡᠮᠵᠢ ᠵᠡᠷᠭᠡ ᠦᠵᠡᠮᠦᠷᠢ ᠶᠢᠨ ᠲᠠᠯ᠎ᠠ ᠪᠠᠷ ᠮᠠᠰᠢ | ᠥᠨᠳᠥᠷ ᠪᠦᠬᠦᠢ ᠪᠠᠰᠠ ᠲᠦᠢᠯ ᠤᠨ ᠥᠨᠳᠥᠷ ᠲᠡᠦᠬᠡ ᠶᠢᠨ ᠦᠨ᠎ᠡ ᠥᠷᠲᠡᠭ᠂ ᠰᠣᠶᠣᠯ ᠤᠨ ᠦᠨ᠎ᠡ ᠥᠷᠲᠡᠭ᠂ | ᠰᠢᠨᠵᠢᠯᠡᠬᠦ ᠤᠬᠠᠭᠠᠨᠴᠢ ᠦᠨ᠎ᠡ ᠥᠷᠲᠡᠭ ᠲᠠᠢ ᠨᠢᠭᠡ ᠪᠦᠯᠦᠭ ᠵᠢᠭᠤᠯᠴᠢᠯᠠᠯ ᠤᠨ ᠡᠬᠢ ᠪᠠᠶᠠᠯᠢᠭ ᠤᠨ ᠲᠥᠷᠥᠯ | ᠵᠦᠢᠯ ᠢ ᠲᠠᠨᠢᠯᠴᠠᠭᠤᠯᠵᠤ᠂ ᠭᠤᠣᠯ ᠰᠡᠳᠦᠪ ᠨᠢ ᠢᠯᠡ ᠲᠣᠳᠣ᠂ ᠣᠨᠴᠠᠯᠢᠭ ᠨᠢ ᠲᠣᠪᠤᠶᠢᠮ᠎ᠠ᠂ ᠥᠪᠡᠷᠮᠢᠴᠡ | ᠪᠦᠲᠦᠭᠡᠯᠴᠢ ᠴᠢᠨᠠᠷ ᠢᠶᠠᠷ ᠴᠢᠩᠭ᠎ᠠ ᠵᠢᠭᠤᠯᠴᠢᠯᠠᠯ ᠤᠨ ᠵᠠᠮ ᠱᠤᠭᠤᠮ ᠢ ᠪᠤᠢ ᠪᠣᠯᠭᠠᠨ᠎ᠠ᠃ | ᠵᠤᠭᠠᠴᠠᠭᠰᠠᠳ ᠤᠨ ᠰᠠᠨᠠᠯ᠄ ᠵᠤᠭᠠᠴᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠨᠢ | ᠵᠤᠭᠠᠴᠠᠭᠰᠠᠳ ᠤᠨ ᠰᠠᠨᠠᠯ ᠳᠤ ᠬᠤᠪᠢ ᠥᠭᠴᠦ᠂ ᠵᠤᠭᠠᠴᠠᠭᠰᠠᠳ ᠤᠨ ᠲᠤᠰ ᠵᠤᠭᠠᠴᠠᠯ ᠤᠨ ᠦᠵᠡᠮᠵᠢ ᠶᠢᠨ | ᠣᠷᠣᠨ ᠳᠤ ᠲᠠᠯᠪᠢᠭᠰᠠᠨ ᠶᠡᠷᠦᠩᠬᠡᠶᠢᠯᠡᠭᠰᠡᠨ ᠬᠠᠨᠤᠮᠵᠢ ᠶᠢᠨ ᠬᠡᠮᠵᠢᠶ᠎ᠡ ᠪᠠᠷ ᠦᠨᠳᠦᠰᠦᠯᠡᠯ ᠪᠣᠯᠭᠠᠬᠤ ᠶᠢ ᠱᠠᠭᠠᠷᠳᠠᠨ᠎ᠠ᠃ | ᠰᠢᠯᠭᠠᠨ ᠪᠠᠶᠢᠴᠠᠭᠠᠬᠤ ᠠᠭᠤᠯᠭ᠎ᠠ ᠳᠤ ᠭᠤᠣᠯᠳᠠᠭᠤ ᠶᠡᠷᠦᠩᠬᠡᠢ ᠰᠠᠭᠤᠭᠳᠠᠯ ᠵᠢᠴᠢ ᠭᠠᠳᠠᠭᠠᠳᠤ ᠵᠠᠮ ᠬᠠᠷᠢᠯᠴᠠᠭ᠎ᠠ᠂ | ᠳᠣᠲᠣᠭᠠᠳᠤ ᠶᠢᠨ ᠵᠤᠭᠠᠴᠠᠯ ᠤᠨ ᠵᠠᠮ ᠱᠤᠭᠤᠮ᠂ ᠦᠵᠡᠮᠵᠢ ᠰᠣᠨᠢᠷᠬᠠᠬᠤ ᠪᠡᠯᠡᠳᠬᠡᠮᠵᠢ᠂ ᠵᠠᠮ ᠤᠨ ᠲᠡᠮᠳᠡᠭ | ᠵᠢᠭᠠᠪᠤᠷᠢ᠂ ᠦᠵᠡᠮᠵᠢ ᠶᠢᠨ ᠪᠣᠳᠠᠰ ᠲᠠᠨᠢᠯᠴᠠᠭᠤᠯᠬᠤ ᠵᠡᠷᠭᠡ 16 ᠳᠠᠩ ᠲᠥᠷᠥᠯ ᠪᠠᠭᠲᠠᠨ᠎ᠠ᠃ | ᠭᠤᠷᠪᠠ᠂ ᠮᠡᠳᠡᠭᠦᠯᠬᠦ ᠳᠡᠰ ᠳᠠᠷᠠᠭᠠᠯᠠᠯ | ᠤᠯᠤᠰ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠰᠣᠶᠣᠯ ᠪᠠ ᠵᠢᠭᠤᠯᠴᠢᠯᠠᠯ ᠤᠨ | ᠶᠠᠮᠤᠨ ᠤ ᠨᠡᠶᠢᠲᠡᠯᠡᠭᠰᠡᠨ ︽ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠢ ᠰᠢᠯᠭᠠᠨ | ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠵᠡᠷᠭᠡ | ᠳᠡᠰ ᠢᠶᠠᠷ ᠮᠡᠳᠡᠭᠦᠯᠬᠦ ᠠᠵᠢᠯ ᠢ ᠱᠠᠲᠤ ᠳᠠᠷᠠᠭᠠᠯᠠᠨ ᠮᠡᠳᠡᠭᠦᠯᠬᠦ ᠵᠠᠷᠴᠢᠮ ᠤᠨ ᠶᠣᠰᠣᠭᠠᠷ ᠶᠠᠪᠤᠭᠳᠠᠭᠤᠯᠤᠨ᠎ᠠ᠃ | ᠮᠡᠳᠡᠭᠦᠯᠬᠦ ᠳᠡᠰ ᠳᠠᠷᠠᠭᠠᠯᠠᠯ ᠨᠢ ᠳᠣᠣᠷᠠᠬᠢ ᠮᠡᠲᠦ᠄ | ︵ᠨᠢᠭᠡ︶ ᠪᠠᠲᠤᠴᠠᠭᠠᠨ ᠤ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠭᠤᠶᠤᠴᠢᠯᠠᠯ ᠤᠨ | ᠮᠡᠳᠡᠭᠦᠯᠦᠯᠲᠡ ᠶᠢ ᠲᠤᠰᠢᠶᠠᠨ᠎ᠠ᠃ | ︵ᠬᠤᠶᠠᠷ︶ ᠬᠢᠩᠭᠠᠨ ᠠᠶᠢᠮᠠᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠬᠤᠯᠪᠣᠭᠳᠠᠯ ᠪᠦᠬᠦᠢ | ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠠᠩᠬᠠᠨ ᠤ ᠬᠢᠨᠠᠯᠲᠠ᠂ ᠠᠩᠬᠠᠨ ᠤ ᠬᠢᠨᠠᠯᠲᠠ ᠶᠢ | ᠥᠩᠭᠡᠷᠡᠭᠡᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ | ᠰᠢᠯᠵᠢᠭᠦᠯᠦᠨ᠎ᠡ︔ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠩᠬ᠎ᠠ ᠦᠨᠡᠯᠡᠨ | ᠰᠢᠯᠭᠠᠷᠠᠭᠤᠯᠵᠤ ᠰᠢᠯᠭᠠᠨ ᠠᠪᠤᠨ᠎ᠠ︔ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ᠬᠢᠨᠠᠨ | ᠬᠠᠷᠭᠤᠭᠤᠯᠤᠭᠰᠠᠨ ᠤ ᠳᠠᠷᠠᠭ᠎ᠠ ᠰᠣᠶᠣᠯ ᠪᠠ ᠵᠢᠭᠤᠯᠴᠢᠯᠠᠯ ᠤᠨ ᠶᠠᠮᠤᠨ ᠳᠤ ᠪᠠᠲᠤᠯᠠᠨ ᠲᠠᠨᠢᠯᠴᠠᠭᠤᠯᠤᠨ᠎ᠠ︔ | ︵ᠲᠠᠪᠤ︶ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠦᠵᠡᠮᠵᠢ ᠶᠢᠨ ᠣᠷᠣᠨ ᠳᠤ ᠭᠤᠶᠤᠴᠢᠯᠠᠨ ᠮᠡᠳᠡᠭᠦᠯᠵᠦ | ᠵᠣᠬᠢᠶᠠᠨ ᠪᠠᠶᠢᠭᠤᠯᠵᠤ ᠰᠢᠯᠭᠠᠨ ᠲᠣᠭᠲᠠᠭᠠᠨ᠎ᠠ᠃ | ︵ᠵᠢᠷᠭᠤᠭ᠎ᠠ︶ ᠰᠣᠶᠣᠯ ᠪᠠ ᠵᠢᠭᠤᠯᠴᠢᠯᠠᠯ ᠤᠨ ᠶᠠᠮᠤᠨ ᠤ ᠬᠢᠨᠠᠨ ᠵᠥᠪᠱᠢᠶᠡᠷᠡᠬᠦ᠂ ᠠᠯᠪᠠᠨ ᠵᠠᠷ᠃ | ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ | ᠪᠠᠲᠤᠴᠠᠭᠠᠨ ᠤ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ | ᠵᠢᠷᠭᠤᠭᠠᠨ ᠱᠠᠲᠤ ᠬᠤᠪᠢᠶᠠᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠄ | ︵ᠨᠢᠭᠡ︶ ᠳᠠᠶᠢᠴᠢᠯᠠᠬᠤ ᠪᠠᠷ ᠪᠡᠯᠡᠳᠬᠡᠬᠦ ᠱᠠᠲᠤ | ᠪᠠᠲᠤᠴᠠᠭᠠᠨ ᠤ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠤᠯᠤᠰ ᠤᠨ 5A ᠳᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠤᠨ᠎ᠠ︔ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠡᠭᠦᠳᠦᠨ | ᠪᠠᠶᠢᠭᠤᠯᠬᠤ ᠬᠠᠷᠠᠯᠲᠠ ᠶᠢᠨ ᠡᠭᠦᠷᠭᠡ ᠶᠢ ᠨᠠᠷᠢᠯᠢᠭᠵᠢᠭᠤᠯᠤᠨ ᠵᠠᠳᠠᠯᠤᠨ᠎ᠠ︔ ᠤᠯᠤᠰ ᠤᠨ 5A ᠳᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠥᠷᠭᠡᠨ | ᠳᠡᠯᠭᠡᠷ ᠤᠬᠠᠭᠤᠯᠤᠨ᠎ᠠ᠃ ᠡᠭᠦᠳᠦᠨ ᠪᠠᠶᠢᠭᠤᠯᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ | ᠡᠭᠦᠳᠦᠨ ᠪᠠᠶᠢᠭᠤᠯᠬᠤ ᠪᠣᠳᠠᠲᠠᠢ ᠠᠵᠢᠯ ᠪᠠ ᠡᠭᠦᠷᠭᠡ ᠶᠢ ᠪᠠᠶᠢᠷᠢᠯᠠᠭᠤᠯᠤᠨ᠎ᠠ︔ ᠤᠯᠤᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠢ ᠰᠢᠯᠭᠠᠨ ᠲᠣᠭᠲᠠᠭᠠᠬᠤ ᠺᠣᠮᠢᠰ ᠲᠤ ᠤᠯᠤᠰ ᠤᠨ 5A | ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠭᠤᠶᠤᠴᠢᠯᠠᠯ ᠭᠠᠷᠭᠠᠨ᠎ᠠ᠃ | ︵ᠬᠤᠶᠠᠷ︶ ᠡᠭᠦᠳᠬᠦ ᠱᠠᠲᠤ | ᠪᠣᠳᠠᠲᠠᠢ ᠪᠠᠷ ᠭᠤᠷᠪᠠᠨ ᠠᠯᠬᠤᠮ ᠬᠤᠪᠢᠶᠠᠪᠠ᠄ | 1. ᠠᠩᠬ᠎ᠠ ᠬᠢᠨᠠᠵᠤ ᠠᠩᠬ᠎ᠠ ᠪᠠᠶᠢᠴᠠᠭᠠᠬᠤ ᠱᠠᠲᠤ | ᠡᠯ᠎ᠡ ᠬᠠᠷᠢᠭᠤᠴᠠᠯᠭᠠᠲᠤ ᠨᠢᠭᠡᠴᠡ ᠨᠢ ︽ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ | ᠳᠡᠰ ᠢ ᠬᠤᠪᠢᠶᠠᠷᠢᠯᠠᠬᠤ ᠪᠠ ᠰᠢᠯᠭᠠᠨ ᠲᠣᠭᠲᠠᠭᠠᠬᠤ︾ ᠤᠯᠤᠰ ᠤᠨ ᠪᠠᠷᠢᠮᠵᠢᠶ᠎ᠠ ᠦᠢᠯᠡᠴᠢᠯᠡᠭᠡᠨ ᠤ ᠶᠠᠰᠤ ᠴᠢᠨᠠᠷ | ᠬᠢᠭᠡᠳ ᠣᠷᠴᠢᠨ ᠲᠣᠭᠤᠷᠢᠨ ᠤ ᠶᠠᠰᠤ ᠴᠢᠨᠠᠷ ᠤᠨ ᠬᠤᠪᠢ ᠣᠯᠭᠤᠬᠤ ᠨᠠᠷᠢᠨ ᠳᠦᠷᠢᠮ ᠲᠠᠢ ᠬᠠᠷᠢᠴᠠᠭᠤᠯᠤᠨ᠂ | ᠥᠪᠡᠷ ᠢ ᠪᠠᠨ ᠦᠨᠡᠯᠡᠵᠦ ᠥᠪᠡᠷ ᠢ ᠪᠠᠨ ᠦᠨᠡᠯᠡᠨ᠂ ᠬᠦᠷᠦᠯᠴᠡᠬᠦ ᠦᠭᠡᠢ ᠲᠠᠯ᠎ᠠ ᠶᠢ ᠡᠷᠢᠵᠦ᠂ ᠵᠣᠬᠢᠴᠠᠩᠭᠤᠢ | ᠠᠷᠭᠠᠴᠠᠬᠤ ᠠᠷᠭ᠎ᠠ ᠬᠡᠮᠵᠢᠶ᠎ᠡ ᠳᠤᠷᠠᠳᠴᠤ᠂ ᠠᠵᠢᠯ ᠤᠨ ᠲᠥᠯᠥᠪᠯᠡᠭᠡ ᠶᠢ ᠪᠦᠷᠢᠯᠳᠦᠭᠦᠯᠦᠨ᠎ᠡ︔ ᠡᠯ᠎ᠡ | ᠬᠠᠷᠢᠭᠤᠴᠠᠯᠭᠠᠲᠤ ᠨᠢᠭᠡᠴᠡ ᠨᠢ ᠤᠯᠤᠰ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ | ᠪᠠᠶᠢᠭᠤᠯᠬᠤ ᠪᠠᠶᠢᠷᠢᠯᠠᠭᠤᠯᠤᠯᠲᠠ ᠶᠣᠰᠣᠭᠠᠷ᠂ ᠵᠢᠭᠤᠯᠴᠢᠯᠠᠯ ᠤᠨ ᠵᠠᠮ ᠬᠠᠷᠢᠯᠴᠠᠭ᠎ᠠ᠂ ᠵᠢᠭᠤᠯᠴᠢᠯᠠᠯ᠂ | ᠵᠢᠭᠤᠯᠴᠢᠯᠠᠯ ᠤᠨ ᠠᠮᠤᠷ ᠲᠦᠪᠰᠢᠨ᠂ ᠡᠷᠡᠭᠦᠯ ᠬᠠᠮᠠᠭᠠᠯᠠᠯ᠂ ᠰᠢᠤᠳᠠᠨ ᠤ ᠦᠢᠯᠡᠴᠢᠯᠡᠭᠡ᠂ ᠵᠢᠭᠤᠯᠴᠢᠯᠠᠯ ᠤᠨ ᠪᠠᠷᠠᠭ᠎ᠠ | ᠬᠤᠳᠠᠯᠳᠤᠨ ᠠᠪᠬᠤ᠂ ᠶᠡᠷᠦᠩᠬᠡᠶᠢᠯᠡᠭᠰᠡᠨ ᠬᠠᠮᠢᠶᠠᠷᠤᠯᠲᠠ᠂ ᠡᠬᠢ ᠪᠠᠶᠠᠯᠢᠭ ᠪᠠ ᠣᠷᠴᠢᠨ ᠲᠣᠭᠤᠷᠢᠨ ᠤ ᠬᠠᠮᠠᠭᠠᠯᠠᠯᠲᠠ | ᠵᠡᠷᠭᠡ ᠲᠠᠯ᠎ᠠ ᠶᠢᠨ ᠬᠠᠲᠠᠭᠤ ᠲᠣᠨᠤᠭ ᠪᠠ ᠵᠥᠭᠡᠯᠡᠨ ᠲᠣᠨᠤᠭ ᠢ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ | ᠳᠤᠲᠠᠭᠤᠳᠠᠯ ᠢ ᠨᠥᠬᠦᠪᠥᠷᠢᠯᠡᠵᠦ ᠣᠷᠬᠢᠭᠳᠠᠯ ᠢ ᠨᠥᠬᠦᠪᠥᠷᠢᠯᠡᠵᠦ᠂ ᠪᠣᠳᠠᠲᠠᠢ ᠬᠡᠷᠡᠭᠵᠢᠭᠦᠯᠬᠦ ᠲᠥᠰᠦᠯ ᠭᠠᠷᠭᠠᠨ᠎ᠠ᠃ | 2᠂ ᠲᠤᠬᠠᠢ ᠶᠢᠨ ᠲᠠᠯᠠᠪᠠᠢ ᠳᠤ ᠲᠦᠯᠬᠢᠨ ᠠᠬᠢᠭᠤᠯᠬᠤ ᠱᠠᠲᠤ ᠦᠶ᠎ᠡ | ᠡᠭᠦᠳᠦᠨ ᠪᠠᠶᠢᠭᠤᠯᠬᠤ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠢ ᠬᠤᠷᠠᠯᠳᠤᠭᠤᠯᠵᠤ᠂ ᠡᠭᠦᠳᠦᠨ | ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠡᠯ᠎ᠡ ᠡᠭᠦᠳᠦᠨ ᠪᠠᠶᠢᠭᠤᠯᠬᠤ ᠠᠵᠢᠯ ᠤᠨ ᠳᠤᠭᠤᠶᠢᠯᠠᠩ ᠪᠠ | ᠡᠯ᠎ᠡ ᠬᠠᠷᠢᠭᠤᠴᠠᠯᠭᠠᠲᠤ ᠨᠢᠭᠡᠴᠡ ᠶᠢᠨ ᠲᠦᠷᠦᠭᠦᠦ ᠨᠢᠭᠡ ᠱᠠᠲᠤᠨ ᠤ ᠡᠭᠦᠳᠦᠨ ᠪᠠᠶᠢᠭᠤᠯᠬᠤ ᠠᠵᠢᠯ ᠤᠨ | ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ | ᠰᠤᠳᠤᠯᠤᠨ ᠰᠢᠢᠳᠪᠦᠷᠢᠯᠡᠪᠡ᠃ | 3᠂ ᠪᠦᠬᠦᠯᠢ ᠴᠣᠭᠴᠠ ᠪᠠᠷ ᠨᠢ ᠲᠦᠯᠬᠢᠨ ᠠᠬᠢᠭᠤᠯᠬᠤ ᠱᠠᠲᠤ ᠦᠶ᠎ᠡ | ᠡᠯ᠎ᠡ ᠡᠭᠦᠳᠦᠨ ᠪᠠᠶᠢᠭᠤᠯᠬᠤ ᠠᠵᠢᠯ ᠤᠨ ᠳᠤᠭᠤᠶᠢᠯᠠᠩ ᠨᠢ ᠠᠵᠢᠯ ᠤᠨ ᠲᠥᠷᠥᠯ ᠵᠦᠢᠯ᠂ ᠠᠭᠤᠯᠭ᠎ᠠ ᠪᠠ | ᠪᠠᠷᠢᠮᠵᠢᠶ᠎ᠠ ᠲᠠᠢ ᠬᠠᠷᠢᠴᠠᠭᠤᠯᠤᠨ᠂ ᠲᠥᠰᠦᠯ ᠢᠶᠠᠨ ᠲᠡᠭᠦᠯᠳᠡᠷᠵᠢᠭᠦᠯᠵᠦ᠂ ᠡᠯ᠎ᠡ ᠲᠥᠷᠥᠯ ᠵᠦᠢᠯ ᠨᠢ ᠦᠨᠡᠨ ᠪᠣᠳᠠᠲᠠᠢ | ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠱᠠᠲᠤᠨ ᠳᠤ ᠣᠷᠣᠪᠠ︔ ᠡᠭᠦᠳᠦᠨ ᠪᠠᠶᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠨᠢ ᠡᠳᠦᠢ ᠲᠡᠳᠦᠢ ᠤᠳᠠᠭ᠎ᠠ ᠰᠢᠮᠳᠠᠭᠤᠯᠤᠨ ᠪᠠᠶᠢᠴᠠᠭᠠᠬᠤ᠂ ᠰᠢᠯᠭᠠᠨ ᠦᠨᠡᠯᠡᠬᠦ᠂ | ᠲᠤᠷᠰᠢᠯᠭ᠎ᠠ ᠪᠠᠨ ᠳ᠋ᠦᠩᠨᠡᠬᠦ᠂ ᠬᠦᠷᠦᠯᠴᠡᠬᠦ ᠦᠭᠡᠢ ᠲᠠᠯ᠎ᠠ ᠪᠠᠨ ᠡᠷᠢᠬᠦ᠂ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠬᠤ ᠶᠢ ᠵᠣᠬᠢᠶᠠᠨ ᠪᠠᠶᠢᠭᠤᠯᠤᠨ᠎ᠠ︔ ᠬᠤᠲᠠ ᠶᠢᠨ ᠱᠠᠲᠤᠨ ᠤ ᠠᠩᠬᠠᠨ ᠤ ᠬᠢᠨᠠᠯᠲᠠ ᠶᠢ | ᠤᠭᠲᠤᠬᠤ ᠪᠠᠷ ᠪᠡᠯᠡᠳᠬᠡᠨ᠎ᠡ︔ ᠡᠯ᠎ᠡ ᠡᠭᠦᠳᠦᠨ ᠪᠠᠶᠢᠭᠤᠯᠬᠤ ᠠᠵᠢᠯ ᠤᠨ ᠳᠤᠭᠤᠶᠢᠯᠠᠩ ᠪᠠ ᠡᠯ᠎ᠡ ᠬᠠᠷᠢᠭᠤᠴᠠᠯᠭᠠᠲᠤ | ᠨᠢᠭᠡᠴᠡ ᠨᠦᠭᠦᠳ ᠠᠩᠬᠠᠨ ᠤ ᠬᠢᠨᠠᠯᠲᠠ ᠶᠢᠨ ᠰᠠᠨᠠᠯ ᠢᠶᠠᠨ ᠦᠨᠳᠦᠰᠦᠯᠡᠨ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠤᠨ ᠠᠩᠬᠠᠨ ᠤ ᠰᠢᠯᠭᠠᠷᠠᠭᠤᠯᠤᠯᠲᠠ ᠶᠢ ᠰᠢᠯᠭᠠᠨ ᠠᠪᠬᠤ ᠲᠤᠬᠠᠢ ᠶᠢᠨ ᠭᠠᠵᠠᠷ ᠤᠨ ᠬᠤᠷᠠᠯ ᠢ ᠤᠭᠲᠤᠬᠤ | ᠬᠤᠯᠪᠣᠭᠳᠠᠯ ᠪᠦᠬᠦᠢ ᠮᠠᠲ᠋ᠧᠷᠢᠶᠠᠯ ᠢ ᠪᠦᠷᠢᠨ ᠭᠦᠢᠴᠡᠳ ᠪᠡᠯᠡᠳᠬᠡᠬᠦ ᠬᠡᠷᠡᠭᠲᠡᠢ᠃ | ︵ᠭᠤᠷᠪᠠ︶ ᠠᠩᠬ᠎ᠠ ᠰᠢᠯᠭᠠᠨ ᠠᠪᠬᠤ ᠱᠠᠲᠤ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠩᠬ᠎ᠠ ᠰᠢᠯᠭᠠᠷᠠᠭᠤᠯᠵᠤ | ᠰᠢᠯᠭᠠᠨ ᠠᠪᠬᠤ ᠶᠢ ᠤᠭᠲᠤᠬᠤ ᠡᠯ᠎ᠡ ᠵᠦᠢᠯ ᠤᠨ ᠪᠡᠯᠡᠳᠬᠡᠯ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ︔ | ᠡᠳᠦᠷ ᠤᠨ ᠳᠠᠷᠠᠭᠠᠯᠠᠯ᠂ ᠵᠠᠮ ᠱᠤᠭᠤᠮ᠂ ᠪᠠᠶᠢᠴᠠᠭᠠᠭᠳᠠᠬᠤ ᠭᠠᠵᠠᠷ ᠤᠨ ᠲᠣᠬᠢᠷᠠᠭᠤᠯᠤᠯᠲᠠ ᠪᠠ ᠬᠠᠷᠢᠭᠤ | ᠮᠡᠳᠡᠭᠦᠯᠦᠯᠲᠡ ᠶᠢᠨ ᠮᠠᠲ᠋ᠧᠷᠢᠶᠠᠯ ᠤᠨ ᠪᠡᠯᠡᠳᠬᠡᠯ ᠵᠡᠷᠭᠡ ᠶᠢ ᠪᠠᠭᠲᠠᠭᠠᠨ᠎ᠠ︔ ᠠᠩᠬᠠᠨ ᠤ ᠰᠢᠯᠭᠠᠷᠠᠭᠤᠯᠤᠯᠲᠠ ᠶᠢ | ᠤᠭᠲᠤᠬᠤ ᠠᠴᠠ ᠡᠮᠦᠨᠡᠬᠢ ᠳᠠᠶᠢᠴᠢᠯᠠᠯᠲᠠ ᠪᠠᠶᠢᠷᠢᠯᠠᠭᠤᠯᠤᠯᠲᠠ ᠶᠢ ᠬᠢᠵᠦ᠂ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ︔ ᠮᠤᠵᠢ ᠶᠢᠨ ᠵᠢᠭᠤᠯᠴᠢᠯᠠᠯ ᠤᠨ | ᠲᠣᠪᠴᠢᠶ᠎ᠠ ᠶᠢᠨ ᠠᠩᠬᠠᠨ ᠤ ᠰᠢᠯᠭᠠᠷᠠᠭᠤᠯᠤᠯᠲᠠ ᠶᠢ ᠤᠭᠲᠤᠨ᠎ᠠ᠃ | ︵ᠲᠦᠷᠪᠡ︶ ᠴᠡᠭᠴᠡᠯᠡᠨ ᠰᠠᠶᠢᠵᠢᠷᠠᠭᠤᠯᠬᠤ ᠱᠠᠲᠤ ᠦᠶ᠎ᠡ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠩᠬ᠎ᠠ ᠦᠨᠡᠯᠡᠨ ᠰᠢᠯᠭᠠᠨ | ᠠᠪᠬᠤ ᠳᠤ ᠳᠤᠷᠠᠳᠤᠭᠰᠠᠨ ᠰᠠᠨᠠᠯ ᠪᠠ ᠱᠠᠭᠠᠷᠳᠠᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠱᠠᠯᠠᠪᠳᠠᠨ ᠨᠠᠶᠢᠳᠠᠪᠤᠷᠢᠵᠢᠭᠤᠯᠤᠨ᠎ᠠ᠃ | ︵ᠲᠠᠪᠤ︶ ᠰᠢᠯᠭᠠᠨ ᠠᠪᠬᠤ ᠱᠠᠲᠤ | ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ᠦᠨᠡᠯᠡᠨ ᠲᠣᠭᠲᠠᠭᠠᠵᠤ ᠰᠢᠯᠭᠠᠨ ᠠᠪᠬᠤ ᠶᠢ ᠤᠭᠲᠤᠬᠤ ᠡᠯ᠎ᠡ | ᠵᠦᠢᠯ ᠤᠨ ᠪᠡᠯᠡᠳᠬᠡᠯ ᠠᠵᠢᠯ ᠢ ᠨᠠᠶᠢᠳᠠᠪᠤᠷᠢᠵᠢᠭᠤᠯᠵᠤ᠂ ᠡᠭᠦᠨ ᠳᠤ ᠡᠳᠦᠷ ᠤᠨ ᠳᠠᠷᠠᠭᠠᠯᠠᠯ᠂ ᠵᠠᠮ ᠱᠤᠭᠤᠮ᠂ | ᠪᠠᠶᠢᠴᠠᠭᠠᠯᠲᠠ ᠶᠢᠨ ᠴᠡᠭ ᠤᠨ ᠲᠣᠬᠢᠷᠠᠭᠤᠯᠤᠯᠲᠠ᠂ ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ ᠤᠨ ᠪᠡᠯᠡᠳᠬᠡᠯ | ᠵᠡᠷᠭᠡ ᠶᠢ ᠪᠠᠭᠲᠠᠭᠠᠨ᠎ᠠ︔ ᠤᠯᠤᠰ ᠤᠨ ᠰᠢᠯᠭᠠᠨ ᠬᠤᠷᠢᠶᠠᠬᠤ ᠠᠴᠠ ᠡᠮᠦᠨᠡᠬᠢ ᠰᠢᠪᠲᠤᠯᠤᠯᠲᠠ ᠶᠢᠨ | ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠵᠤ᠂ ᠨᠠᠷᠢᠨ ᠵᠦᠢᠯᠡᠰ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ | ᠶᠠᠰᠤ ᠴᠢᠨᠠᠷ ᠢ ᠳᠡᠭᠡᠭᠰᠢᠯᠡᠭᠦᠯᠵᠦ᠂ ᠠᠩᠬᠠᠨ ᠤ ᠰᠢᠯᠭᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠪᠦᠬᠦ | ᠲᠠᠯ᠎ᠠ ᠪᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ︔ ᠤᠯᠤᠰ ᠤᠨ ᠵᠢᠭᠤᠯᠴᠢᠯᠠᠯ ᠤᠨ | ᠲᠣᠪᠴᠢᠶ᠎ᠠ ᠶᠢᠨ ᠦᠨᠡᠯᠡᠨ ᠲᠣᠭᠲᠠᠭᠠᠵᠤ ᠰᠢᠯᠭᠠᠨ ᠠᠪᠬᠤ ᠶᠢ ᠤᠭᠲᠤᠨ᠎ᠠ᠃ | ︵ᠵᠢᠷᠭᠤᠭ᠎ᠠ︶ ᠳ᠋ᠦᠩᠨᠡᠨ ᠳᠡᠭᠡᠭᠰᠢᠯᠡᠭᠦᠯᠬᠦ ᠱᠠᠲᠤ ᠦᠶ᠎ᠡ | ᠪᠠᠲᠤᠴᠠᠭᠠᠨ ᠤ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠤᠯᠤᠰ ᠤᠨ 5A ᠳᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠨ ᠲᠤᠬᠠᠢ ᠳ᠋ᠦᠩᠨᠡᠯᠲᠡ ᠬᠢᠪᠡ︔ | ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ᠰᠢᠯᠭᠠᠨ ᠠᠪᠬᠤ ᠳᠤ ᠳᠤᠷᠠᠳᠤᠭᠰᠠᠨ ᠰᠠᠨᠠᠯ ᠪᠠ ᠱᠠᠭᠠᠷᠳᠠᠯᠭ᠎ᠠ | ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠨ ᠰᠠᠶᠢᠲᠤᠷ ᠬᠢᠬᠦ ᠬᠡᠷᠡᠭᠲᠡᠢ︔ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠣᠨᠴᠠᠯᠢᠭ ᠢ ᠡᠭᠦᠳᠴᠦ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠤᠨ ᠲᠦᠷᠦᠯ | ᠲᠡᠮᠳᠡᠭ ᠢ ᠵᠠᠬ᠎ᠠ ᠳᠡᠯᠭᠡᠭᠦᠷ ᠲᠤ ᠭᠠᠷᠭᠠᠵᠤ᠂ ᠳᠡᠯᠡᠬᠡᠢ ᠶᠢᠨ ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠠᠰᠤᠷᠠᠯᠲᠠ ᠦᠭᠡᠢ ᠲᠦᠷᠭᠡᠳᠬᠡᠨ᠎ᠡ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠭᠦᠳᠦᠨ ᠪᠠᠶᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠨᠠᠶᠢᠳᠠᠪᠤᠷᠢᠵᠢᠭᠤᠯᠤᠨ᠎ᠠ᠃ ᠡᠭᠦᠳᠦᠨ ᠪᠠᠶᠢᠭᠤᠯᠬᠤ ᠠᠯᠪᠠᠨ ᠭᠡᠷ ᠪᠠᠶᠢᠭᠤᠯᠤᠨ᠎ᠠ᠃ ᠤᠬᠠᠭᠤᠯᠭ᠎ᠠ ᠶᠢᠨ | ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠤᠬᠠᠭᠤᠯᠭ᠎ᠠ ᠶᠢᠨ ᠠᠵᠢᠯ ᠢ ᠡᠭᠦᠳᠦᠨ ᠪᠠᠶᠢᠭᠤᠯᠬᠤ ᠠᠵᠢᠯ ᠤᠨ ᠪᠦᠬᠦ | ᠶᠠᠪᠤᠴᠠ ᠳᠤ ᠲᠤᠤᠱᠯᠠᠭᠤᠯᠵᠤ᠂ ᠡᠭᠦᠳᠦᠨ ᠪᠠᠶᠢᠭᠤᠯᠬᠤ ᠠᠵᠢᠯ ᠤᠨ ᠠᠬᠢᠴᠠ ᠪᠣᠯᠤᠨ ᠦᠷ᠎ᠡ ᠪᠦᠲᠦᠮᠵᠢ ᠶᠢ ᠴᠠᠭ | ᠲᠤᠬᠠᠢ ᠳᠤᠨᠢ ᠤᠬᠠᠭᠤᠯᠵᠤ᠂ ᠡᠭᠦᠳᠦᠨ ᠪᠠᠶᠢᠭᠤᠯᠬᠤ ᠬᠠᠯᠠᠭᠤᠨ ᠰᠡᠳᠬᠢᠯᠭᠡ ᠶᠢ ᠨᠢ ᠬᠥᠭᠵᠢᠭᠡᠵᠦ᠂ ᠡᠭᠦᠳᠦᠨ | ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠶᠢ ᠨᠢ ᠨᠡᠮᠡᠭᠳᠡᠭᠦᠯᠵᠦ᠂ ᠪᠦᠬᠦ | ᠠᠷᠠᠳ ᠢᠶᠠᠷ ᠢᠶᠠᠨ ᠣᠷᠣᠯᠴᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ | ︵ᠬᠤᠶᠠᠷ︶ ᠨᠢᠮᠪᠠᠢ ᠵᠣᠬᠢᠶᠠᠨ ᠪᠠᠶᠢᠭᠤᠯᠤᠨ ᠪᠠᠶᠢᠷᠢᠯᠠᠭᠤᠯᠤᠨ᠎ᠠ᠃ ᠤᠯᠤᠰ ᠤᠨ 5A ᠳᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠨᠢ ᠬᠠᠲᠠᠭᠤ ᠲᠣᠨᠤᠭ᠂ ᠵᠥᠭᠡᠯᠡᠨ | ᠲᠣᠨᠤᠭ ᠤᠨ ᠲᠠᠯ᠎ᠠ ᠪᠠᠷ ᠴᠥᠮ ᠮᠠᠰᠢ ᠲᠣᠳᠣᠷᠬᠠᠢ᠂ ᠴᠢᠩᠭ᠎ᠠ ᠨᠢᠮᠪᠠᠢ᠂ ᠮᠠᠰᠢ ᠥᠨᠳᠥᠷ ᠪᠠᠷᠢᠮᠵᠢᠶ᠎ᠠ ᠶᠢᠨ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠦ᠋ ᠵᠢᠶᠣᠤ ᠹᠧᠩ ᠤᠨ ᠠᠮᠢ ᠠᠬᠤᠢ ᠶᠢᠨ ᠵᠢᠭᠤᠯᠴᠢᠯᠠᠯ ᠤᠨ | ᠦᠵᠡᠮᠵᠢ ᠶᠢᠨ ᠣᠷᠣᠨ ᠤ ᠪᠣᠳᠠᠲᠤ ᠪᠠᠶᠢᠳᠠᠯ ᠪᠠ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ | ᠨᠡᠶᠢᠲᠡᠯᠢᠭ ᠵᠢᠱᠢᠶ᠎ᠡ ᠦᠵᠡᠭᠦᠯᠬᠦ ᠪᠠ ᠪᠦᠬᠦᠯᠢ ᠴᠣᠭᠴᠠ ᠪᠠᠷ ᠠᠬᠢᠭᠤᠯᠬᠤ ᠪᠠᠷ ᠳᠠᠮᠵᠢᠭᠤᠯᠤᠨ᠂ ᠡᠭᠦᠳᠦᠨ | ᠪᠠᠶᠢᠭᠤᠯᠬᠤ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ︽ᠭᠤᠣᠯᠳᠠᠯᠭ᠎ᠠ ᠪᠠᠨ ᠨᠢᠭᠲᠠ ᠤᠶᠠᠯᠳᠤᠭᠤᠯᠵᠤ᠂ | ᠵᠦᠢᠯ ᠬᠤᠪᠢᠶᠠᠨ ᠪᠠᠶᠢᠯᠳᠤᠵᠤ᠂ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ᠂ ᠬᠤᠭᠤᠴᠠᠭ᠎ᠠ ᠬᠢᠵᠠᠭᠠᠷᠯᠠᠨ | ᠪᠡᠶᠡᠯᠡᠭᠦᠯᠬᠦ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠵᠣᠬᠢᠴᠠᠭᠤᠯᠭ᠎ᠠ ᠶᠢ ᠰᠠᠶᠢᠲᠤᠷ ᠬᠢᠵᠦ᠂ ᠨᠢᠭᠲᠠ ᠬᠠᠮᠵᠢᠯᠴᠠᠬᠤ | ᠬᠡᠷᠡᠭᠲᠡᠢ᠃ ᠡᠯ᠎ᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ | ᠪᠣᠯᠤᠨ ᠬᠠᠷᠢᠭᠤᠴᠠᠯᠭᠠᠲᠤ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ | ᠂ ᠨᠢᠭᠡ ᠱᠠᠲᠤ ᠨᠢ ᠨᠢᠭᠡ ᠱᠠᠲᠤ ᠳᠠᠭᠠᠨ ᠬᠠᠷᠢᠭᠤᠴᠠᠬᠤ ᠠᠵᠢᠯ ᠤᠨ ᠬᠤᠪᠢᠶᠠᠷᠢᠯᠠᠯ ᠬᠠᠷᠢᠭᠤᠴᠠᠬᠤ ᠳᠦᠷᠢᠮ ᠢ | ᠪᠠᠶᠢᠭᠤᠯᠵᠤ᠂ ᠡᠭᠦᠳᠦᠨ ᠪᠠᠶᠢᠭᠤᠯᠬᠤ ᠠᠵᠢᠯ ᠢ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ | ᠤᠳᠤᠷᠢᠳᠤᠯᠭ᠎ᠠ ᠪᠠᠨ ᠪᠣᠳᠠᠲᠠᠶᠢᠵᠢᠭᠤᠯᠵᠤ᠂ ᠠᠵᠢᠯᠲᠠᠨ ᠢᠶᠠᠨ ᠪᠣᠳᠠᠲᠠᠶᠢᠵᠢᠭᠤᠯᠵᠤ᠂ ᠪᠡᠯᠡ ᠮᠥᠩᠭᠦ ᠶᠢ | ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠭᠤᠯᠤᠯᠲᠠ ᠶᠢ ᠪᠣᠳᠠᠲᠠᠶᠢᠵᠢᠭᠤᠯᠵᠤ᠂ ᠠᠵᠢᠯ ᠢ | ᠪᠣᠳᠠᠲᠠᠶᠢᠵᠢᠭᠤᠯᠵᠤ᠂ ᠲᠣᠩᠭᠤᠷᠠᠭᠤᠯᠤᠨ ᠪᠣᠳᠣᠬᠤ ᠠᠵᠢᠯ ᠤᠨ ᠠᠷᠭ᠎ᠠ ᠮᠠᠶ᠋ᠢᠭ ᠢᠶᠠᠷ ᠲᠥᠷᠥᠯ ᠳᠠᠷᠠᠭᠠᠯᠠᠨ ᠵᠦᠢᠯ | ᠳᠠᠷᠠᠭᠠᠯᠠᠨ ᠱᠠᠯᠠᠪᠳᠠᠨ ᠨᠠᠶᠢᠳᠠᠪᠤᠷᠢᠵᠢᠭᠤᠯᠬᠤ ᠬᠡᠷᠡᠭᠲᠡᠢ᠃ | ︵ᠭᠤᠷᠪᠠ︶ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠎ᠠ᠃ ᠡᠭᠦᠳᠦᠨ | ᠪᠠᠶᠢᠭᠤᠯᠬᠤ ᠠᠵᠢᠯ ᠢ ᠡᠷᠬᠡᠪᠰᠢ ︽ᠥᠪᠡᠰᠦᠪᠡᠨ ᠪᠠᠶᠢᠴᠠᠭᠠᠬᠤ — ᠭᠤᠶᠤᠴᠢᠯᠠᠨ ᠮᠡᠳᠡᠭᠦᠯᠬᠦ — ᠠᠩᠬᠠᠨ ᠤ | ᠬᠢᠨᠠᠯᠲᠠ ᠬᠢᠬᠦ — ᠠᠩᠬᠠᠨ ᠤ ᠦᠨᠡᠯᠡᠯᠲᠡ ᠬᠢᠬᠦ ᠰᠢᠯᠭᠠᠨ ᠠᠪᠬᠤ ᠲᠠᠨᠢᠯᠴᠠᠭᠤᠯᠭ᠎ᠠ - ᠦᠨᠡᠯᠡᠨ ᠲᠣᠭᠲᠠᠭᠠᠵᠤ | ᠰᠢᠯᠭᠠᠨ ᠠᠪᠬᠤ - ᠨᠡᠷᠡᠶᠢᠳᠬᠦ ᠫᠠᠶᠢᠰᠠ ᠣᠯᠭᠤᠬᠤ︾ ᠳᠡᠰ ᠳᠠᠷᠠᠭᠠᠯᠠᠯ ᠶᠣᠰᠣᠭᠠᠷ ᠶᠠᠪᠤᠭᠳᠠᠭᠤᠯᠵᠤ᠂ ᠣᠳᠣ ᠠᠴᠠ | ᠡᠬᠢᠯᠡᠨ ᠤᠯᠤᠰ ᠤᠨ ᠰᠢᠯᠭᠠᠨ ᠠᠪᠬᠤ ᠬᠤᠭᠤᠴᠠᠭᠠᠨ ᠳᠤ᠂ ᠡᠯ᠎ᠡ ᠡᠭᠦᠳᠦᠨ ᠪᠠᠶᠢᠭᠤᠯᠬᠤ ᠠᠵᠢᠯ ᠤᠨ ᠳᠤᠭᠤᠶᠢᠯᠠᠩ | ᠪᠣᠯᠤᠨ ᠡᠯ᠎ᠡ ᠬᠠᠷᠢᠭᠤᠴᠠᠯᠭᠠᠲᠤ ᠨᠢᠭᠡᠴᠡ ᠡᠷᠬᠡᠪᠰᠢ ᠲᠥᠷᠥᠯ ᠬᠤᠪᠢᠶᠠᠨ ᠠᠳᠬᠤᠵᠤ᠂ ᠬᠠᠮᠲᠤᠪᠠᠷ ᠡᠭᠦᠳᠬᠦ ᠶᠢ | ᠵᠡᠷᠭᠡᠪᠡᠷ ᠠᠳᠬᠤᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠲᠠᠯᠪᠢᠵᠤ᠂ ᠴᠠᠭ ᠲᠤᠬᠠᠢ ᠳᠤᠨᠢ ᠴᠡᠭᠴᠡᠯᠡᠨ | ᠰᠠᠶᠢᠵᠢᠷᠠᠭᠤᠯᠵᠤ᠂ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠵᠤ᠂ ᠡᠭᠦᠳᠦᠨ | ᠪᠠᠶᠢᠭᠤᠯᠬᠤ ᠳᠤᠮᠳᠠ ᠢᠯᠡᠷᠡᠭᠰᠡᠨ ᠠᠰᠠᠭᠤᠳᠠᠯ ᠢ ᠢᠳᠡᠪᠬᠢᠲᠡᠢ ᠪᠠᠷ ᠰᠢᠢᠳᠪᠦᠷᠢᠯᠡᠬᠦ ᠬᠡᠷᠡᠭᠲᠡᠢ᠃ ᠡᠭᠦᠳᠦᠨ | ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠵᠣᠬᠢᠴᠠᠭᠤᠯᠭ᠎ᠠ ᠪᠠᠨ ᠦᠨᠡᠨᠬᠦ ᠴᠢᠩᠭᠠᠳᠬᠠᠵᠤ᠂ | ᠭᠤᠣᠯᠳᠠᠯᠭ᠎ᠠ ᠲᠠᠢ ᠰᠢᠪᠲᠤᠯᠵᠤ᠂ ᠪᠦᠬᠦᠯᠢ ᠴᠣᠭᠴᠠ ᠪᠠᠷ ᠨᠢ ᠲᠦᠯᠬᠢᠨ ᠠᠬᠢᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ᠂ ᠡᠭᠦᠳᠦᠨ ᠪᠠᠶᠢᠭᠤᠯᠬᠤ ᠠᠵᠢᠯ ᠤᠨ ᠲᠡᠭᠦᠰ ᠠᠮᠵᠢᠯᠲᠠ | ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠳᠥᠷᠪᠡ︶ ᠪᠡᠯᠡ ᠮᠥᠩᠭᠦᠨ ᠤ ᠣᠷᠣᠭᠤᠯᠤᠯᠲᠠ ᠶᠢ ᠨᠡᠮᠡᠭᠳᠡᠭᠦᠯᠦᠨ᠎ᠡ᠃ ᠡᠭᠦᠳᠦᠨ ᠪᠠᠶᠢᠭᠤᠯᠬᠤ | ᠬᠠᠷᠠᠯᠲᠠ ᠶᠢᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠬᠤ ᠶᠢᠨ ᠲᠤᠰᠠᠳᠠ᠂ ᠡᠳ᠋ ᠤᠨ ᠵᠠᠰᠠᠭ ᠠᠴᠠ ᠲᠤᠰᠬᠠᠢ | ᠵᠦᠢᠯ ᠤᠨ ᠡᠭᠦᠳᠦᠨ ᠪᠠᠶᠢᠭᠤᠯᠬᠤ ᠵᠠᠷᠤᠳᠠᠯ ᠲᠣᠬᠢᠷᠠᠭᠤᠯᠵᠤ᠂ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠡᠭᠦᠳᠦᠨ | ᠪᠠᠶᠢᠭᠤᠯᠬᠤ ᠠᠵᠢᠯᠯᠠᠭ᠎ᠠ ᠶᠢ ᠲᠤᠰ ᠰᠠᠯᠠᠭ᠎ᠠ ᠮᠥᠴᠢᠷ᠂ ᠲᠤᠰ ᠨᠢᠭᠡᠴᠡ ᠶᠢᠨ ᠢᠶᠠᠨ ᠡᠳᠦᠷ ᠲᠤᠲᠤᠮ ᠤᠨ ᠵᠥᠪᠯᠡᠬᠦ | ᠵᠦᠢᠯ ᠳᠡᠭᠡᠨ ᠣᠷᠣᠭᠤᠯᠵᠤ᠂ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ | ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | |