ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ ︹2020︺ 49 ᠳ᠋ᠤᠭᠡᠷ | ᠲᠣᠭᠠᠲᠤ | | | | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠥᠴᠢᠷ ᠲᠤ᠄ | ᠬᠤᠰᠢᠭᠤᠨ ᠤ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ︿ᠳᠥᠷᠪᠡ ᠶᠢ ᠴᠠᠭᠠᠵᠠᠯᠠᠬᠤ﹀ ᠠᠵᠢᠯ ᠤᠨ ᠬᠡᠷᠡᠭᠵᠢᠭᠦᠯᠬᠦ ᠲᠥᠰᠦᠯ︾ ᠢ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠲᠤᠭᠠᠢ᠃ | 2024 ᠣᠨ ᠤ 6 ᠰᠠᠷ᠎ᠠ ᠶᠢᠨ 10 ᠤ ᠡᠳᠦᠷ | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠳᠥᠷᠪᠡ ᠶᠢ ᠴᠠᠭᠠᠵᠠᠯᠠᠬᠤ︾ ᠠᠵᠢᠯ ᠤᠨ | ᠬᠡᠷᠡᠭᠵᠢᠭᠦᠯᠬᠦ ᠲᠥᠰᠦᠯ | | ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠪᠣᠯ ᠶᠡᠷᠦᠩᠬᠡᠢ ᠱᠦᠵᠢ ᠰᠢ ᠶᠢᠨ ᠫᠢᠩ ᠤᠨ | ᠳᠤᠷᠠᠳᠤᠭᠰᠠᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠤ ᠨᠢᠭᠡ ᠮᠥᠨ᠂ ᠨᠢᠭᠡᠨ ᠴᠢᠬᠤᠯᠠ ᠶᠡᠭᠡ ᠤᠯᠤᠰ ᠲᠥᠷᠥ ᠶᠢᠨ ᠢᠨᠵᠧᠨᠧᠷᠢᠩ᠂ ᠠᠮᠢ ᠠᠬᠤᠢ ᠶᠢᠨ | ᠢᠨᠵᠧᠨᠧᠷᠢᠩ᠂ ᠬᠥᠭᠵᠢᠯᠲᠡ ᠶᠢᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤ ᠪᠣᠯ ᠬᠢᠩᠭᠠᠨ ᠠᠶᠢᠮᠠᠭ ᠤᠨ ᠬᠤᠷᠴᠢᠨ ᠤ ᠡᠯᠡᠰᠦᠷᠬᠡᠭ ᠭᠠᠵᠠᠷ ᠢ | ᠤᠰᠠᠳᠬᠠᠬᠤ ᠳᠠᠶᠢᠯᠠᠯᠳᠤᠭᠠᠨ ᠤ ᠭᠤᠣᠯ ᠳᠠᠶᠢᠨ ᠤ ᠲᠠᠯᠠᠪᠤᠷ ᠮᠥᠨ᠂ ︽ᠡᠬᠡ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ︾ ᠭᠤᠣᠯᠳᠠᠯᠭ᠎ᠠ ᠲᠠᠢ ᠡᠭᠦᠷᠭᠡ ᠶᠢᠨ ᠣᠷᠣᠨ | ᠮᠥᠨ᠃ ᠪᠡᠯᠴᠢᠭᠡᠷᠯᠡᠭᠦᠯᠬᠦ ᠶᠢ ᠴᠠᠭᠠᠵᠠᠯᠠᠬᠤ ᠪᠣᠯ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ | ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠬᠦ᠂ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠠᠷᠭ᠎ᠠ ᠪᠠᠷᠢᠯ ᠮᠥᠨ᠃ | ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠭᠰᠠᠨ ᠡᠰᠡᠬᠦ ᠨᠢ ᠬᠤᠷᠴᠢᠨ ᠤ | ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠤ ᠢᠯᠠᠯᠲᠠ ᠶᠢ ᠣᠯᠵᠤ ᠴᠢᠳᠠᠬᠤ ᠡᠰᠡᠬᠦ ᠲᠠᠢ ᠬᠤᠯᠪᠣᠭᠳᠠᠨ᠎ᠠ᠃ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠥᠴᠦᠬᠡᠨ ᠴᠦ ᠬᠤᠶᠢᠰᠢᠯᠠᠭᠤᠯᠵᠤ ᠪᠣᠯᠬᠤ ᠦᠭᠡᠢ᠂ ᠡᠪᠦᠭᠡ | ᠳᠡᠭᠡᠳᠦᠰ ᠤᠨ ᠪᠤᠳᠠᠭ᠎ᠠ ᠢᠳᠡᠵᠦ ᠦᠷ᠎ᠡ ᠬᠡᠦᠬᠡᠳ ᠤᠨ ᠠᠶᠠᠭ᠎ᠠ ᠶᠢ ᠪᠠᠯᠪᠠᠴᠢᠬᠤ ᠶᠠᠪᠤᠳᠠᠯ ᠢ ᠶᠠᠭᠠᠬᠢᠭᠰᠠᠨ ᠴᠤ ᠬᠢᠵᠦ | ᠪᠣᠯᠬᠤ ᠦᠭᠡᠢ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ︾᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠵᠣᠭᠰᠣᠭᠠᠨ ᠰᠡᠯᠭᠦᠨ ᠮᠠᠯᠵᠢᠬᠤ ᠳᠦᠷᠢᠮ︾᠂ ︽ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠰᠡᠯᠭᠦᠨ ᠮᠠᠯᠵᠢᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠵᠡᠷᠭᠡ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ | ᠪᠣᠳᠠᠲᠠᠢ ᠲᠠᠢ ᠪᠠᠨ ᠤᠶᠠᠯᠳᠤᠭᠤᠯᠵᠤ᠂ ᠲᠤᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠵᠡᠯ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠥᠬᠡᠮᠳᠦᠭ ᠨᠣᠭᠤᠭᠠᠨ ᠠᠭᠤᠯᠠ | ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠪᠠᠲᠤ | ᠪᠠᠬᠢ ᠪᠣᠢ ᠪᠣᠯᠭᠠᠵᠤ᠂ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠᠷ ᠬᠠᠷᠠᠯᠲᠠ | ᠪᠣᠯᠭᠠᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠣᠢ | ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠵᠡᠷᠭᠡ ᠪᠠᠷ | ᠴᠢᠬᠤᠯᠠᠴᠢᠯᠠᠬᠤ ᠶᠢ ᠳᠣᠪᠤᠶᠢᠯᠭᠠᠨ᠂ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠢᠳᠡᠪᠬᠢᠲᠡᠢ ᠬᠤᠪᠢᠷᠠᠭᠤᠯᠵᠤ᠂ ᠣᠢ | ᠰᠢᠭᠤᠢ ᠨᠤᠲᠤᠭ ᠪᠡᠯᠴᠢᠭᠡᠷ ᠤᠨ ᠲᠣᠭᠲᠠᠭᠤᠨ ᠠᠮᠢ ᠠᠬᠤᠢ ᠶᠢᠨ ᠰᠢᠰᠲ᠋ᠧᠮ ᠢ ᠪᠠᠶᠢᠭᠤᠯᠤᠨ᠂ ᠮᠠᠨ ᠤ ᠬᠤᠰᠢᠭᠤᠨ ᠤ | ᠠᠮᠢ ᠠᠬᠤᠢ ᠶᠢᠨ ᠥᠨᠳᠥᠷ ᠬᠢᠷᠢ ᠲᠦᠪᠰᠢᠨ ᠪᠦᠬᠦᠢ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ | ᠬᠤᠶᠠᠷ᠂ ᠠᠵᠢᠯ ᠤᠨ ᠬᠠᠷᠠᠯᠲᠠ | ᠭᠤᠷᠪᠠ᠂ ᠦᠨᠳᠦᠰᠦᠨ ᠵᠠᠷᠴᠢᠮ | ︵ᠨᠢᠭᠡ︶ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠦᠭᠵᠢᠬᠦᠯᠦᠨ᠎ᠡ | ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠵᠢᠷᠤᠮᠯᠠᠨ᠂ ︽ᠠᠮᠢ ᠠᠬᠤᠢ ᠶᠢ ᠲᠡᠷᠢᠭᠦᠨ ᠳᠤ ᠲᠠᠯᠪᠢᠬᠤ | ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠥᠷᠥᠯ | ᠬᠤᠪᠢᠶᠠᠨ ᠵᠢᠯᠣᠭᠤᠳᠬᠤ᠂ ᠪᠡᠯᠴᠢᠭᠡᠷ ᠢᠶᠠᠷ ᠮᠠᠯ ᠢ ᠲᠣᠭᠲᠠᠭᠠᠬᠤ᠂ ᠬᠥᠳᠡᠯᠦᠩᠭᠦᠢ ᠲᠡᠩᠴᠡᠭᠦᠷᠢᠲᠡᠢ ᠪᠠᠶᠢᠯᠭᠠᠬᠤ᠂ | ᠡᠷᠬᠡ ᠬᠠᠷᠢᠭᠤᠴᠠᠯᠭ᠎ᠠ ᠲᠣᠳᠣᠷᠬᠠᠢ᠂ ᠱᠠᠩᠨᠠᠵᠤ ᠲᠣᠷᠭᠠᠬᠤ ᠶᠢ ᠵᠡᠷᠭᠡ ᠪᠠᠷ ᠴᠢᠬᠤᠯᠠᠴᠢᠯᠠᠬᠤ︾ ᠠᠵᠢᠯ ᠤᠨ ᠵᠠᠷᠴᠢᠮ ᠢ | ᠪᠠᠷᠢᠮᠲᠠᠯᠠᠵᠤ᠂ ︽ᠳᠥᠷᠪᠡ ᠶᠢ ᠴᠠᠭᠠᠵᠠᠯᠠᠬᠤ︾ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠣᠢ ᠰᠢᠭᠤᠢ ᠨᠤᠲᠤᠭ | ᠪᠡᠯᠴᠢᠭᠡᠷ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠣᠢ ᠰᠢᠭᠤᠢ ᠨᠤᠲᠤᠭ ᠪᠡᠯᠴᠢᠭᠡᠷ ᠤᠨ | ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ᠂ ᠠᠮᠢ ᠠᠬᠤᠢ ᠶᠢᠨ ᠣᠷᠴᠢᠨ | ᠲᠣᠭᠤᠷᠢᠨ ᠢ ᠬᠦᠴᠦᠯᠡᠨ ᠬᠠᠮᠠᠭᠠᠯᠠᠬᠤ ᠪᠠ ᠵᠠᠰᠠᠨ ᠰᠡᠷᠭᠦᠭᠡᠨ᠎ᠡ᠃ | ︵ᠬᠤᠶᠠᠷ︶ ᠱᠠᠲᠤ ᠬᠤᠪᠢᠶᠠᠨ ᠬᠠᠷᠢᠭᠤᠴᠠᠨ᠎ᠠ | ᠬᠤᠰᠢᠭᠤᠨ ᠤ ᠱᠠᠲᠤᠨ ᠤ ᠤᠳᠤᠷᠢᠳᠤᠯᠭ᠎ᠠ ᠰᠤᠮᠤ ᠪᠠᠯᠭᠠᠰᠤ᠂ ᠰᠤᠮᠤ ᠪᠠᠯᠭᠠᠰᠤᠨ ᠤ ᠤᠳᠤᠷᠢᠳᠤᠯᠭ᠎ᠠ | ᠭᠠᠴᠠᠭ᠎ᠠ ᠶᠢ ᠳᠠᠭᠠᠭᠠᠴᠢᠯᠠᠬᠤ᠂ ᠰᠤᠮᠤ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠮᠠᠯᠵᠢᠬᠤ ᠲᠠᠷᠢᠶᠠᠯᠠᠬᠤ ᠡᠷᠦᠬᠡ ᠶᠢ | ᠳᠠᠭᠠᠭᠠᠴᠢᠯᠠᠨ ᠱᠠᠲᠤ ᠬᠤᠪᠢᠶᠠᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠬᠤᠰᠢᠭᠤ᠂ ᠰᠤᠮᠤ᠂ ᠭᠠᠴᠠᠭ᠎ᠠ | ᠭᠤᠷᠪᠠᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠲᠣᠣᠷ ᠰᠦᠯᠵᠢᠶ᠎ᠡ ᠶᠢ ᠪᠦᠷᠢᠯᠳᠦᠭᠦᠯᠦᠨ᠎ᠡ᠃ ᠬᠤᠰᠢᠭᠤᠨ | ᠳᠡᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠰᠤᠮᠤ ᠪᠠᠯᠭᠠᠰᠤᠨ ᠤ ︽ᠳᠥᠷᠪᠡ ᠶᠢ ᠴᠠᠭᠠᠵᠠᠯᠠᠬᠤ︾ | ᠠᠵᠢᠯ ᠳᠤ ᠬᠢᠨᠠᠯᠲᠠ ᠲᠠᠯᠪᠢᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠳᠠᠭᠠᠭᠠᠴᠢᠯᠠᠨ ᠬᠤᠯᠪᠣᠭᠠᠯᠠᠬᠤ ᠰᠤᠮᠤ | ᠪᠠᠯᠭᠠᠰᠤᠨ ᠳᠤ ᠭᠦᠨᠵᠡᠭᠡᠶᠢᠷᠡᠨ ᠬᠢᠨᠠᠨ ᠵᠢᠯᠣᠭᠤᠳᠴᠤ ᠪᠠᠶᠢᠴᠠᠭᠠᠪᠠ᠃ ᠡᠯ᠎ᠡ ᠰᠤᠮᠤ ᠬᠠᠷᠢᠶ᠎ᠠ ᠭᠠᠵᠠᠷ ᠤᠨ | ᠬᠠᠷᠢᠭᠤᠴᠠᠯᠭ᠎ᠠ᠂ ᠨᠢᠭᠡᠳᠦᠭᠡᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠢᠶᠠᠷᠴᠤ ᠬᠠᠮᠠᠭᠠᠯᠠᠬᠤ ᠲᠣᠭᠲᠠᠴᠠ ᠶᠢ | ᠴᠢᠩᠭ᠎ᠠ ᠨᠠᠶᠢᠳᠠᠪᠤᠷᠢᠵᠢᠭᠤᠯᠤᠨ᠂ ︽ᠳᠥᠷᠪᠡ ᠶᠢ ᠴᠠᠭᠠᠵᠠᠯᠠᠬᠤ︾ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠠᠴᠠ ᠥᠨᠳᠥᠷ | ᠴᠠᠭ ᠤᠨ ᠳᠠᠷᠠᠭᠠᠯᠠᠯ ᠢ ᠦᠨᠳᠦᠰᠦᠯᠡᠨ ᠠᠯᠤᠰ ᠰᠡᠷᠡᠯ ᠤᠨ ᠲᠤᠭ᠎ᠠ ᠪᠠᠷᠢᠮᠲᠠ ᠪᠠ ᠭᠠᠵᠠᠷ ᠳᠡᠭᠡᠷᠡᠬᠢ ᠬᠢᠨᠠᠨ | ᠬᠡᠮᠵᠢᠭᠰᠡᠨ ᠲᠤᠭ᠎ᠠ ᠪᠠᠷᠢᠮᠲᠠ ᠶᠢ ᠭᠠᠴᠠᠭᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠲᠣᠭᠲᠠᠭᠠᠯ ᠠᠴᠠ | ᠵᠥᠷᠢᠴᠡᠨ ᠪᠡᠯᠴᠢᠭᠡᠷᠯᠡᠭᠦᠯᠦᠭᠰᠡᠨ ᠰᠡᠷᠭᠡᠭ ᠣᠷᠣᠨ ᠳᠤ ᠵᠠᠳᠠᠯᠤᠨ ᠭᠠᠷᠭᠠᠭᠰᠠᠨ ᠪᠥᠭᠡᠳ ᠸᠧᠺᠲ᠋ᠣᠷ ᠵᠢᠷᠤᠭ ᠲᠣᠯᠪᠤ ᠶᠢ | ᠳᠣᠷᠣᠭᠰᠢ ᠪᠠᠭᠤᠯᠭᠠᠨ᠎ᠠ᠃ ᠰᠤᠮᠤ ᠪᠠᠯᠭᠠᠰᠤ ᠨᠢ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠲᠣᠭᠲᠠᠭᠠᠯ ᠠᠴᠠ ᠵᠥᠷᠢᠴᠡᠭᠰᠡᠨ ᠮᠠᠯ ᠪᠡᠯᠴᠢᠭᠡᠷᠯᠡᠭᠦᠯᠬᠦ ᠰᠡᠷᠭᠡᠭ | ᠣᠷᠣᠨ ᠳᠤ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠵᠤ ᠬᠢᠨᠠᠨ ᠡᠵᠡᠮᠳᠡᠬᠦ ᠬᠠᠮᠢᠶᠠᠷᠤᠯᠲᠠ ᠶᠠᠪᠤᠭᠤᠯᠪᠠ᠃ | ︵ᠭᠤᠷᠪᠠ︶ ᠬᠡᠷᠡᠭᠵᠢᠭᠦᠯᠦᠯᠲᠡ ᠬᠦᠴᠦᠲᠡᠢ | ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠬᠠᠤᠯᠢ | ᠬᠡᠷᠡᠭᠵᠢᠭᠦᠯᠬᠦ ᠡᠷᠬᠡ ᠮᠡᠳᠡᠯ ᠤᠨ ᠬᠡᠪᠴᠢᠶ᠎ᠡ ᠶᠢ ᠲᠣᠳᠣᠷᠬᠠᠶᠢᠯᠠᠨ᠎ᠠ᠃ ᠬᠤᠰᠢᠭᠤᠨ ᠤ ᠣᠢ ᠰᠢᠭᠤᠢ ᠪᠠ ᠨᠤᠲᠤᠭ | ᠪᠡᠯᠴᠢᠭᠡᠷ ᠤᠨ ᠰᠠᠯᠠᠭ᠎ᠠ ᠮᠥᠴᠢᠷ ︽ᠳᠥᠷᠪᠡ ᠶᠢ ᠴᠠᠭᠠᠵᠠᠯᠠᠬᠤ︾ ᠠᠵᠢᠯ ᠤᠨ ᠪᠦᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠲᠣᠭᠠᠴᠢᠯᠠᠭᠰᠠᠨ ᠬᠢᠨᠠᠨ | ᠬᠠᠮᠢᠶᠠᠷᠤᠯᠲᠠ ᠶᠢᠨ ᠲᠠᠪᠴᠠᠩ ᠢ ᠰᠠᠶᠢᠲᠤᠷ ᠬᠡᠷᠡᠭᠯᠡᠨ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ | ᠱᠠᠲᠤᠨ ᠤ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠬᠤ ᠲᠣᠣᠷ ᠢ ᠪᠠᠶᠢᠭᠤᠯᠤᠨ ᠪᠦᠷᠢᠨᠰᠢᠭᠦᠯᠵᠦ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠠᠤᠯᠢ ᠬᠡᠷᠡᠭᠵᠢᠭᠦᠯᠬᠦ ᠡᠬᠡ ᠳᠠᠩᠰᠠ ᠪᠠᠶᠢᠭᠤᠯᠵᠤ᠂ ᠡᠯ᠎ᠡ | ᠭᠠᠵᠠᠷ ᠤᠨ ᠬᠠᠤᠯᠢ ᠬᠡᠷᠡᠭᠵᠢᠭᠦᠯᠬᠦ ᠡᠬᠡ ᠳᠠᠩᠰᠠ ᠶᠢ ᠦᠨᠳᠦᠰᠦᠯᠡᠨ᠂ ᠣᠢ ᠰᠢᠭᠤᠢ ᠨᠤᠲᠤᠭ ᠪᠡᠯᠴᠢᠭᠡᠷ ᠤᠨ | ᠲᠣᠪᠴᠢᠶ᠎ᠠ ᠵᠢᠴᠢ ᠡᠯ᠎ᠡ ᠰᠤᠮᠤ ᠪᠠᠯᠭᠠᠰᠤ ᠶᠢᠨ ᠬᠠᠤᠯᠢ ᠬᠡᠷᠡᠭᠵᠢᠭᠦᠯᠬᠦ ᠡᠬᠡ ᠳᠠᠩᠰᠠ ᠶᠢ ᠦᠨᠳᠦᠰᠦᠯᠡᠨ ᠨᠥᠬᠦᠪᠥᠷᠢ | ᠱᠠᠩᠨᠠᠯ ᠤᠨ ᠪᠡᠯᠡ ᠮᠥᠩᠭᠦ ᠲᠠᠷᠬᠠᠭᠠᠬᠤ ᠡᠬᠡ ᠳᠠᠩᠰᠠ ᠶᠢ ᠪᠠᠶᠢᠭᠤᠯᠬᠤ ᠶᠢ ᠬᠠᠷᠢᠭᠤᠴᠠᠨ᠎ᠠ︔ ᠬᠤᠰᠢᠭᠤᠨ ᠡᠳ᠋ ᠤᠨ | ᠵᠠᠰᠠᠭ ᠤᠨ ᠲᠣᠪᠴᠢᠶ᠎ᠠ ᠨᠤᠲᠤᠭ ᠪᠡᠯᠴᠢᠭᠡᠷ ᠤᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠪᠡᠯᠡ | ᠮᠥᠩᠭᠦ ᠶᠢ ᠬᠤᠪᠢᠶᠠᠷᠢᠯᠠᠭᠰᠠᠨ ᠪᠠᠶᠢᠳᠠᠯ ᠢ ᠦᠨᠳᠦᠰᠦᠯᠡᠨ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠡᠯᠡ | ᠮᠥᠩᠭᠦ ᠶᠢᠨ ᠲᠤᠰᠬᠠᠢ ᠳᠠᠩᠰᠠ ᠪᠠᠶᠢᠭᠤᠯᠵᠤ᠂ ᠳᠠᠩᠰᠠ ᠬᠤᠪᠢᠶᠠᠨ ᠲᠣᠭᠠᠴᠠᠭ᠎ᠠ ᠬᠢᠵᠦ᠂ ᠲᠤᠰᠬᠠᠢ ᠵᠣᠭᠤᠰ ᠢ | ᠲᠤᠰᠬᠠᠢ ᠵᠦᠢᠯ ᠳᠤ ᠬᠡᠷᠡᠭᠯᠡᠵᠦ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠬᠠᠷᠢᠶ᠎ᠠ | ᠣᠷᠣᠨ ᠤ ᠬᠠᠤᠯᠢ ᠪᠤᠰᠤ ᠪᠠᠷ ᠮᠠᠯᠵᠢᠬᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠬᠦ ᠶᠢᠨ ᠬᠠᠮᠲᠤ ᠬᠠᠤᠯᠢ | ᠬᠡᠷᠡᠭᠵᠢᠭᠦᠯᠬᠦ ᠡᠬᠡ ᠳᠠᠩᠰᠠ ᠪᠠᠶᠢᠭᠤᠯᠪᠠ︔ ᠡᠯ᠎ᠡ ᠭᠠᠴᠠᠭ᠎ᠠ ᠠᠮᠢ ᠠᠬᠤᠢ ᠶᠢᠨ ᠣᠢ ᠬᠠᠮᠠᠭᠠᠯᠠᠭᠴᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠳᠦᠯᠲᠡᠢ ᠵᠣᠬᠢᠶᠠᠨ ᠪᠠᠶᠢᠭᠤᠯᠵᠤ᠂ ᠴᠢᠩᠭ᠎ᠠ ᠬᠠᠮᠢᠶᠠᠷᠴᠤ᠂ ᠬᠠᠤᠯᠢ | ᠶᠣᠰᠣᠭᠠᠷ ᠲᠣᠭᠤᠷᠢᠨ ᠬᠠᠮᠠᠭᠠᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠢᠨᠠᠨ ᠬᠠᠮᠢᠶᠠᠷᠬᠤ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ | ︵ᠲᠦᠷᠪᠡ︶ ᠱᠠᠩᠨᠠᠵᠤ ᠲᠣᠷᠭᠠᠬᠤ ᠶᠢ ᠵᠡᠷᠭᠡᠪᠡᠷ ᠴᠢᠬᠤᠯᠠᠴᠢᠯᠠᠵᠤ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠬᠦᠯᠦᠨ᠎ᠡ | ︽ᠳᠥᠷᠪᠡ ᠶᠢ ᠴᠠᠭᠠᠵᠠᠯᠠᠬᠤ︾ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠲᠠᠢ ᠤᠶᠠᠯᠳᠤᠭᠤᠯᠤᠨ᠂ | ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠠᠮᠢᠳᠤᠯᠢᠭ ᠢᠶᠠᠷ ᠠᠪᠬᠤ ᠬᠡᠷᠡᠭᠲᠡᠢ᠃ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ︽ᠳᠥᠷᠪᠡ ᠶᠢ ᠴᠠᠭᠠᠵᠠᠯᠠᠬᠤ︾ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠨᠤᠲᠤᠭ ᠪᠡᠯᠴᠢᠭᠡᠷ ᠤᠨ ᠬᠡᠷᠡᠭᠯᠡᠭᠴᠢ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠳᠤ | ᠴᠠᠭ ᠲᠤᠬᠠᠢ ᠳᠤᠨᠢ ᠲᠤᠭ᠎ᠠ ᠶᠣᠰᠣᠭᠠᠷ ᠣᠯᠭᠤᠬᠤ ᠬᠡᠷᠡᠭᠲᠡᠢ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ | ᠬᠥᠮᠦᠨ ᠳᠤᠮᠳᠠ ᠠᠴᠠ ᠨᠢ ᠲᠠᠰᠤᠳᠠᠨ ᠦᠯᠡᠳᠡᠭᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠢ᠂ ᠦᠷ᠎ᠡ ᠪᠦᠲᠦᠮᠵᠢ | ᠣᠯᠵᠤ ᠱᠠᠩᠨᠠᠯ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ︔ ︽ᠳᠥᠷᠪᠡ ᠶᠢ ᠴᠠᠭᠠᠵᠠᠯᠠᠬᠤ︾ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠭ᠎ᠠ ᠦᠭᠡᠢ ᠪᠣᠯ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠰᠠᠭᠤᠯᠭᠠᠨ ᠥᠭᠴᠦ ᠪᠣᠯᠤᠨ᠎ᠠ᠂ ᠱᠠᠩᠨᠠᠵᠤ ᠲᠣᠷᠭᠠᠬᠤ ᠶᠢ ᠵᠡᠷᠭᠡ ᠪᠠᠷ | ᠬᠡᠷᠡᠭᠵᠢᠭᠦᠯᠬᠦ ᠪᠠᠷ ᠳᠠᠮᠵᠢᠭᠤᠯᠤᠨ ᠡᠯ᠎ᠡ ᠬᠠᠷᠢᠭᠤᠴᠠᠯᠭᠠᠲᠤ ᠭᠤᠣᠯ ᠴᠣᠭᠴᠠ ᠳᠤ ︽ᠳᠥᠷᠪᠡ ᠶᠢ ᠴᠠᠭᠠᠵᠠᠯᠠᠬᠤ︾ | ᠡᠭᠦᠷᠭᠡ ᠶᠢ ᠰᠠᠶᠢᠲᠤᠷ ᠭᠦᠢᠴᠡᠳᠬᠡᠬᠦ ᠶᠢ ᠵᠣᠷᠢᠭᠵᠢᠭᠤᠯᠬᠤ ᠪᠠ ᠰᠢᠮᠳᠠᠭᠤᠯᠬᠤ ᠬᠡᠷᠡᠭᠲᠡᠢ᠃ | ᠳᠥᠷᠪᠡ᠂ ᠠᠵᠢᠯ ᠤᠨ ᠠᠷᠭ᠎ᠠ ᠬᠡᠮᠵᠢᠶ᠎ᠡ | ︽ᠨᠢᠭᠡ ᠬᠠᠷᠠᠯᠲᠠ᠂ ᠬᠤᠶᠠᠷ ᠱᠠᠲᠤᠨ ᠤ ᠬᠠᠮᠢᠶᠠᠷᠤᠯᠲᠠ᠂ ᠭᠤᠷᠪᠠᠨ ᠰᠡᠷᠭᠡᠶᠢᠯᠡᠯᠲᠡ ᠶᠢᠨ ᠱᠤᠭᠤᠮ᠂ ᠳᠥᠷᠪᠡᠨ | ᠭᠠᠵᠠᠷ ᠤᠨ ᠨᠡᠶᠢᠯᠡᠮᠡᠯ ᠬᠦᠴᠦᠨ᠂ ᠲᠠᠪᠤᠨ ᠲᠠᠯ᠎ᠠ ᠳᠤ ᠬᠢᠨᠠᠯᠲᠠ ᠲᠠᠯᠪᠢᠬᠤ︾ ᠠᠵᠢᠯ ᠤᠨ ᠵᠠᠷᠴᠢᠮ ᠶᠣᠰᠣᠭᠠᠷ᠂ ᠪᠦᠬᠦ | ᠵᠢᠯ ᠳᠤ ︽ᠳᠥᠷᠪᠡ ᠶᠢ ᠴᠠᠭᠠᠵᠠᠯᠠᠬᠤ︾ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠲᠤᠬᠠᠶᠢᠯᠠᠪᠠᠯ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠨ ᠢ ᠪᠦᠬᠦ ᠲᠠᠯ᠎ᠠ ᠪᠠᠷ ᠰᠠᠶᠢᠲᠤᠷ ᠬᠢᠵᠦ᠂ | ᠮᠠᠨ ᠤ ᠬᠤᠰᠢᠭᠤᠨ ᠤ ᠠᠮᠢ ᠠᠬᠤᠢ ᠶᠢᠨ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠪᠠᠷ | ᠬᠠᠷᠠᠯᠲᠠ ︵ᠨᠢᠭᠡ ᠬᠠᠷᠠᠯᠲᠠ︶᠂ ᠬᠤᠰᠢᠭᠤᠨ ᠳᠡᠰ᠂ ᠰᠤᠮᠤ ᠪᠠᠯᠭᠠᠰᠤ ᠬᠤᠶᠠᠷ ᠱᠠᠲᠤᠨ ᠤ ᠬᠢᠨ ᠪᠦᠬᠦ | ᠬᠤᠰᠢᠭᠤᠨ ᠤ ︽ᠳᠥᠷᠪᠡ ᠶᠢ ᠴᠠᠭᠠᠵᠠᠯᠠᠬᠤ︾ ᠠᠵᠢᠯ ︵ᠬᠤᠶᠠᠷ ᠱᠠᠲᠤᠨ ᠤ ᠬᠠᠮᠢᠶᠠᠷᠤᠯᠲᠠ︶ ᠢ ᠬᠠᠮᠲᠤ ᠪᠠᠷ | ᠬᠠᠮᠢᠶᠠᠷᠴᠤ᠂ ᠡᠯ᠎ᠡ ᠰᠤᠮᠤ ᠪᠠᠯᠭᠠᠰᠤᠨ ᠤ ᠬᠠᠤᠯᠢ ᠬᠡᠷᠡᠭᠵᠢᠭᠦᠯᠬᠦ ᠰᠡᠷᠭᠡᠶᠢᠯᠡᠯᠲᠡ ᠶᠢᠨ ᠱᠤᠭᠤᠮ᠂ ᠬᠥᠷᠰᠢ | ᠵᠡᠷᠭᠡᠯᠡᠳᠡᠭᠡ ᠰᠤᠮᠤ ᠪᠠᠯᠭᠠᠰᠤᠨ ᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠤᠯᠢ ᠬᠡᠷᠡᠭᠵᠢᠭᠦᠯᠬᠦ | ᠰᠡᠷᠭᠡᠶᠢᠯᠡᠯᠲᠡ ᠶᠢᠨ ᠱᠤᠭᠤᠮ ᠢ ᠰᠣᠯᠪᠢᠴᠠᠭᠤᠯᠵᠤ᠂ ᠬᠤᠰᠢᠭᠤᠨ ᠤ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ | ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ ᠰᠤᠮᠤ ᠪᠠᠯᠭᠠᠰᠤ᠂ ᠠᠮᠢ ᠠᠬᠤᠢ ᠶᠢᠨ ᠣᠢ ᠬᠠᠮᠠᠭᠠᠯᠠᠭᠴᠢ ᠶᠢᠨ | ᠠᠵᠢᠯ ᠤᠨ ᠨᠡᠶᠢᠯᠡᠮᠡᠯ ᠬᠦᠴᠦᠨ ︵ᠭᠤᠷᠪᠠᠨ ᠰᠡᠷᠭᠡᠶᠢᠯᠡᠯᠲᠡ ᠶᠢᠨ ᠱᠤᠭᠤᠮ︶ ᠢ ᠪᠣᠢ ᠪᠣᠯᠭᠠᠵᠤ᠂ ᠳᠡᠭᠡᠳᠦ ᠱᠠᠲᠤᠨ ᠤ | ᠰᠠᠯᠠᠭ᠎ᠠ ᠮᠥᠴᠢᠷ᠂ ᠲᠤᠰ ᠱᠠᠲᠤᠨ ᠤ ᠪᠠᠶᠢᠭᠤᠯᠭ᠎ᠠ ᠨᠢᠭᠡᠴᠡ᠂ ᠨᠡᠶᠢᠭᠡᠮ᠂ ᠶᠠᠷᠢᠶ᠎ᠠ ᠬᠡᠯᠡᠯᠴᠡᠭᠡ᠂ ᠣᠯᠠᠨ ᠲᠦᠮᠡᠨ ᠤ | ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ︽ᠳᠥᠷᠪᠡ ᠶᠢ ᠴᠠᠭᠠᠵᠠᠯᠠᠬᠤ︾ ᠠᠵᠢᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠨᠢᠭᠡ︶ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ | ᠬᠤᠰᠢᠭᠤᠨ ᠤ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ︵ᠬᠠᠤᠯᠢ ᠬᠡᠷᠡᠭᠵᠢᠭᠦᠯᠬᠦ ᠠᠵᠢᠯᠲᠠᠨ ᠵᠢᠴᠢ | ᠵᠠᠩᠭᠢᠯᠠᠭ᠎ᠠ ᠠᠴᠠ ᠳᠡᠭᠡᠭᠰᠢᠬᠢ ᠺᠠᠳ᠋ᠷ︶᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︵ᠣᠢ ᠰᠢᠭᠤᠢ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ᠂ ᠡᠯ᠎ᠡ ᠭᠠᠵᠠᠷ ᠤᠨ | ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ︶᠂ ᠡᠯ᠎ᠡ ᠰᠤᠮᠤ ᠪᠠᠯᠭᠠᠰᠤ ︵ᠬᠠᠤᠯᠢ ᠬᠡᠷᠡᠭᠵᠢᠭᠦᠯᠬᠦ ᠠᠵᠢᠯᠲᠠᠨ | ︶ ᠪᠠ ᠠᠮᠢ ᠠᠬᠤᠢ ᠶᠢᠨ ᠣᠢ ᠰᠢᠭᠤᠢ ᠬᠠᠮᠠᠭᠠᠯᠠᠭᠴᠢ ︵55 ᠨᠡᠶᠢᠲᠡ ᠶᠢᠨ ᠠᠰᠠᠷᠠᠮᠵᠢ ᠶᠢᠨ ᠣᠢ ᠰᠢᠭᠤᠢ ᠶᠢᠨ | ᠬᠠᠮᠢᠶᠠᠷᠤᠨ ᠬᠠᠮᠠᠭᠠᠯᠠᠬᠤ ᠥᠷᠲᠡᠭᠡ ᠶᠢᠨ 731 ᠨᠡᠶᠢᠲᠡ ᠶᠢᠨ ᠠᠰᠠᠷᠠᠮᠵᠢ ᠶᠢᠨ ᠣᠢ ᠰᠢᠭᠤᠢ ᠶᠢᠨ ᠬᠠᠮᠢᠶᠠᠷᠤᠨ | ᠬᠠᠮᠠᠭᠠᠯᠠᠭᠴᠢ᠂ 1000 ᠠᠮᠢ ᠠᠬᠤᠢ ᠶᠢᠨ ᠣᠢ ᠬᠠᠮᠠᠭᠠᠯᠠᠭᠴᠢ︶ ᠠᠴᠠ ᠬᠠᠤᠯᠢ ᠬᠡᠷᠡᠭᠵᠢᠭᠦᠯᠬᠦ ᠳᠤᠭᠤᠶᠢᠯᠠᠩ | ᠪᠠᠶᠢᠭᠤᠯᠵᠤ᠂ ᠪᠦᠬᠦ ᠬᠤᠰᠢᠭᠤᠨ ᠤ ᠬᠡᠪᠴᠢᠶᠡᠨ ᠳᠠᠬᠢ ︽ᠳᠥᠷᠪᠡ ᠶᠢ ᠴᠠᠭᠠᠵᠠᠯᠠᠬᠤ︾ ᠠᠵᠢᠯ ᠢ ᠬᠠᠷᠢᠭᠤᠴᠠᠨ᠎ᠠ᠃ | ︽ᠳᠥᠷᠪᠡ ᠶᠢ ᠴᠠᠭᠠᠵᠠᠯᠠᠬᠤ︾ ᠠᠵᠢᠯ ᠢ ᠥᠷᠨᠢᠭᠦᠯᠬᠦ ᠳᠤᠮᠳᠠ᠂ ᠬᠠᠤᠯᠢ ᠬᠡᠷᠡᠭᠵᠢᠭᠦᠯᠦᠯᠲᠡ ᠶᠢ ᠬᠠᠷᠰᠢᠯᠠᠭᠰᠠᠨ | ᠵᠡᠷᠭᠡ ᠪᠠᠶᠢᠳᠠᠯ ᠳᠤ ᠲᠤᠯᠭᠠᠷᠠᠭᠰᠠᠨ ᠦᠶ᠎ᠡ ᠳᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠡᠷᠡ ᠳᠠᠷᠤᠢ ᠳᠤᠨᠢ | ᠲᠤᠬᠠᠢ ᠶᠢᠨ ᠲᠠᠯᠠᠪᠤᠷ ᠲᠤ ᠬᠦᠷᠴᠦ ᠰᠢᠢᠳᠪᠦᠷᠢᠯᠡᠵᠦ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠬᠦ ᠪᠣᠯᠤᠨ᠎ᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠤ ᠪᠣᠳᠠᠲᠠᠢ ᠬᠡᠷᠡᠭᠴᠡᠭᠡ | ᠱᠠᠭᠠᠷᠳᠠᠯᠭ᠎ᠠ ᠳᠤ ᠴᠢᠭᠯᠡᠭᠦᠯᠦᠨ᠂ ᠪᠦᠬᠦ ᠲᠠᠯ᠎ᠠ ᠶᠢᠨ ᠪᠣᠯᠪᠠᠰᠤᠷᠠᠭᠤᠯᠤᠯ ᠤᠨ ᠲᠥᠯᠥᠪᠯᠡᠭᠡ ᠲᠣᠭᠲᠠᠭᠠᠵᠤ᠂ | ᠪᠣᠯᠪᠠᠰᠤᠷᠠᠭᠤᠯᠤᠯ ᠤᠨ ᠠᠭᠤᠯᠭ᠎ᠠ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ | ᠬᠠᠤᠯᠢ ᠲᠣᠭᠲᠠᠭᠠᠯ᠂ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ᠂ ᠨᠡᠪᠲᠡᠷᠡᠯᠴᠡᠬᠦ ᠤᠷ᠎ᠠ ᠮᠡᠷᠭᠡᠵᠢᠯ ᠵᠡᠷᠭᠡ ᠲᠠᠯ᠎ᠠ ᠶᠢ | ᠪᠠᠭᠲᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠ | ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠎ᠡ᠃ | ︵ᠬᠤᠶᠠᠷ︶ ᠰᠢᠳᠬᠡᠨ ᠲᠣᠷᠭᠠᠬᠤ ᠪᠠᠷᠢᠮᠵᠢᠶ᠎ᠠ ᠶᠢ ᠳᠤᠳᠤᠷᠬᠠᠶᠢᠯᠠᠨ᠎ᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠳᠦᠷᠢᠮ︾ ᠤᠨ ᠬᠤᠷᠢ ᠶᠢᠰᠦᠳᠦᠭᠡᠷ ᠵᠦᠢᠯ ᠳᠤ᠄ ︽ | ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠢ᠂ ᠪᠡᠯᠴᠢᠭᠡᠷᠯᠡᠭᠦᠯᠬᠦ ᠶᠢ ᠴᠠᠭᠠᠵᠠᠯᠠᠬᠤ | ᠣᠷᠣᠨ ᠳᠤ ᠬᠤᠶᠠᠷ ᠤᠳᠠᠭ᠎ᠠ ᠠᠴᠠ ᠳᠡᠭᠡᠭᠰᠢ ᠪᠡᠯᠴᠢᠭᠡᠷᠯᠡᠭᠦᠯᠪᠡᠯ᠂ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠰᠠᠭᠤᠯᠭᠠᠨ ᠠᠪᠴᠤ ᠪᠣᠯᠤᠨ᠎ᠠ᠃ ᠭᠤᠴᠢᠨ | ᠳᠥᠷᠪᠡᠳᠦᠭᠡᠷ ᠵᠦᠢᠯ᠄ ︽ᠲᠤᠰ ᠳᠦᠷᠢᠮ ᠤᠨ ᠠᠷᠪᠠᠨ ᠭᠤᠷᠪᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠲᠡᠮᠳᠡᠭ ᠢ ᠡᠪᠳᠡᠭᠰᠡᠨ ᠪᠤᠶᠤ ᠳᠤᠷ᠎ᠠ ᠪᠠᠷ ᠢᠶᠠᠨ ᠰᠢᠯᠵᠢᠭᠦᠯᠦᠭᠰᠡᠨ ᠪᠠᠶᠢᠪᠠᠯ᠂ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠤᠯ ᠪᠠᠶᠢᠳᠠᠯ ᠢ ᠨᠢ ᠰᠡᠷᠭᠦᠭᠡᠯᠭᠡᠨ᠎ᠡ︔ | ᠬᠤᠭᠤᠴᠠᠭ᠎ᠠ ᠥᠩᠭᠡᠷᠡᠲᠡᠯ᠎ᠡ ᠰᠡᠷᠭᠦᠭᠡᠭᠰᠡᠨ ᠦᠭᠡᠢ ᠪᠠᠶᠢᠪᠠᠯ᠂ ᠡᠪᠳᠡᠭᠰᠡᠨ ᠪᠡᠯᠡᠳᠬᠡᠮᠵᠢ ᠶᠢᠨ ᠤᠤᠯ ᠤᠨ ᠥᠷᠲᠡᠭ ᠤᠨ | ᠬᠢᠨᠢ ᠨᠢᠭᠡ ᠳᠠᠬᠢᠨ ᠠᠴᠠ ᠳᠡᠭᠡᠭᠰᠢ ᠲᠠᠪᠤᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ︾ ᠭᠡᠵᠦ | ᠲᠣᠭᠲᠠᠭᠠᠪᠠ᠃ ᠭᠤᠴᠢᠨ ᠲᠠᠪᠤᠳᠤᠭᠠᠷ ᠵᠦᠢᠯ᠄ ︽ᠲᠤᠰ ᠳᠦᠷᠢᠮ ᠤᠨ ᠠᠷᠪᠠᠨ ᠳᠣᠯᠣᠳᠤᠭᠠᠷ ᠵᠦᠢᠯ ᠤᠨ | ᠲᠣᠭᠲᠠᠭᠠᠯ ᠢ ᠵᠥᠷᠢᠴᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠮᠠᠯ ᠬᠠᠷᠢᠭᠤᠯᠪᠠᠯ᠂ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠨ ᠵᠠᠯᠠᠷᠠᠭᠤᠯᠵᠤ᠂ ᠬᠠᠤᠯᠢ ᠶᠢ ᠵᠥᠷᠢᠴᠡᠨ ᠬᠤᠨᠢ | ᠮᠠᠯᠵᠢᠵᠤ ᠪᠠᠶᠢᠭ᠎ᠠ ᠨᠢᠭᠡᠴᠢ ᠨᠢᠭᠡᠪᠦᠷᠢ ᠳᠤ 120 ᠲᠥᠭᠦᠷᠢᠭ ᠤᠨ ᠵᠣᠭᠤᠰ ᠢᠶᠠᠷ ᠲᠣᠷᠭᠠᠨ᠎ᠠ︾ ᠭᠡᠵᠦ ᠲᠣᠭᠲᠠᠭᠠᠪᠠ᠃ | | ︵ᠭᠤᠷᠪᠠ︶ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ | ᠨᠢᠭᠡ ᠳᠤ᠂ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠶᠢ ᠴᠢᠩᠭᠠᠳᠬᠠᠨ᠎ᠠ᠃ ᠬᠤᠰᠢᠭᠤᠨ ᠤ ᠣᠢ ᠰᠢᠭᠤᠢ | ᠡᠪᠡᠰᠦ ᠪᠡᠯᠴᠢᠭᠡᠷ ᠤᠨ ᠲᠣᠪᠴᠢᠶ᠎ᠠ ᠵᠢᠴᠢ ᠡᠯ᠎ᠡ ᠰᠤᠮᠤ ᠪᠠᠯᠭᠠᠰᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ | ᠬᠠᠮᠵᠢᠯᠴᠠᠭ᠎ᠠ ᠶᠢ ᠰᠦᠪᠡᠭᠴᠢᠯᠡᠨ ᠬᠡᠷᠡᠭᠵᠢᠭᠦᠯᠵᠦ᠂ ᠰᠠᠯᠠᠭ᠎ᠠ ᠮᠥᠴᠢᠷ᠂ ᠣᠷᠣᠨ ᠪᠦᠰᠡ ᠠᠯᠤᠰᠯᠠᠭᠰᠠᠨ᠂ ᠳᠡᠰ | ᠳᠠᠪᠬᠤᠷᠭ᠎ᠠ ᠠᠯᠤᠰᠯᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠮᠵᠢᠯᠴᠠᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ | ᠮᠥᠴᠢᠷ ᠤᠨ ᠣᠳᠣᠬᠢᠴᠢᠯᠠᠭᠰᠠᠨ᠂ ᠮᠡᠳᠡᠭᠡ ᠵᠠᠩᠭᠢᠵᠢᠯᠲᠠ᠂ ᠤᠶᠤᠨᠴᠢᠯᠠᠭᠰᠠᠨ ᠮᠡᠷᠭᠡᠵᠢᠯ ᠤᠨ ᠬᠢᠨᠠᠨ ᠬᠡᠮᠵᠢᠯᠲᠡ ᠶᠢᠨ | ᠠᠷᠭ᠎ᠠ ᠪᠠᠷᠢᠯ ᠢ ᠭᠦᠢᠴᠡᠳ ᠬᠡᠷᠡᠭᠯᠡᠨ᠂ ᠮᠡᠳᠡᠭᠡ ᠵᠠᠩᠭᠢᠵᠢᠯᠲᠠ ᠪᠠᠷ ᠬᠤᠯᠪᠣᠭᠠᠯᠠᠨ ᠬᠥᠳᠡᠯᠦᠯᠴᠡᠵᠦ ᠬᠢᠨᠠᠨ ᠬᠠᠮᠢᠶᠠᠷᠬᠤ | ᠪᠠᠶᠢᠳᠠᠯ ᠢ ᠪᠣᠢ ᠪᠣᠯᠭᠠᠵᠤ᠂ ᠣᠶᠤᠨ ᠴᠢᠳᠠᠯ ᠢᠶᠠᠨ ᠲᠥᠪᠯᠡᠷᠡᠭᠦᠯᠦᠨ ᠮᠠᠯ ᠬᠠᠷᠢᠭᠤᠯᠬᠤ ᠶᠢ ᠤᠷᠢᠳᠴᠢᠯᠠᠨ | ᠰᠡᠷᠡᠮᠵᠢᠯᠡᠭᠦᠯᠵᠦ ᠲᠣᠭᠤᠷᠢᠨ ᠪᠠᠶᠢᠴᠠᠭᠠᠬᠤ ᠶᠢ ᠰᠠᠶᠢᠲᠤᠷ ᠠᠳᠬᠤᠨ᠎ᠠ᠃ ᠬᠤᠶᠠᠷ ᠲᠤ᠂ ᠬᠤᠯᠪᠣᠭᠠᠯᠠᠨ ᠬᠠᠤᠯᠢ | ᠬᠡᠷᠡᠭᠵᠢᠭᠦᠯᠬᠦ ᠶᠢ ᠥᠷᠨᠢᠭᠦᠯᠦᠨ᠎ᠡ᠃ ᠡᠯ᠎ᠡ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠥᠮᠦᠨ ᠤ | ᠬᠦᠴᠦᠨ ᠪᠣᠳᠠᠰ ᠤᠨ ᠬᠦᠴᠦᠨ ᠢ ᠲᠥᠪᠯᠡᠷᠡᠭᠦᠯᠦᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠴᠠᠭᠳᠠᠨ ᠪᠠᠶᠢᠴᠠᠭᠠᠬᠤ | ᠡᠩᠨᠡᠭᠡ ᠶᠢ ᠪᠠᠶᠢᠭᠤᠯᠵᠤ᠂ ᠲᠣᠭᠤᠷᠢᠨ ᠪᠠᠶᠢᠴᠠᠭᠠᠬᠤ ᠲᠡᠷᠭᠡ ᠬᠥᠰᠬᠡ᠂ ᠲᠣᠨᠤᠭ ᠲᠥᠬᠦᠭᠡᠷᠦᠮᠵᠢ ᠪᠠ ᠵᠠᠷᠤᠳᠠᠯ ᠵᠡᠷᠭᠡ | ᠲᠠᠯ᠎ᠠ ᠶᠢᠨ ᠪᠠᠲᠤᠯᠠᠭ᠎ᠠ ᠶᠢ ᠴᠢᠩᠭᠠᠳᠬᠠᠨ᠂ ︽ᠳᠥᠷᠪᠡ ᠶᠢ ᠴᠠᠭᠠᠵᠠᠯᠠᠬᠤ︾ ᠬᠠᠮᠲᠤᠷᠠᠭᠰᠠᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠬᠠᠤᠯᠢ ᠶᠢ ᠵᠥᠷᠢᠴᠡᠨ ᠮᠠᠯ | ᠬᠠᠷᠢᠭᠤᠯᠬᠤ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠂ ᠣᠢ ᠰᠢᠭᠤᠢ ᠨᠤᠲᠤᠭ ᠪᠡᠯᠴᠢᠭᠡᠷ ᠢ ᠬᠠᠤᠯᠢ | ᠪᠤᠰᠤ ᠪᠠᠷ ᠡᠪᠳᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠢᠯᠠᠩᠭᠤᠶ᠎ᠠ | ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠳᠤ ᠬᠤᠯᠪᠣᠭᠳᠠᠭᠰᠠᠨ ᠡᠯᠡᠰᠦᠷᠬᠡᠭ ᠭᠠᠵᠠᠷ ᠢ ᠵᠠᠰᠠᠬᠤ | ᠣᠷᠣᠨ ᠳᠤ ᠨᠡᠩ ᠴᠤ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠴᠢᠩᠭ᠎ᠠ | ᠬᠡᠷᠡᠭᠵᠢᠭᠦᠯᠵᠦ᠂ ᠨᠢᠭᠡ ᠲᠠᠯ᠎ᠠ ᠪᠠᠷ ᠵᠠᠰᠠᠵᠤ ᠨᠢᠭᠡ ᠲᠠᠯ᠎ᠠ ᠪᠠᠷ ᠡᠪᠳᠡᠯᠭᠡ ᠳᠤ ᠡᠷᠡᠰ ᠴᠣᠬᠢᠯᠲᠠ ᠥᠭᠴᠦ᠂ ᠨᠥᠭᠦᠭᠡ | ᠲᠠᠯ᠎ᠠ ᠪᠠᠷ ᠲᠠᠷᠢᠵᠤ ᠨᠥᠭᠦᠭᠡ ᠲᠠᠯ᠎ᠠ ᠪᠠᠷ ᠬᠡᠮᠡᠯᠢᠬᠦ ᠦᠵᠡᠭᠳᠡᠯ ᠶᠠᠭᠠᠬᠢᠭᠰᠠᠨ ᠴᠤ ᠭᠠᠷᠴᠤ ᠪᠣᠯᠬᠤ ᠦᠭᠡᠢ᠃ | ︵ᠳᠥᠷᠪᠡ︶ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ | ᠪᠦᠬᠦ ᠬᠤᠰᠢᠭᠤ ᠪᠠᠨ ᠭᠤᠷᠪᠠᠨ ᠪᠠᠶᠢᠯᠳᠤᠭᠠᠨ ᠤ ᠲᠣᠭᠤᠷᠢᠭ ᠬᠤᠪᠢᠶᠠᠵᠤ᠂ ᠨᠢᠭᠡᠳᠦᠭᠡᠷ ᠪᠠᠶᠢᠯᠳᠤᠭᠠᠨ ᠤ | ᠲᠣᠭᠤᠷᠢᠭ ᠨᠢ ᠡᠮᠦᠨ᠎ᠡ ᠬᠡᠰᠡᠭ ᠤᠨ ᠣᠷᠣᠨ᠂ ᠬᠤᠶᠠᠷᠰᠤᠮᠤ ᠪᠠᠯᠭᠠᠰᠤ᠂ ᠪᠠᠶᠠᠨᠮᠠᠩᠬ᠎ᠠ ᠰᠤᠮᠤ᠂ ᠪᠠᠶᠠᠨᠨᠠᠭᠤᠷ ᠰᠤᠮᠤ᠂ | ᠭᠤᠣᠯ ᠤᠨ ᠪᠠᠶᠢᠰᠢᠩ ᠪᠠᠯᠭᠠᠰᠤ᠂ ᠬᠤᠶᠠᠳᠤᠭᠠᠷ ᠪᠠᠶᠢᠯᠳᠤᠭᠠᠨ ᠤ ᠲᠣᠭᠤᠷᠢᠭ ᠢ ᠳᠤᠮᠳᠠ ᠬᠡᠰᠡᠭ ᠤᠨ ᠣᠷᠣᠨ | ᠪᠣᠯᠭᠠᠵᠤ᠂ ᠰᠢᠨᠠᠵᠠᠮ ᠰᠤᠮᠤ᠂ ᠪᠠᠶᠠᠨᠬᠤᠰᠢᠭᠤ ᠪᠠᠯᠭᠠᠰᠤ᠂ ᠳᠠᠶᠢᠴᠢᠨᠲᠠᠯ᠎ᠠ ᠰᠤᠮᠤ᠂ ᠳᠦᠷᠡᠯᠵᠢ ᠪᠠᠯᠭᠠᠰᠤ ᠶᠢ | ᠪᠦᠷᠬᠦᠪᠡ︔ ᠭᠤᠷᠪᠠᠳᠤᠭᠠᠷ ᠪᠠᠶᠢᠯᠳᠤᠭᠠᠨ ᠤ ᠲᠣᠭᠤᠷᠢᠭ ᠤᠨ ᠬᠤᠶᠢᠲᠤ ᠬᠡᠰᠡᠭ ᠤᠨ ᠣᠷᠣᠨ ᠢ ᠪᠦᠷᠬᠦᠵᠦ᠂ | ᠡᠮᠲᠦ ᠶᠢᠨ ᠭᠤᠣᠯ ᠰᠤᠮᠤ᠂ ᠲᠦᠯᠢᠶᠡᠮᠤᠳᠤ ᠪᠠᠯᠭᠠᠰᠤ᠂ ᠪᠠᠷᠠᠭᠤᠨ ᠵᠢᠷᠢᠮ ᠪᠠᠯᠭᠠᠰᠤ᠂ ᠬᠠᠷᠠᠨᠠᠭᠤᠷ ᠰᠤᠮᠤ ᠶᠢ | ᠪᠦᠷᠬᠦᠪᠡ᠃ ᠬᠤᠰᠢᠭᠤᠨ ᠤ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠭᠤᠷᠪᠠᠨ ᠳᠤᠭᠤᠶᠢᠯᠠᠩ ᠬᠤᠪᠢᠶᠠᠨ | ᠪᠠᠶᠢᠯᠳᠤᠭᠠᠨ ᠤ ᠲᠣᠭᠤᠷᠢᠭ ᠲᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠭᠰᠡᠨ ᠤ ᠬᠠᠮᠲᠤ᠂ ᠪᠠᠶᠢᠯᠳᠤᠭᠠᠨ ᠤ | ᠣᠷᠣᠨ ᠤ ᠳᠣᠲᠣᠷᠠᠬᠢ ᠬᠥᠷᠰᠢ ᠵᠡᠷᠭᠡᠯᠡᠳᠡᠭᠡ ᠰᠤᠮᠤ ᠪᠠᠯᠭᠠᠰᠤᠨ ᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠰᠣᠯᠪᠢᠴᠠᠨ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠵᠦ᠂ ᠬᠠᠷᠢᠴᠠᠭᠠᠨ ᠤ ᠬᠡᠷᠡᠭ᠂ ᠨᠠᠶᠢᠷ ᠲᠠᠯ᠎ᠠ ᠶᠢᠨ ᠬᠡᠷᠡᠭ ᠠᠴᠠ | ᠵᠠᠶᠢᠯᠠᠰᠬᠢᠵᠦ᠂ ᠬᠠᠤᠯᠢ ᠬᠡᠷᠡᠭᠵᠢᠭᠦᠯᠬᠦ ᠡᠷᠬᠡ ᠰᠦᠷᠲᠦ ᠴᠢᠨᠠᠷ ᠢ ᠤᠯᠠᠮ ᠨᠢᠭᠡ ᠠᠯᠬᠤᠮ ᠴᠢᠩᠭᠠᠳᠬᠠᠨ᠎ᠠ᠃ | ︵ᠲᠠᠪᠤ︶ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ | ᠨᠢᠭᠡ ᠳᠤ᠂ ︽ᠳᠥᠷᠪᠡ ᠶᠢ ᠴᠠᠭᠠᠵᠠᠯᠠᠬᠤ︾ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠳᠤᠭᠤᠶᠢᠯᠠᠩ ᠢ | ᠪᠠᠶᠢᠭᠤᠯᠵᠤ᠂ ᠡᠯ᠎ᠡ ᠭᠠᠵᠠᠷ ᠤᠨ ︽ᠳᠥᠷᠪᠡ ᠶᠢ ᠴᠠᠭᠠᠵᠠᠯᠠᠬᠤ︾ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠳᠦᠷᠢᠮ ᠲᠣᠭᠲᠠᠭᠠᠬᠤ᠂ ᠥᠷᠨᠢᠭᠦᠯᠦᠭᠰᠡᠨ ᠪᠠᠶᠢᠳᠠᠯ ᠵᠡᠷᠭᠡ ᠶᠢ ᠬᠢᠨᠠᠨ | ᠵᠢᠯᠣᠭᠤᠳᠴᠤ ᠪᠠᠶᠢᠴᠠᠭᠠᠬᠤ ᠬᠡᠷᠡᠭᠲᠡᠢ᠃ ᠬᠤᠶᠠᠷ ᠲᠤ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ | ᠬᠠᠤᠯᠢ ᠶᠢ ᠭᠤᠣᠯᠴᠢ ᠪᠠᠷ ᠬᠡᠷᠡᠭᠵᠢᠭᠦᠯᠦᠭᠰᠡᠨ ᠦᠭᠡᠢ᠂ ᠬᠠᠤᠯᠢ ᠲᠣᠭᠲᠠᠭᠠᠯ ᠶᠣᠰᠣᠭᠠᠷ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠭᠰᠡᠨ ᠦᠭᠡᠢ ᠪᠤᠶᠤ ᠪᠠᠶᠢᠴᠠᠭᠠᠨ ᠰᠢᠢᠳᠪᠦᠷᠢᠯᠡᠭᠡᠳ ᠢᠯᠡᠷᠬᠡᠢ ᠵᠣᠬᠢᠰ ᠦᠭᠡᠢ ᠪᠣᠯ᠂ ᠢᠯᠠᠩᠭᠤᠶ᠎ᠠ ︽ | ᠲᠣᠷᠭᠠᠬᠤ ᠪᠠᠷ ᠬᠠᠮᠢᠶᠠᠷᠬᠤ ᠶᠢ ᠣᠷᠣᠯᠠᠭᠤᠯᠬᠤ︾᠂ ︽ᠲᠣᠷᠭᠠᠬᠤ ᠶᠢ ᠬᠠᠮᠢᠶᠠᠷᠬᠤ ᠪᠠᠷ ᠬᠠᠮᠢᠶᠠᠷᠬᠤ︾ ᠶᠢ | ᠣᠷᠣᠯᠠᠭᠤᠯᠬᠤ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ᠂ ᠡᠷᠬᠡ ᠲᠤᠰᠢᠶᠠᠯ ᠢᠶᠠᠨ | ᠳᠤᠷ᠎ᠠ ᠪᠠᠷ ᠢᠶᠠᠨ ᠬᠡᠷᠡᠭᠯᠡᠭᠰᠡᠨ ᠵᠡᠷᠭᠡ ᠦᠢᠯᠡ ᠠᠵᠢᠯᠯᠠᠭ᠎ᠠ ᠶᠢ ᠬᠠᠤᠯᠢ ᠰᠠᠬᠢᠯᠭ᠎ᠠ ᠶᠣᠰᠣᠭᠠᠷ ᠴᠢᠩᠭ᠎ᠠ | ᠰᠢᠢᠳᠪᠦᠷᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ︵ᠵᠢᠷᠭᠤᠭ᠎ᠠ︶ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠬᠦᠯᠦᠨ᠎ᠡ | ᠨᠢᠭᠡ ᠳᠤ᠂ ᠣᠢ ᠰᠢᠭᠤᠢ ︵ᠨᠤᠲᠤᠭ ᠪᠡᠯᠴᠢᠭᠡᠷ︶ ᠬᠠᠮᠠᠭᠠᠯᠠᠭᠴᠢ᠂ ᠭᠤᠣᠯ ︵ᠨᠠᠭᠤᠷ︶ ᠢ ᠴᠠᠭᠳᠠᠨ | ᠪᠠᠶᠢᠴᠠᠭᠠᠭᠴᠢ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠣᠣᠷᠵᠢᠭᠤᠯᠤᠭᠴᠢ ᠵᠡᠷᠭᠡ ︽ᠣᠯᠠᠨ ᠠᠵᠢᠯᠲᠠᠨ ᠢ | ᠨᠡᠶᠢᠯᠡᠭᠦᠯᠦᠨ ᠨᠢᠭᠡ ᠪᠣᠯᠭᠠᠵᠤ᠂ ᠨᠢᠭᠡ ᠭᠡᠰᠢᠭᠦᠨ ᠠᠴᠠ ᠣᠯᠠᠨ ᠪᠠᠶᠢᠴᠠᠭᠠᠬᠤ︾ ᠲᠣᠣᠷᠵᠢᠭᠤᠯᠤᠭᠰᠠᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠰᠣᠬᠤᠷ ᠪᠠᠯᠠᠢ ᠣᠷᠣᠨ ᠦᠯᠡᠳᠡᠭᠡᠬᠦ ᠦᠭᠡᠢ᠂ ᠥᠨᠴᠥᠭ ᠪᠤᠯᠤᠩ | ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ᠡᠯ᠎ᠡ ᠰᠤᠮᠤ ᠪᠠᠯᠭᠠᠰᠤ ᠣᠷᠣᠨ | ᠨᠤᠲᠤᠭ ᠤᠨ ᠪᠣᠳᠠᠲᠤ ᠪᠠᠶᠢᠳᠠᠯ ᠢ ᠦᠨᠳᠦᠰᠦᠯᠡᠨ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠳᠦᠷᠢᠮ ᠢ ᠪᠠᠶᠢᠭᠤᠯᠵᠤ᠂ | ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠳᠤ ︽ᠳᠥᠷᠪᠡ ᠶᠢ ᠴᠠᠭᠠᠵᠠᠯᠠᠬᠤ︾ ᠲᠥᠷᠥ ᠶᠢᠨ ᠪᠣᠳᠣᠯᠭ᠎ᠠ ᠶᠢ | ᠵᠥᠷᠢᠴᠡᠭᠰᠡᠨ ᠵᠠᠭᠠᠯᠳᠤᠯᠭ᠎ᠠ ᠢᠯᠡᠴᠢᠯᠡᠨ ᠮᠡᠳᠡᠭᠦᠯᠬᠦ ᠤᠲᠠᠰᠤ᠂ ᠵᠠᠬᠢᠳᠠᠯ ᠤᠨ ᠬᠠᠶᠢᠷᠴᠠᠭ ᠢ ᠪᠠᠶᠢᠭᠤᠯᠬᠤ ᠶᠢᠨ ᠬᠠᠮᠲᠤ | ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠬᠢᠨᠠᠨ ᠬᠠᠷᠭᠤᠭᠤᠯᠵᠤ ᠰᠢᠢᠳᠪᠦᠷᠢᠯᠡᠪᠡ᠃ | ︵ᠳᠣᠯᠤᠭ᠎ᠠ︶ ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠬᠤᠪᠢᠶᠠᠷᠠᠭᠤᠯᠤᠨᠠ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠠ ᠲᠣᠬᠢᠶᠠᠯ ᠢ ᠠᠮᠵᠢᠵᠤ᠂ ᠳᠡᠭᠡᠳᠦ ᠱᠠᠲᠤᠨ ᠤ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠳᠤ ᠲᠦᠰᠢᠭᠯᠡᠨ᠂ ᠤᠯᠠᠮᠵᠢᠯᠠᠯᠲᠤ ᠲᠡᠵᠢᠭᠡᠨ ᠦᠷᠡᠵᠢᠭᠦᠯᠬᠦ ᠵᠠᠭᠪᠤᠷ ᠢ | ᠢᠳᠡᠪᠬᠢᠲᠡᠢ ᠬᠤᠪᠢᠷᠠᠭᠤᠯᠵᠤ᠂ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠬᠡᠷᠡᠭᠵᠢᠭᠦᠯᠵᠦ᠂ ᠮᠠᠯ ᠤᠨᠤᠭ᠎ᠠ ᠶᠢ | ᠡᠷᠴᠢᠮᠵᠢᠭᠦᠯᠦᠨ ᠲᠡᠵᠢᠭᠡᠨ ᠦᠷᠡᠵᠢᠭᠦᠯᠬᠦ ᠶᠢ ᠠᠬᠢᠭᠤᠯᠵᠤ᠂ ᠭᠡᠷ ᠪᠦᠯᠢ ᠶᠢᠨ ᠮᠠᠯᠵᠢᠯ ᠤᠨ ᠲᠡᠯᠡᠪᠡᠢ᠂ ︽ᠬᠠᠮᠲᠤ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠤᠰᠬᠠᠢ ᠬᠤᠷᠰᠢ᠊ ᠡᠶ᠎ᠡ︾ ᠵᠡᠷᠭᠡ ᠦᠢᠯᠡᠳᠪᠦᠷᠢᠯᠡᠯ | ᠡᠵᠡᠩᠨᠡᠯᠲᠡ ᠶᠢᠨ ᠵᠠᠭᠪᠤᠷ ᠢ ᠳᠡᠯᠭᠡᠷᠡᠭᠦᠯᠦᠨ᠎ᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ︽ᠰᠤᠯᠠ ᠲᠡᠵᠢᠭᠡᠵᠦ ᠪᠠᠶᠢᠭᠰᠠᠨ ᠠᠴᠠ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠡᠶᠢᠰᠢ | ᠬᠡᠯᠪᠡᠷᠢ ᠪᠠᠨ ᠬᠤᠪᠢᠷᠠᠭᠤᠯᠬᠤ︾᠂ ︽ᠪᠡᠯᠴᠢᠭᠡᠷᠯᠡᠭᠦᠯᠦᠨ ᠮᠠᠯᠵᠢᠬᠤ ᠠᠴᠠ ᠬᠠᠰᠢᠶᠠᠯᠠᠨ ᠲᠡᠵᠢᠭᠡᠵᠦ ᠦᠷᠡᠵᠢᠭᠦᠯᠬᠦ | ᠲᠡᠰᠢ ᠬᠤᠪᠢᠷᠠᠭᠤᠯᠬᠤ︾ ᠵᠡᠷᠭᠡ ᠠᠷᠭ᠎ᠠ ᠬᠡᠯᠪᠡᠷᠢ ᠶᠢ ᠠᠪᠴᠤ᠂ ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠵᠦ᠂ | ᠠᠮᠢ ᠠᠬᠤᠢ ᠶᠢᠨ ᠣᠷᠴᠢᠨ ᠲᠣᠭᠤᠷᠢᠨ ᠤ ᠳᠠᠭᠠᠭᠠᠴᠠ ᠶᠢ ᠨᠠᠮᠳᠠᠭᠤᠯᠤᠨ᠎ᠠ᠃ | ︵ᠨᠠᠢᠮᠠ︶ ᠪᠣᠷᠳᠣᠭᠠᠨ ᠤ ᠬᠠᠩᠭᠠᠯᠭ᠎ᠠ ᠶᠢ ᠴᠢᠩᠭᠠᠳᠬᠠᠨ᠎ᠠ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠠᠮᠤ ᠪᠤᠳᠠᠭ᠎ᠠ ᠠᠵᠤ | ᠠᠬᠤᠢ ᠶᠢᠨ ᠲᠡᠵᠢᠭᠡᠯ ᠪᠣᠷᠳᠣᠭᠠᠨ ᠤ ᠪᠦᠲᠦᠴᠡ ᠶᠢ ᠰᠢᠯᠢᠳᠡᠭᠵᠢᠭᠦᠯᠬᠦ ᠶᠢ ᠬᠥᠲᠥᠯᠥᠨ ᠵᠢᠯᠣᠭᠤᠳᠴᠤ᠂ ᠨᠣᠭᠤᠭᠠᠨ | ᠳᠠᠷᠤᠰᠢ ᠶᠢᠨ ᠡᠷᠳᠡᠨᠢ ᠰᠢᠰᠢ ᠵᠡᠷᠭᠡ ᠲᠡᠵᠢᠭᠡᠯ ᠡᠪᠡᠰᠦ ᠪᠣᠷᠳᠣᠭᠠᠨ ᠤ ᠲᠠᠷᠢᠮᠠᠯ ᠲᠠᠷᠢᠬᠤ ᠲᠠᠯᠠᠪᠠᠢ ᠶᠢ ᠥᠷᠭᠡᠳᠬᠡᠨ᠂ | ᠨᠣᠭᠤᠭᠠᠨ ᠳᠠᠷᠤᠰᠢ ᠶᠢᠨ ᠲᠡᠵᠢᠭᠡᠯ ᠪᠣᠷᠳᠤᠭ᠎ᠠ ᠬᠠᠩᠭᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠬᠥᠲᠥᠴᠢ ᠠᠵᠤ | ᠠᠬᠤᠶᠢᠯᠠᠯ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ᠂ ᠲᠤᠰᠬᠠᠢ ᠠᠵᠢᠯ ᠤᠨ ᠬᠤᠷᠰᠢ᠊ ᠡᠶ᠎ᠡ ᠪᠠ ᠲᠡᠵᠢᠭᠡᠨ | ᠦᠷᠡᠵᠢᠭᠦᠯᠬᠦ ᠡᠷᠦᠬᠡ ᠶᠢᠨ ᠬᠢᠶᠠᠭ ᠡᠪᠡᠰᠦ ᠲᠠᠷᠢᠬᠤ ᠵᠡᠷᠭᠡ ᠴᠢᠨᠠᠷ ᠰᠠᠶᠢᠲᠠᠢ ᠬᠥᠬᠡ ᠬᠠᠭᠤᠷᠠᠢ ᠡᠪᠡᠰᠦ ᠲᠠᠷᠢᠬᠤ ᠶᠢ | ᠳᠡᠮᠵᠢᠵᠦ᠂ ᠡᠰᠢ ᠰᠦᠷᠡᠯ ᠢ ᠥᠨᠳᠥᠷ ᠪᠦᠲᠦᠮᠵᠢᠲᠡᠢ ᠪᠠᠷ ᠠᠰᠢᠭᠯᠠᠬᠤ᠂ ᠬᠠᠷᠭᠠᠨ᠎ᠠ ᠶᠢ ᠲᠡᠭᠰᠢᠯᠡᠨ | ᠰᠠᠶᠢᠵᠢᠷᠠᠭᠤᠯᠬᠤ ᠶᠢ ᠠᠬᠢᠭᠤᠯᠵᠤ᠂ ᠲᠡᠵᠢᠭᠡᠯ ᠡᠪᠡᠰᠦ ᠬᠠᠳᠠᠭᠠᠯᠠᠵᠤ ᠵᠥᠭᠡᠭᠡᠪᠦᠷᠢᠯᠡᠬᠦ ᠰᠢᠰᠲ᠋ᠧᠮ ᠢ ᠪᠠᠶᠢᠭᠤᠯᠵᠤ᠂ | ᠬᠥᠮᠦᠨ ᠤ ᠬᠦᠴᠦ ᠪᠠᠷ ᠲᠡᠵᠢᠭᠡᠯ ᠪᠣᠷᠳᠣᠭᠠᠨ ᠤ ᠭᠠᠷᠤᠯᠲᠠ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠲᠡᠵᠢᠭᠡᠯ ᠡᠪᠡᠰᠦ | ᠪᠣᠷᠳᠣᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ | ᠳᠠᠶᠢᠨ ᠲᠠᠢ ᠤᠶᠠᠯᠳᠤᠭᠤᠯᠤᠨ᠂ ᠲᠠᠴᠢᠷᠳᠠᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠰᠡᠷᠭᠦᠭᠡᠨ ᠵᠠᠰᠠᠬᠤ | ᠡᠷᠴᠢᠮ ᠢᠶᠠᠨ ᠴᠢᠩᠭᠠᠷᠠᠭᠤᠯᠵᠤ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠴᠢᠳᠠᠪᠤᠷᠢ ᠶᠢ | ᠪᠠᠬᠢᠵᠢᠭᠦᠯᠦᠨ ᠳᠡᠭᠡᠭᠰᠢᠯᠡᠭᠦᠯᠵᠦ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠭᠠᠷᠤᠯᠲᠠ ᠶᠢ ᠨᠡᠮᠡᠭᠳᠡᠭᠦᠯᠦᠨ᠎ᠡ᠃ | ︵ᠶᠢᠰᠦ︶ ᠪᠡᠯᠡ ᠮᠥᠩᠭᠦ ᠶᠢ ᠵᠣᠬᠢᠰᠲᠠᠢ ᠠᠰᠢᠭᠯᠠᠨ᠎ᠠ | ᠡᠯ᠎ᠡ ᠰᠤᠮᠤ ᠪᠠᠯᠭᠠᠰᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ | ᠪᠡᠯᠡ ᠮᠥᠩᠭᠦ ᠶᠢ ᠰᠠᠭᠤᠯᠭᠠᠨ ᠠᠪᠬᠤ᠂ ᠲᠣᠭᠲᠠᠭᠠᠯ ᠠᠴᠠ ᠵᠥᠷᠢᠴᠡᠨ ᠮᠠᠯ ᠬᠠᠷᠢᠭᠤᠯᠵᠤ ᠬᠤᠷᠢᠶᠠᠨ ᠠᠪᠤᠭᠰᠠᠨ | ᠲᠣᠷᠭᠠᠭᠤᠯᠢ ᠶᠢᠨ ᠪᠡᠯᠡ ᠮᠥᠩᠭᠦ ᠶᠢ ᠭᠠᠴᠠᠭ᠎ᠠ᠂ ᠰᠤᠮᠤ ᠪᠠᠯᠭᠠᠰᠤ ᠬᠤᠶᠠᠷ ᠱᠠᠲᠤᠨ ᠤ ᠵᠠᠷᠯᠠᠨ ᠨᠡᠶᠢᠲᠡᠯᠡᠬᠦ ᠳᠦᠷᠢᠮ ᠢ | ᠬᠡᠷᠡᠭᠵᠢᠭᠦᠯᠵᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠪᠡ᠃ ᠪᠤᠢ ᠪᠦᠬᠦᠢ ᠰᠠᠭᠤᠳᠬᠠᠨ ᠣᠯᠭᠤᠬᠤ᠂ | ᠦᠯᠡᠳᠡᠪᠦᠷᠢ ᠪᠡᠯᠡ ᠮᠥᠩᠭᠦ ᠶᠢ ᠬᠤᠰᠢᠭᠤᠨ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠯᠡᠨ | ᠲᠣᠬᠢᠷᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ︾ ᠤᠨ ᠬᠠᠮᠢᠶ᠎ᠠ ᠪᠦᠬᠦᠢ | ᠲᠣᠭᠲᠠᠭᠠᠯ ᠢ ᠴᠢᠩᠭ᠎ᠠ ᠵᠢᠷᠤᠮᠯᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠪᠠ ᠨᠤᠲᠤᠭ | ᠪᠡᠯᠴᠢᠭᠡᠷ ᠤᠨ ᠠᠮᠢ ᠠᠬᠤᠢ ᠶᠢᠨ ᠰᠡᠷᠭᠦᠭᠡᠯᠲᠡ ᠳᠤ ᠬᠡᠷᠡᠭᠯᠡᠨ᠎ᠡ᠃ | ︵ᠠᠷᠪᠠ︶ ᠪᠡᠯᠡ ᠮᠥᠩᠭᠦ ᠶᠢᠨ ᠬᠠᠮᠢᠶᠠᠷᠤᠯᠲᠠ ᠶᠢ ᠰᠠᠶᠢᠲᠤᠷ ᠬᠢᠨ᠎ᠡ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠠᠤᠯᠢ ᠬᠡᠷᠡᠭᠵᠢᠭᠦᠯᠬᠦ ᠡᠬᠡ ᠳᠠᠩᠰᠠ ᠶᠢ ᠦᠨᠳᠦᠰᠦᠯᠡᠨ | ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢᠨ | ᠬᠠᠮᠢᠶᠠᠷᠤᠯᠲᠠ ᠶᠢ ᠬᠠᠷᠢᠭᠤᠴᠠᠵᠤ᠂ ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠴᠠᠭ ᠲᠤᠬᠠᠢ ᠳᠤᠨᠢ᠂ ᠣᠨᠣᠪᠴᠢᠲᠠᠢ | ᠂ ᠲᠤᠭ᠎ᠠ ᠶᠣᠰᠣᠭᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠢᠯᠡ ᠲᠣᠳᠣ ᠪᠠᠶᠢᠯᠭᠠᠬᠤ ᠵᠠᠷᠴᠢᠮ ᠢ | ᠪᠠᠷᠢᠮᠲᠠᠯᠠᠨ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢᠨ ᠭᠠᠴᠠᠭ᠎ᠠ ᠲᠣᠰᠬᠤᠨ ᠤ | ᠱᠠᠲᠤᠨ ᠤ ᠢᠯᠡ ᠨᠡᠶᠢᠲᠡᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠡᠭᠦᠷᠭᠡ ᠶᠢ ᠨᠠᠶᠢᠳᠠᠪᠤᠷᠢᠵᠢᠭᠤᠯᠬᠤ᠂ ᠪᠡᠯᠡ | ᠮᠥᠩᠭᠦ ᠶᠢ ᠣᠯᠭᠤᠬᠤ᠂ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ᠂ ᠦᠢᠯᠡᠴᠢᠯᠡᠭᠡᠨ ᠤ ᠵᠢᠯᠣᠭᠤᠳᠣᠯᠭ᠎ᠠ ᠬᠢᠬᠦ | ᠂ ᠬᠢᠨᠠᠯᠲᠠ ᠲᠠᠯᠪᠢᠵᠤ ᠬᠠᠮᠢᠶᠠᠷᠬᠤ ︽ᠲᠠᠪᠤ ᠶᠢ ᠡᠷᠦᠬᠡ ᠳᠤ ᠬᠦᠷᠦᠭᠦᠯᠬᠦ︾ ᠶᠢ ᠭᠦᠢᠴᠡᠳᠬᠡᠬᠦ ᠬᠡᠷᠡᠭᠲᠡᠢ᠃ ᠶᠠᠮᠠᠷᠪᠠ | ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠭᠡᠳ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠳᠤᠮᠳᠠ ᠠᠴᠠ ᠨᠢ ᠲᠠᠰᠤᠳᠠᠨ ᠦᠯᠡᠳᠡᠭᠡᠵᠦ᠂ | ᠨᠡᠭᠦᠯᠭᠡᠨ ᠬᠡᠷᠡᠭᠯᠡᠵᠦ ᠪᠣᠯᠬᠤ ᠦᠭᠡᠢ᠂ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠴᠤ ᠪᠦᠬᠦᠢ ᠬᠥᠮᠦᠰ | ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠳᠬᠡᠯ ᠥᠭᠴᠦ᠂ ᠶᠠᠯ᠎ᠠ ᠳᠤ | ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠲᠠᠪᠤ᠂ ᠤᠷᠲᠤ ᠬᠤᠭᠤᠴᠠᠭᠠᠨ ᠤ ᠪᠦᠳᠦᠮᠵᠢᠳᠤ ᠲᠣᠭᠲᠠᠴᠠ ᠶᠢ ᠪᠠᠶᠢᠭᠤᠯᠤᠨ᠎ᠠ | ︵ᠨᠢᠭᠡ︶ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠵᠢᠩᠬᠢᠨᠢ ᠲᠤᠰᠢᠶᠠᠯ ᠤᠨ ᠨᠢᠭᠡᠳᠦᠭᠡᠷ ᠬᠠᠷᠢᠭᠤᠴᠠᠯᠭᠠᠲᠠᠨ ᠤ | ᠳᠦᠷᠢᠮ | ᠡᠯ᠎ᠡ ᠰᠤᠮᠤ ᠪᠠᠯᠭᠠᠰᠤ ᠶᠢᠨ ᠨᠠᠮ ᠵᠠᠰᠠᠭ ᠤᠨ ᠵᠢᠩᠬᠢᠨᠢ ᠲᠤᠰᠢᠶᠠᠯ ᠪᠣᠯ ︽ᠳᠥᠷᠪᠡ ᠶᠢ ᠴᠠᠭᠠᠵᠠᠯᠠᠬᠤ︾ | ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠮᠥᠨ᠂ ᠨᠢᠭᠡᠳᠦᠯᠲᠡᠢ ᠲᠥᠯᠥᠪᠯᠡᠬᠦ ᠡᠭᠦᠷᠭᠡ ᠴᠢᠳᠠᠪᠤᠷᠢ ᠪᠠᠨ | ᠴᠢᠩᠭᠠᠷᠠᠭᠤᠯᠵᠤ᠂ ︽ᠳᠥᠷᠪᠡ ᠶᠢ ᠴᠠᠭᠠᠵᠠᠯᠠᠬᠤ︾ ᠠᠵᠢᠯ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ | ᠪᠠᠶᠢᠭᠤᠯᠤᠨ ᠪᠦᠷᠢᠨᠰᠢᠭᠦᠯᠵᠦ᠂ ᠰᠤᠮᠤ ᠪᠠᠯᠭᠠᠰᠤ ᠶᠢᠨ ᠤᠳᠤᠷᠢᠳᠤᠯᠭ᠎ᠠ ᠭᠠᠴᠠᠭ᠎ᠠ ᠶᠢ ᠳᠠᠭᠠᠭᠠᠴᠢᠯᠠᠬᠤ᠂ ᠰᠤᠮᠤ | ᠪᠠᠯᠭᠠᠰᠤ ᠶᠢᠨ ᠨᠠᠮ ᠤᠨ ᠭᠡᠰᠢᠭᠦᠨ ᠺᠠᠳ᠋ᠷ ᠮᠠᠯᠵᠢᠬᠤ ᠲᠠᠷᠢᠶᠠᠯᠠᠬᠤ ᠡᠷᠦᠬᠡ ᠶᠢ ᠳᠠᠭᠠᠭᠠᠴᠢᠯᠠᠬᠤ ᠶᠢ ᠱᠠᠲᠤ ᠬᠤᠪᠢᠶᠠᠨ | ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ | ᠪᠣᠢ ᠪᠣᠯᠭᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠨᠢᠭᠡᠳᠦᠭᠡᠷ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ᠃ | ︵ᠬᠤᠶᠠᠷ︶ ᠠᠮᠢ ᠠᠬᠤᠢ ᠶᠢᠨ ᠣᠢ ᠬᠠᠮᠠᠭᠠᠯᠠᠭᠴᠢ ᠶᠢᠨ ᠬᠥᠳᠡᠯᠦᠩᠭᠦᠢ ᠬᠠᠮᠢᠶᠠᠷᠤᠯᠲᠠ ᠶᠢᠨ ᠳᠦᠷᠢᠮ | ᠠᠮᠢ ᠠᠬᠤᠢ ᠶᠢᠨ ᠣᠢ ᠰᠢᠭᠤᠢ ᠬᠠᠮᠠᠭᠠᠯᠠᠭᠴᠢ ᠶᠢᠨ ︽ᠳᠥᠷᠪᠡ ᠶᠢ ᠴᠠᠭᠠᠵᠠᠯᠠᠬᠤ︾ ᠠᠵᠢᠯ ᠳᠤ ︽ᠭᠤᠷᠪᠠ ᠶᠢ | ᠤᠶᠠᠯᠳᠤᠭᠤᠯᠬᠤ︾ ᠶᠢ ᠪᠡᠶᠡᠯᠡᠭᠦᠯᠦᠨ᠎ᠡ᠂ ᠲᠤᠬᠠᠶᠢᠯᠠᠪᠠᠯ ᠲᠥᠷᠥᠯ ᠵᠦᠢᠯ ᠲᠠᠢ ᠤᠶᠠᠯᠳᠤᠭᠤᠯᠬᠤ᠂ ᠶᠡᠷᠦᠩᠬᠡᠶᠢᠯᠡᠨ | ᠵᠠᠰᠠᠬᠤ ᠶᠢ ᠳᠠᠭᠠᠬᠤ᠂ ᠪᠤᠰᠤᠳ ᠠᠵᠢᠯ ᠢ ᠲᠠᠭᠠᠬᠤ ᠶᠢ ᠤᠶᠠᠯᠳᠤᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ ᠨᠢ | ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠮᠢ ᠠᠬᠤᠢ ᠶᠢᠨ ᠣᠢ ᠰᠢᠭᠤᠢ | ᠬᠠᠮᠠᠭᠠᠯᠠᠭᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠭᠰᠠᠨ ᠦᠷ᠎ᠡ ᠳ᠋ᠦᠩ᠂ ︽ᠳᠥᠷᠪᠡ ᠶᠢ | ᠴᠠᠭᠠᠵᠠᠯᠠᠬᠤ︾ ᠠᠵᠢᠯ ᠤᠨ ᠦᠷ᠎ᠡ ᠪᠦᠲᠦᠮᠵᠢ ᠶᠢ ᠦᠨᠳᠦᠰᠦᠯᠡᠨ ᠠᠮᠢ ᠠᠬᠤᠢ ᠶᠢᠨ ᠣᠢ ᠰᠢᠭᠤᠢ ᠬᠠᠮᠠᠭᠠᠯᠠᠭᠴᠢ ᠳᠤ | ᠬᠥᠳᠡᠯᠦᠩᠭᠦᠢ ᠬᠠᠮᠢᠶᠠᠷᠤᠯᠲᠠ ᠬᠢᠵᠦ᠂ ᠠᠮᠢ ᠠᠬᠤᠢ ᠶᠢᠨ ᠣᠢ ᠰᠢᠭᠤᠢ ᠬᠠᠮᠠᠭᠠᠯᠠᠭᠴᠢ ᠶᠢᠨ ᠬᠥᠳᠡᠯᠦᠩᠭᠦᠢ | ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠂ ᠰᠠᠶᠢᠲᠤᠷ ᠬᠢᠵᠦ ᠮᠠᠭᠤ ᠶᠢ ᠴᠥᠮ ᠬᠢᠵᠦ ᠪᠣᠯᠬᠤ ᠦᠭᠡᠢ᠃ | ᠠᠵᠢᠯ ᠤᠨ ᠢᠯᠡᠷᠡᠯ ᠨᠢ ᠲᠣᠪᠤᠶᠢᠮ᠎ᠠ᠂ ᠡᠭᠦᠷᠭᠡ ᠪᠠᠨ ᠪᠡᠶᠡᠯᠡᠭᠦᠯᠦᠭᠰᠡᠨ ᠨᠢ ᠭᠠᠷᠮᠠᠭᠠᠢ᠂ ᠰᠢᠯᠭᠠᠨ ᠬᠢᠨᠠᠭᠰᠠᠨ ᠦᠷ᠎ᠡ | ᠳ᠋ᠦᠩ ᠨᠢ ᠰᠢᠯᠢᠳᠡᠭ ᠪᠠᠶᠢᠪᠠᠯ ᠱᠠᠩᠨᠠᠯ ᠤᠨ ᠴᠢᠨᠠᠷᠲᠠᠢ ᠴᠠᠯᠢᠩ ᠵᠢᠴᠢ ᠵᠠᠷᠯᠠᠨ ᠰᠠᠶᠢᠰᠢᠶᠠᠨ᠎ᠠ︔ ᠰᠢᠯᠭᠠᠨ ᠬᠢᠨᠠᠭᠰᠠᠨ | ᠦᠷ᠎ᠡ ᠳ᠋ᠦᠩ ᠨᠢ ᠦᠨᠳᠦᠰᠦᠨ ᠳᠡᠭᠡᠨ ᠬᠢᠷᠢ ᠲᠡᠩᠴᠡᠭᠰᠡᠨ ᠢ ᠵᠣᠬᠢᠬᠤ ᠴᠠᠯᠢᠩ ᠣᠯᠭᠤᠬᠤ ᠶᠢᠨ ᠬᠠᠮᠲᠤ ᠪᠣᠯᠵᠣᠨ | ᠶᠠᠷᠢᠯᠴᠠᠨ᠎ᠠ︔ ︽ᠳᠥᠷᠪᠡ ᠶᠢ ᠴᠠᠭᠠᠵᠠᠯᠠᠬᠤ︾ ᠠᠵᠢᠯ ᠤᠨ ᠦᠷ᠎ᠡ ᠪᠦᠲᠦᠮᠵᠢ ᠪᠠᠷ ᠠᠨᠠᠢ᠂ ᠰᠢᠯᠭᠠᠨ ᠬᠢᠨᠠᠭᠰᠠᠨ | ᠦᠷ᠎ᠡ ᠳ᠋ᠦᠩ ᠨᠢ ᠬᠢᠷᠢ ᠲᠡᠩᠴᠡᠭᠰᠡᠨ ᠦᠭᠡᠢ ᠪᠠᠶᠢᠪᠠᠯ ᠤᠷᠢᠨ ᠬᠡᠷᠡᠭᠯᠡᠬᠦ ᠭᠡᠷ᠎ᠡ ᠶᠢ ᠬᠦᠴᠦᠨ ᠦᠭᠡᠢ ᠪᠣᠯᠭᠠᠨ᠎ᠠ᠃ | ᠪᠣᠳᠠᠲᠠᠢ ᠰᠢᠯᠭᠠᠨ ᠬᠢᠨᠠᠬᠤ ᠪᠠᠷᠢᠮᠵᠢᠶ᠎ᠠ ᠵᠢᠴᠢ ᠱᠠᠩᠨᠠᠬᠤ ᠪᠠᠷᠢᠮᠵᠢᠶ᠎ᠠ ᠶᠢ ᠰᠤᠮᠤ ᠪᠠᠯᠭᠠᠰᠤ ᠠᠴᠠ ᠪᠣᠳᠠᠲᠠᠢ | ᠪᠠᠶᠢᠳᠠᠯ ᠢᠶᠠᠨ ᠦᠨᠳᠦᠰᠦᠯᠡᠨ ᠲᠣᠭᠲᠠᠭᠠᠬᠤ ᠶᠢᠨ ᠬᠠᠮᠲᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ | ᠮᠡᠳᠡᠭᠦᠯᠦᠨ ᠳᠠᠩᠰᠠᠯᠠᠭᠤᠯᠵᠤ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠡᠨᠡ ᠬᠦ ᠶᠠᠪᠤᠴᠠ ᠳᠤ | ᠬᠢᠨᠠᠯᠲᠠ ᠬᠠᠮᠢᠶᠠᠷᠤᠯᠲᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ᠃ | ︵ᠭᠤᠷᠪᠠ︶ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢᠨ ᠬᠥᠳᠡᠯᠦᠩᠭᠦᠢ | ᠬᠠᠮᠢᠶᠠᠷᠤᠯᠲᠠ ᠶᠢᠨ ᠳᠦᠷᠢᠮ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠳᠦᠷᠢᠮ︾ ᠢ ᠴᠢᠩᠭ᠎ᠠ ᠬᠡᠷᠡᠭᠵᠢᠭᠦᠯᠵᠦ᠂ ᠱᠠᠩᠨᠠᠵᠤ ᠲᠤᠰᠠᠯᠠᠬᠤ | ᠪᠡᠯᠡ ᠮᠥᠩᠭᠦ ᠶᠢᠨ ᠬᠥᠳᠡᠯᠦᠩᠭᠦᠢ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠴᠠᠭᠠᠵᠠᠯᠠᠬᠤ ᠪᠠ ᠦᠯᠦ | ᠴᠠᠭᠠᠵᠠᠯᠠᠭᠰᠠᠨ ᠲᠠᠢ ᠠᠳᠠᠯᠢ ᠪᠠᠷ᠂ ᠨᠡᠶᠢᠳᠡᠮ ᠳᠤᠨᠢ ᠵᠣᠭᠤᠰ ᠥᠭᠬᠦ ᠦᠵᠡᠭᠳᠡᠯ ᠢ ᠬᠤᠪᠢᠷᠠᠭᠤᠯᠵᠤ᠂ ︽ᠨᠢᠭᠡ ᠶᠢ ᠨᠢ | ᠣᠯᠭᠤᠪᠠᠯ︾ ᠶᠢ ︽ᠦᠷ᠎ᠡ ᠪᠦᠲᠦᠮᠵᠢ ᠨᠢ ᠵᠣᠭᠤᠰ ᠣᠯᠭᠤᠬᠤ︾ ᠪᠣᠯᠭᠠᠨ ᠬᠤᠪᠢᠷᠠᠭᠤᠯᠤᠨ᠎ᠠ᠃ ᠮᠠᠯᠴᠢᠨ | ᠲᠠᠷᠢᠶᠠᠴᠢᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠢᠭᠡᠳ | ᠲᠤᠰᠠᠯᠠᠵᠤ ᠱᠠᠩᠨᠠᠬᠤ ᠪᠡᠯᠡ ᠮᠥᠩᠭᠦ ᠶᠢ ᠬᠤᠪᠢᠶᠠᠷᠢᠯᠠᠬᠤ ᠯᠤᠭ᠎ᠠ ᠬᠤᠯᠪᠣᠭᠳᠠᠭᠤᠯᠬᠤ ᠲᠣᠭᠲᠠᠴᠠ ᠶᠢ ᠬᠡᠷᠡᠭᠵᠢᠭᠦᠯᠬᠦ | ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢ ᠭᠦᠢᠴᠡᠳᠬᠡᠵᠦ᠂ ᠬᠠᠮᠢᠶᠠᠷᠤᠯᠲᠠ ᠶᠢᠨ | ᠱᠠᠭᠠᠷᠳᠠᠯᠭ᠎ᠠ ᠳᠤ ᠬᠦᠷᠦᠭᠰᠡᠨ ᠪᠠᠶᠢᠪᠠᠯ ᠪᠦᠬᠦ ᠲᠤᠭ᠎ᠠ ᠪᠠᠷ ᠨᠥᠬᠦᠪᠥᠷᠢ ᠱᠠᠩᠨᠠᠯ ᠤᠨ ᠪᠡᠯᠡ ᠮᠥᠩᠭᠦ ᠣᠯᠭᠤᠨ᠎ᠠ︔ | ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠨᠠᠶᠢᠳᠠᠪᠤᠷᠢᠵᠢᠭᠤᠯᠤᠭᠰᠠᠨ᠂ ᠪᠡᠯᠴᠢᠭᠡᠷᠯᠡᠭᠦᠯᠬᠦ ᠶᠢ ᠴᠠᠭᠠᠵᠠᠯᠠᠬᠤ | ᠣᠷᠣᠨ ᠳᠤ ᠬᠠᠤᠯᠢ ᠠᠴᠠ ᠵᠥᠷᠢᠴᠡᠨ ᠬᠤᠶᠠᠷ ᠤᠳᠠᠭ᠎ᠠ ᠠᠴᠠ ᠳᠡᠭᠡᠭᠰᠢ ᠪᠡᠯᠴᠢᠭᠡᠷᠯᠡᠭᠦᠯᠦᠭᠰᠡᠨ ᠪᠠᠶᠢᠪᠠᠯ᠂ | ᠲᠤᠬᠠᠢ ᠶᠢᠨ ᠵᠢᠯ ᠤᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠰᠠᠭᠤᠯᠭᠠᠨ ᠣᠯᠭᠤᠨ᠎ᠠ᠃ ᠣᠢ ᠰᠢᠭᠤᠢ ᠪᠠ | ᠨᠤᠲᠤᠭ ᠪᠡᠯᠴᠢᠭᠡᠷ ᠤᠨ ᠲᠣᠪᠴᠢᠶ᠎ᠠ ᠵᠢᠴᠢ ᠡᠯ᠎ᠡ ᠰᠤᠮᠤ ᠪᠠᠯᠭᠠᠰᠤᠨ ᠤ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ | ᠬᠡᠷᠡᠭᠵᠢᠭᠦᠯᠬᠦ ᠡᠬᠡ ᠳᠠᠩᠰᠠ ᠪᠠᠶᠢᠭᠤᠯᠵᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠭᠰᠠᠨ ᠦᠷ᠎ᠡ ᠳ᠋ᠦᠩ ᠤᠨ | ᠬᠡᠷᠡᠭᠯᠡᠯᠲᠡ ᠶᠢ ᠨᠥᠬᠦᠪᠥᠷᠢ ᠱᠠᠩᠨᠠᠯ ᠤᠨ ᠪᠡᠯᠡ ᠮᠥᠩᠭᠦ ᠣᠯᠭᠤᠬᠤ ᠲᠠᠢ ᠬᠤᠯᠪᠣᠭᠳᠠᠭᠤᠯᠬᠤ ᠶᠢ ᠬᠡᠷᠡᠭᠵᠢᠭᠦᠯᠵᠦ᠂ | ᠬᠠᠤᠯᠢ ᠬᠡᠷᠡᠭᠵᠢᠭᠦᠯᠦᠭᠰᠡᠨ ᠲᠡᠮᠳᠡᠭᠯᠡᠯ ᠢ ᠦᠯᠡᠳᠡᠭᠡᠨ ᠬᠠᠳᠠᠭᠠᠯᠠᠵᠤ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ | ᠰᠤᠮᠤ ᠪᠠᠯᠭᠠᠰᠤ᠂ ᠰᠢᠳᠬᠡᠭᠳᠡᠭᠰᠡᠨ ᠣᠯᠠᠨ ᠲᠦᠮᠡᠨ ᠭᠤᠷᠪᠠᠨ ᠲᠠᠯ᠎ᠠ ᠠᠴᠠ ᠨᠤᠲᠠᠯᠠᠭᠰᠠᠨ ᠤ ᠳᠠᠷᠠᠭ᠎ᠠ᠂ ᠨᠥᠬᠦᠪᠥᠷᠢ | ᠱᠠᠩᠨᠠᠯ ᠤᠨ ᠪᠡᠯᠡ ᠮᠥᠩᠭᠦ ᠣᠯᠭᠤᠬᠤ ᠦᠨᠳᠦᠰᠦᠯᠡᠯ ᠪᠣᠯᠭᠠᠨ᠎ᠠ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠣᠢ ᠰᠢᠭᠤᠢ ᠡᠪᠡᠰᠦ | ᠪᠡᠯᠴᠢᠭᠡᠷ ᠤᠨ ᠲᠣᠪᠴᠢᠶ᠎ᠠ ᠵᠢᠴᠢ ᠡᠯ᠎ᠡ ᠰᠤᠮᠤ ᠪᠠᠯᠭᠠᠰᠤᠨ ᠤ ᠬᠠᠤᠯᠢ ᠬᠡᠷᠡᠭᠵᠢᠭᠦᠯᠬᠦ ᠡᠬᠡ ᠳᠠᠩᠰᠠ ᠶᠢ ᠦᠨᠳᠦᠰᠦᠯᠡᠨ | ᠨᠥᠬᠦᠪᠥᠷᠢ ᠱᠠᠩᠨᠠᠯ ᠤᠨ ᠪᠡᠯᠡ ᠮᠥᠩᠭᠦ ᠲᠠᠷᠬᠠᠭᠠᠬᠤ ᠡᠬᠡ ᠳᠠᠩᠰᠠ ᠶᠢ ᠪᠠᠶᠢᠭᠤᠯᠵᠤ᠂ ᠳᠡᠭᠡᠳᠦ ᠱᠠᠲᠤᠨ ᠤ | ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠪᠠᠭᠤᠯᠭᠠᠭᠰᠠᠨ ᠤ ᠳᠠᠷᠠᠭ᠎ᠠ᠂ ᠡᠳ᠋ ᠤᠨ ᠵᠠᠰᠠᠭ ᠤᠨ ᠲᠣᠪᠴᠢᠶ᠎ᠠ | ᠨᠥᠬᠦᠪᠥᠷᠢ ᠱᠠᠩᠨᠠᠯ ᠤᠨ ᠪᠡᠯᠡ ᠮᠥᠩᠭᠦ ᠣᠯᠭᠤᠬᠤ ᠡᠬᠡ ᠳᠠᠩᠰᠠ᠂ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ | ᠬᠦᠴᠦᠨ ᠤ ᠭᠠᠵᠠᠷ ᠤᠨ ᠭᠠᠳᠠᠷᠭᠤ ᠠᠴᠠ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠦᠷ᠎ᠡ ᠳ᠋ᠦᠩ ᠢ ᠴᠢᠩᠭ᠎ᠠ | ᠵᠢᠷᠤᠮᠯᠠᠨ ᠨᠥᠬᠦᠪᠥᠷᠢ ᠪᠡᠯᠡ ᠮᠥᠩᠭᠦ ᠣᠯᠭᠤᠨ᠎ᠠ᠃ | ︵ᠳᠥᠷᠪᠡ︶ ᠬᠠᠤᠯᠢ ᠬᠡᠷᠡᠭᠵᠢᠭᠦᠯᠬᠦ᠂ ᠬᠢᠨᠠᠯᠲᠠ ᠲᠠᠯᠪᠢᠬᠤ ᠳᠤ ᠰᠠᠨᠠᠭᠠᠴᠢᠯᠠᠭ᠎ᠠ ᠠᠴᠠ ᠪᠠᠨ ᠠᠵᠢᠯᠯᠠᠬᠤ | ᠳᠦᠷᠢᠮ | ᠬᠠᠤᠯᠢ ᠬᠡᠷᠡᠭᠵᠢᠭᠦᠯᠬᠦ ᠠᠵᠢᠯᠲᠠᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠡᠭᠲᠡᠢ᠃ ᠬᠤᠰᠢᠭᠤᠨ ᠤ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ | ᠵᠢᠴᠢ ᠡᠯ᠎ᠡ ᠰᠤᠮᠤ ᠪᠠᠯᠭᠠᠰᠤ ᠨᠢ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠳᠠᠪᠬᠤᠷᠭ᠎ᠠ ᠠᠯᠤᠰᠯᠠᠭᠰᠠᠨ | ᠨᠡᠪᠲᠡᠷᠡᠯᠴᠡᠨ ᠬᠠᠮᠵᠢᠯᠴᠠᠬᠤ ᠲᠣᠭᠲᠠᠴᠠ ᠶᠢ ᠬᠡᠷᠡᠭᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠡᠬᠢ | ᠪᠠᠶᠠᠯᠢᠭ ᠢ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠠᠵᠢᠯᠯᠠᠬᠤ ᠴᠠᠭ ᠢ ᠪᠣᠭᠤᠨᠢᠰᠬᠠᠵᠤ᠂ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠪᠡ᠃ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠬᠤ ᠰᠠᠯᠠᠭ᠎ᠠ ᠮᠥᠴᠢᠷ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠦᠢᠯᠡ | ᠠᠵᠢᠯᠯᠠᠭ᠎ᠠ ᠳᠤ ᠬᠢᠨᠠᠯᠲᠠ ᠲᠠᠯᠪᠢᠵᠤ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ | ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ | ᠰᠢᠯᠭᠠᠨ ᠬᠢᠨᠠᠬᠤ ᠪᠠ ᠦᠨᠡᠯᠡᠨ ᠵᠢᠱᠢᠵᠦ᠂ ᠬᠠᠤᠯᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ | ᠬᠦᠷᠦᠯᠴᠡᠬᠦ ᠦᠭᠡᠢ ᠲᠠᠯ᠎ᠠ ᠳᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠶᠢᠨ ᠬᠠᠮᠲᠤ ᠴᠡᠭᠴᠡᠯᠡᠨ | ᠰᠠᠶᠢᠵᠢᠷᠠᠭᠤᠯᠬᠤ ᠶᠢ ᠰᠢᠮᠳᠠᠭᠤᠯᠵᠤ᠂ ᠬᠠᠤᠯᠢ ᠬᠡᠷᠡᠭᠵᠢᠭᠦᠯᠬᠦ ᠠᠵᠢᠯ ᠤᠨ ᠵᠢᠷᠤᠮᠵᠢᠯ ᠲᠠᠢ᠂ ᠪᠦᠲᠦᠮᠵᠢᠲᠡᠢ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠢ᠃ ᠣᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠣᠯᠠᠨ | ᠲᠦᠮᠡᠨ ᠤ ᠢᠯᠡᠴᠢᠯᠡᠨ ᠮᠡᠳᠡᠭᠦᠯᠬᠦ ᠤᠲᠠᠰᠤ᠂ ᠵᠠᠬᠢᠳᠠᠯ ᠤᠨ ᠬᠠᠶᠢᠷᠴᠠᠭ ᠭᠠᠷᠭᠠᠵᠤ᠂ ᠣᠯᠠᠨ ᠲᠦᠮᠡᠨ ᠤ ᠬᠠᠤᠯᠢ | ᠬᠡᠷᠡᠭᠵᠢᠭᠦᠯᠬᠦ ᠠᠵᠢᠯᠲᠠᠨ ᠤ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠨ᠂ ᠣᠯᠠᠨ | ᠲᠦᠮᠡᠨ ᠤ ᠮᠠᠯᠵᠢᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ | ᠬᠦᠯᠢᠶᠡᠨ ᠠᠪᠴᠤ ᠰᠢᠢᠳᠪᠦᠷᠢᠯᠡᠨ᠎ᠡ᠃ | ︵ᠲᠠᠪᠤ︶ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠪᠠᠶᠢᠩᠭᠤᠵᠢᠭᠤᠯᠬᠤ | ᠬᠠᠮᠢᠶᠠᠷᠤᠯᠲᠠ ᠶᠢᠨ ᠳᠦᠷᠢᠮ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠵᠣᠬᠢᠶᠠᠨ ᠪᠠᠶᠢᠭᠤᠯᠬᠤ ᠬᠡᠯᠲᠡᠰ ᠠᠴᠠ | ︽ᠳᠥᠷᠪᠡ ᠶᠢ ᠴᠠᠭᠠᠵᠠᠯᠠᠬᠤ︾ ᠠᠵᠢᠯ ᠤᠨ ᠬᠠᠷᠢᠭᠤᠴᠠᠯᠭ᠎ᠠ ᠡᠭᠦᠷᠭᠡᠯᠡᠬᠦ ᠶᠢ ᠪᠠᠶᠢᠩᠭᠤᠵᠢᠭᠤᠯᠤᠨ ᠬᠠᠮᠢᠶᠠᠷᠴᠤ᠂ ︽ | ᠳᠥᠷᠪᠡ ᠶᠢ ᠴᠠᠭᠠᠵᠠᠯᠠᠬᠤ︾ ᠠᠵᠢᠯ ᠤᠨ ᠦᠷ᠎ᠡ ᠪᠦᠲᠦᠮᠵᠢ ᠶᠢ ︽ᠬᠠᠷᠢᠭᠤᠴᠠᠯᠭ᠎ᠠ ᠡᠭᠦᠷᠭᠡᠯᠡᠬᠦ ᠪᠠᠷ ᠰᠠᠶᠢᠨ ᠺᠠᠳ᠋ᠷ | ᠪᠣᠯᠬᠤ︾ ᠴᠢᠬᠤᠯᠠ ᠦᠨᠳᠦᠰᠦᠯᠡᠯ ᠪᠣᠯᠭᠠᠵᠤ᠂ ︽ᠵᠣᠭᠤᠰ ᠢᠶᠠᠷ ᠲᠣᠷᠭᠠᠬᠤ ᠪᠠᠷ ᠪᠠᠭᠠᠲᠤᠷᠴᠤᠳ ᠢ ᠦᠨᠡᠯᠡᠬᠦ ᠦᠭᠡᠢ | ︾᠂ ︽ᠴᠠᠭᠠᠵᠠᠯᠠᠵᠤ ᠳᠡᠶᠢᠯᠬᠦ᠂ ᠰᠠᠶᠢᠲᠤᠷ ᠬᠠᠮᠢᠶᠠᠷᠴᠤ ᠳᠡᠶᠢᠯᠬᠦ︾ ᠪᠠᠷ ᠪᠠᠷᠢᠮᠵᠢᠶ᠎ᠠ ᠪᠣᠯᠭᠠᠬᠤ ᠬᠡᠷᠡᠭᠲᠡᠢ᠃ | ᠳᠠᠪᠰᠢᠵᠤ ᠪᠣᠯᠬᠤ ᠪᠠ ᠪᠠᠭᠤᠵᠤ ᠪᠣᠯᠬᠤ ᠲᠣᠭᠲᠠᠴᠠ ᠶᠢ ᠪᠠᠶᠢᠭᠤᠯᠵᠤ᠂ ᠠᠯᠳᠠᠭ᠎ᠠ ᠪᠤᠷᠤᠭᠤ ᠶᠢ ᠠᠭᠤᠴᠢᠯᠠᠨ | ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠠᠷᠭ᠎ᠠ ᠬᠡᠮᠵᠢᠶ᠎ᠡ ᠶᠢ ᠠᠬᠢᠭᠤᠯᠵᠤ᠂ ᠲᠡᠷᠢᠭᠦᠨ ᠤ ᠬᠢ ᠶᠢ | ᠵᠣᠷᠢᠭᠵᠢᠭᠤᠯᠤᠨ᠂ ᠬᠤᠴᠣᠷᠤᠩᠭᠤᠢ ᠶᠢ ᠱᠠᠭᠠᠷᠳᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ | ᠡᠭᠦᠷᠭᠡᠯᠡᠬᠦ᠂ ᠵᠣᠷᠢᠭᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ ᠴᠢᠳᠠᠮᠠᠭᠠᠢ ᠪᠠᠷ ᠠᠵᠢᠯᠯᠠᠬᠤ ᠠᠵᠢᠯ ᠤᠨ ᠠᠭᠤᠷ | ᠠᠮᠢᠰᠬᠤᠯ ᠢ ᠪᠤᠢ ᠪᠣᠯᠭᠠᠨ᠎ᠠ᠃ | ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠪᠦᠬᠦ ᠬᠤᠰᠢᠭᠤᠨ ᠤ ︽ᠳᠥᠷᠪᠡ ᠶᠢ ᠴᠠᠭᠠᠵᠠᠯᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠬᠤ ᠶᠢᠨ | ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠪᠦᠬᠦ | ᠬᠤᠰᠢᠭᠤᠨ ᠤ ︽ᠳᠥᠷᠪᠡ ᠶᠢ ᠴᠠᠭᠠᠵᠠᠯᠠᠬᠤ︾ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠣᠳᠠᠲᠠᠢ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠬᠠᠷᠢᠭᠤᠴᠠᠨ᠎ᠠ᠃ | ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠳᠠᠷᠤᠭ᠎ᠠ ᠬᠤᠶᠠᠷ ᠭᠡᠰᠢᠭᠦᠨ ᠤ | ᠬᠠᠷᠢᠭᠤᠴᠠᠯᠭ᠎ᠠ ᠶᠢᠨ ᠳᠦᠷᠢᠮ︾ ᠢ ᠪᠣᠳᠠᠲᠠᠶᠢᠵᠢᠭᠤᠯᠵᠤ᠂ ᠲᠤᠰᠬᠠᠢ ᠲᠤᠰᠢᠶᠠᠯᠲᠤ ᠬᠠᠮᠢᠶᠠᠷᠤᠨ ᠬᠠᠮᠠᠭᠠᠯᠠᠭᠴᠢ ᠶᠢ | ᠲᠣᠬᠢᠷᠠᠭᠤᠯᠤᠨ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ ᠢ ᠵᠠᠭᠠᠭᠯᠠᠨ ᠲᠣᠭᠲᠠᠭᠠᠵᠤ᠂ | ᠲᠣᠣᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠠᠮᠢ ᠠᠬᠤᠢ ᠶᠢ ᠡᠪᠳᠡᠭᠰᠡᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠬᠦ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠡᠯ᠎ᠡ | ᠬᠠᠮᠠᠭᠠᠯᠠᠯᠲᠠ ᠶᠢᠨ ᠣᠷᠣᠨ᠂ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠵᠡᠷᠭᠡ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠲᠡᠨ ᠤ ᠪᠠᠶᠢᠭᠤᠯᠤᠮᠵᠢ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠲᠤᠬᠠᠢ ᠶᠢᠨ ᠭᠠᠵᠠᠷ ᠤᠨ ᠰᠤᠮᠤ ᠪᠠᠯᠭᠠᠰᠤ ᠲᠠᠢ ᠬᠠᠮᠵᠢᠯᠴᠠᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ︽ | ᠳᠥᠷᠪᠡ ᠶᠢ ᠴᠠᠭᠠᠵᠠᠯᠠᠬᠤ︾ ᠠᠵᠢᠯ ᠢ ᠥᠷᠨᠢᠭᠦᠯᠵᠦ᠂ ᠪᠠᠶᠢᠭ᠎ᠠ ᠵᠠᠰᠠᠭ ᠵᠠᠬᠢᠷᠭᠠᠨ ᠤ ᠣᠷᠣᠨ ᠪᠦᠰᠡ ᠶᠢᠨ ᠶᠣᠰᠣᠭᠠᠷ | ᠰᠤᠮᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ | ᠪᠦᠬᠦ ᠬᠤᠰᠢᠭᠤᠨ ᠤ ᠬᠡᠪᠴᠢᠶᠡᠨ ᠳᠤ ︽ᠳᠥᠷᠪᠡ ᠶᠢ ᠴᠠᠭᠠᠵᠠᠯᠠᠬᠤ︾ ᠶᠢ ᠦᠨᠡᠨᠬᠦ ᠪᠡᠶᠡᠯᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠢ᠃ | ︵ᠬᠤᠶᠠᠷ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ | ᠨᠢᠭᠡ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠪᠠ᠃ ᠪᠡᠯᠴᠢᠭᠡᠷᠯᠡᠭᠦᠯᠬᠦ ᠶᠢ ᠴᠠᠭᠠᠵᠠᠯᠠᠬᠤ | ᠳᠦᠷᠢᠮ ᠢ ᠲᠠᠶᠢᠯᠪᠤᠷᠢᠯᠠᠬᠤ ᠪᠠ ᠨᠤᠲᠤᠭ ᠪᠡᠯᠴᠢᠭᠡᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠤᠶᠠᠯᠳᠤᠭᠤᠯᠬᠤ | ᠬᠡᠷᠡᠭᠲᠡᠢ᠃ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠮ ᠵᠠᠭᠤᠴᠢᠯᠠᠭᠤᠷ᠂ ᠰᠤᠮᠤ ᠪᠠᠯᠭᠠᠰᠤ | ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠷᠠᠳᠢᠣ᠋ ᠲᠧᠯᠸᠢᠰ᠂ ᠭᠠᠷ ᠤᠲᠠᠰᠤᠨ ᠤ ᠰᠦᠯᠵᠢᠶ᠎ᠡ ᠵᠡᠷᠭᠡ | ᠣᠯᠠᠨ ᠡᠰᠢᠵᠢᠭᠰᠡᠨ ᠰᠣᠨᠢᠨ ᠮᠡᠳᠡᠭᠡᠨ ᠤ ᠠᠴᠢᠶᠠᠯᠠᠪᠤᠷᠢ ᠪᠠᠷ ᠳᠠᠮᠵᠢᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ | ᠳᠦᠷᠢᠮ ᠢ ᠥᠷᠭᠡᠨ ᠢᠶᠠᠷ ᠤᠬᠠᠭᠤᠯᠤᠨ ᠲᠠᠶᠢᠯᠪᠤᠷᠢᠯᠠᠵᠤ᠂ ᠡᠷᠦᠬᠡ ᠪᠣᠯᠭᠠᠨ ᠳᠤ ᠮᠡᠳᠡᠭᠦᠯᠵᠦ᠂ ᠬᠥᠮᠦᠨ ᠪᠦᠬᠦᠨ ᠳᠤ | ᠣᠶᠢᠯᠠᠭᠠᠭᠤᠯᠤᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠢ ᠪᠣᠯᠭᠠᠵᠤ᠂ ᠮᠠᠯᠴᠢᠨ | ᠲᠠᠷᠢᠶᠠᠴᠢᠨ ᠤ ᠨᠤᠲᠤᠭ ᠪᠡᠯᠴᠢᠭᠡᠷ ᠢ ᠬᠠᠮᠠᠭᠠᠯᠠᠬᠤ ᠢᠳᠡᠪᠬᠢᠵᠢᠯ ᠪᠠ ᠬᠠᠷᠢᠭᠤᠴᠠᠯᠭᠠᠲᠤ ᠰᠡᠳᠬᠢᠯᠭᠡ ᠶᠢ ᠳᠠᠶᠢᠴᠢᠯᠠᠨ᠂ | ᠮᠠᠯᠴᠢᠨ ᠲᠠᠷᠢᠶᠠᠴᠢᠨ ᠤ ᠣᠷᠣᠯᠴᠠᠬᠤ ᠬᠡᠮᠵᠢᠶ᠎ᠡ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠵᠦ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠶᠢ ᠥᠷᠭᠡᠨ ᠣᠯᠠᠨ ᠲᠦᠮᠡᠨ ᠤ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠮᠠᠯᠴᠢᠨ | ᠲᠠᠷᠢᠶᠠᠴᠢᠨ ᠤ ᠤᠬᠠᠮᠰᠠᠷ ᠠᠴᠠ ᠪᠠᠨ ᠬᠠᠰᠢᠶᠠᠯᠠᠨ ᠲᠡᠵᠢᠭᠡᠵᠦ ᠬᠠᠰᠢᠶᠠᠯᠠᠨ ᠲᠡᠵᠢᠭᠡᠬᠦ ᠪᠠ ᠠᠮᠢ ᠠᠬᠤᠢ ᠶᠢᠨ | ᠤᠷᠭᠤᠮᠠᠯ ᠤᠨ ᠪᠦᠷᠬᠦᠴᠡ ᠶᠢ ᠬᠠᠮᠠᠭᠠᠯᠠᠬᠤ ᠲᠤᠬᠠᠢ ᠲᠠᠨᠢᠯᠲᠠ ᠪᠠ ᠣᠶᠢᠯᠠᠭᠠᠯᠲᠠ ᠶᠢ ᠴᠢᠷᠮᠠᠶᠢᠨ ᠳᠡᠭᠡᠭᠰᠢᠯᠡᠭᠦᠯᠵᠦ᠂ | ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠪᠡᠯᠴᠢᠭᠡᠷᠯᠡᠭᠦᠯᠬᠦ ᠶᠢ | ᠴᠠᠭᠠᠵᠠᠯᠠᠬᠤ ᠠᠴᠠ ᠠᠪᠤᠭᠠᠳ ᠰᠠᠨᠠᠭᠠᠴᠢᠯᠠᠭ᠎ᠠ ᠠᠴᠠ ᠪᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠡᠶᠢᠰᠢ | ᠬᠤᠪᠢᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠴᠠ ᠪᠢᠰᠢ ᠲᠡᠵᠢᠭᠡᠬᠦ ᠶᠢ ᠴᠠᠭᠠᠵᠠᠯᠠᠬᠤ ᠦᠭᠡᠢ᠂ | ᠨᠣᠭᠤᠭᠠᠷᠠᠭᠤᠯᠤᠯᠲᠠ ᠶᠢ ᠬᠠᠮᠠᠭᠠᠯᠠᠬᠤ ᠠᠴᠠ ᠪᠠᠰᠠ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠢ᠃ ᠬᠤᠶᠠᠷ ᠲᠤ᠂ | ᠨᠡᠶᠢᠲᠡᠯᠢᠭ ᠵᠢᠱᠢᠶ᠎ᠡ ᠶᠢ ᠢᠳᠡᠪᠬᠢᠲᠡᠢ ᠪᠠᠷ ᠬᠥᠮᠦᠵᠢᠭᠦᠯᠦᠨ ᠪᠣᠢ ᠪᠣᠯᠭᠠᠪᠠ᠃ ᠡᠯ᠎ᠡ ᠰᠤᠮᠤ ᠪᠠᠯᠭᠠᠰᠤ ᠨᠢ ᠣᠯᠠᠨ | ᠬᠠᠷᠠᠭᠠᠰᠤ᠂ ᠣᠯᠠᠨ ᠳᠡᠰ ᠳᠠᠪᠬᠤᠷᠭ᠎ᠠ ᠠᠴᠠ ᠲᠥᠯᠥᠭᠡᠯᠡᠬᠦ ᠴᠢᠨᠠᠷᠲᠠᠢ ᠡᠯ᠎ᠡ ᠲᠥᠷᠥᠯ ᠤᠨ ᠨᠡᠶᠢᠲᠡᠯᠢᠭ ᠵᠢᠱᠢᠶ᠎ᠡ ᠶᠢ | ᠢᠯᠡᠷᠡᠭᠦᠯᠬᠦ ᠪᠠ ᠪᠣᠢ ᠪᠣᠯᠭᠠᠵᠤ᠂ ᠡᠯ᠎ᠡ ᠲᠥᠷᠥᠯ ᠤᠨ ᠨᠡᠶᠢᠲᠡᠯᠢᠭ ᠵᠢᠱᠢᠶ᠎ᠡ ᠶᠢᠨ ᠭᠢᠯᠪᠠᠭᠠᠨ ᠴᠡᠭ ᠢ ᠢᠳᠡᠪᠬᠢᠲᠡᠢ | ᠠᠭᠤᠳᠠᠯᠵᠤ᠂ ᠣᠨᠣᠪᠴᠢᠲᠠᠢ ᠡᠵᠡᠮᠳᠡᠬᠦ ᠪᠠ ᠪᠠᠷᠢᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠲᠣᠭᠲᠠᠵᠤ ᠳᠡᠶᠢᠯᠬᠦ᠂ | ᠳᠠᠭᠤᠳᠠᠬᠤ ᠶᠢ ᠴᠤᠤᠷᠢᠶᠠᠲᠤᠭᠤᠯᠵᠤ᠂ ᠪᠠᠲᠤ ᠪᠣᠢ ᠪᠣᠯᠭᠠᠬᠤ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ | ᠶᠠᠪᠤᠴᠠ ᠳᠠᠬᠢ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠬᠤ ᠪᠠᠨ ᠴᠢᠩᠭᠠᠳᠬᠠᠵᠤ᠂ ᠥᠷᠭᠡᠨ ᠣᠯᠠᠨ ᠺᠠᠳ᠋ᠷ | ᠣᠯᠠᠨ ᠲᠦᠮᠡᠨ ᠢ ᠬᠥᠲᠥᠯᠥᠨ ᠵᠢᠯᠣᠭᠤᠳᠬᠤ ᠪᠠ ᠵᠣᠷᠢᠭᠵᠢᠭᠤᠯᠵᠤ ᠪᠠᠶᠢᠭᠠᠳ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠬᠦ ᠲᠠᠯ᠎ᠠ ᠪᠠᠷ ᠬᠤᠰᠢᠭᠤᠴᠢ ᠵᠢᠱᠢᠶᠡᠴᠢ | ᠦᠢᠯᠡᠳᠦᠯ ᠢ ᠨᠢ ᠪᠠᠳᠠᠷᠠᠭᠤᠯᠵᠤ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ | ᠰᠢᠢᠳᠪᠦᠷᠢᠯᠡᠬᠦ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠣᠢ | ᠰᠢᠭᠤᠢ ᠪᠠ ᠨᠤᠲᠤᠭ ᠪᠡᠯᠴᠢᠭᠡᠷ ᠢ ᠡᠪᠳᠡᠭᠰᠡᠨ ᠬᠡᠷᠡᠭ ᠤᠨ ᠵᠥᠪ ᠪᠤᠷᠤᠭᠤ ᠨᠡᠶᠢᠲᠡᠯᠢᠭ ᠵᠢᠱᠢᠶ᠎ᠡ ᠶᠢ ᠰᠡᠷᠡᠮᠵᠢᠯᠡᠭᠦᠯᠬᠦ | ᠤᠬᠠᠭᠤᠯᠭ᠎ᠠ ᠶᠢ ᠴᠢᠩᠭᠠᠳᠬᠠᠵᠤ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠢᠯᠡᠴᠢᠯᠡᠨ ᠮᠡᠳᠡᠭᠦᠯᠬᠦ | ᠤᠲᠠᠰᠤ ᠶᠢ ᠨᠡᠶᠢᠲᠡᠯᠡᠵᠦ᠂ ᠮᠠᠯᠴᠢᠨ ᠲᠠᠷᠢᠶᠠᠴᠢᠨ ᠲᠦᠮᠡᠨ ᠤ ᠬᠢᠨᠠᠯᠲᠠ ᠲᠠᠯᠪᠢᠬᠤ ᠤᠬᠠᠮᠰᠠᠷ ᠢ ᠭᠦᠢᠴᠡᠳ | ᠳᠠᠶᠢᠴᠢᠯᠠᠬᠤ ᠶᠢᠨ ᠬᠠᠮᠲᠤ᠂ ᠵᠣᠷᠢᠭᠲᠠᠢ ᠪᠠᠷ ︽ᠳᠤᠲᠠᠭᠳᠠᠯ ᠢ ᠢᠯᠡᠴᠢᠯᠡᠵᠦ︾᠂ ᠪᠡᠯᠴᠢᠭᠡᠷᠯᠡᠭᠦᠯᠬᠦ ᠶᠢ ᠴᠠᠭᠠᠵᠠᠯᠠᠬᠤ | ᠠᠵᠢᠯ ᠤᠨ ᠲᠤᠰᠬᠠᠢ ᠪᠤᠯᠤᠩ ᠭᠠᠷᠭᠠᠵᠤ᠂ ᠬᠠᠤᠯᠢ ᠠᠴᠠ ᠵᠥᠷᠢᠴᠡᠨ ᠪᠡᠯᠴᠢᠭᠡᠷᠯᠡᠭᠦᠯᠦᠭᠰᠡᠨ ᠬᠤᠪᠢ ᠬᠥᠮᠦᠨ ᠪᠠ | ᠭᠠᠵᠠᠷ ᠣᠷᠣᠨ ᠢ ᠴᠠᠭ ᠲᠤᠬᠠᠢ ᠳᠤᠨᠢ ᠢᠯᠡᠴᠢᠯᠡᠬᠦ ᠬᠡᠷᠡᠭᠲᠡᠢ᠃ | ︵ᠭᠤᠷᠪᠠ︶ ᠰᠢᠯᠭᠠᠨ ᠬᠢᠨᠠᠬᠤ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ | ᠨᠢᠭᠡ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ︽ᠳᠥᠷᠪᠡ ᠶᠢ ᠴᠠᠭᠠᠵᠠᠯᠠᠬᠤ︾ | ᠠᠵᠢᠯ ᠳᠤ ᠬᠠᠷᠠᠯᠲᠠᠲᠤ ᠬᠠᠮᠢᠶᠠᠷᠤᠯᠲᠠ ᠶᠠᠪᠤᠭᠤᠯᠵᠤ᠂ ᠡᠯ᠎ᠡ ᠱᠠᠲᠤᠨ ᠤ ᠣᠢ ᠰᠢᠭᠤᠢ ᠨᠤᠲᠤᠭ ᠪᠡᠯᠴᠢᠭᠡᠷ ᠤᠨ | ᠳᠠᠷᠤᠭ᠎ᠠ ᠶᠢᠨ ᠴᠢᠬᠤᠯᠠ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠵᠢᠴᠢ ᠡᠯ᠎ᠡ ᠰᠤᠮᠤ ᠪᠠᠯᠭᠠᠰᠤ᠂ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠣᠨ ᠤ ᠰᠢᠯᠭᠠᠨ ᠬᠢᠨᠠᠬᠤ ᠳᠤ ᠣᠷᠣᠭᠤᠯᠵᠤ᠂ ᠬᠤᠰᠢᠭᠤ᠂ ᠰᠤᠮᠤ ᠪᠠᠯᠭᠠᠰᠤ᠂ | ᠭᠠᠴᠠᠭ᠎ᠠ ᠲᠣᠰᠬᠤᠨ ᠭᠤᠷᠪᠠᠨ ᠱᠠᠲᠤᠨ ᠤ ᠬᠢᠨᠠᠨ ᠬᠠᠮᠢᠶᠠᠷᠬᠤ ᠦᠢᠯᠡᠳᠦᠯ ᠢ ᠪᠠᠳᠠᠷᠠᠭᠤᠯᠪᠠ᠃ ᠬᠤᠰᠢᠭᠤᠨ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠠᠴᠠ ︽ᠳᠥᠷᠪᠡ ᠶᠢ ᠴᠠᠭᠠᠵᠠᠯᠠᠬᠤ︾ ᠠᠵᠢᠯ ᠢ ᠬᠢᠨᠠᠨ ᠰᠢᠯᠭᠠᠵᠤ ᠬᠢᠨᠠᠯᠲᠠ ᠲᠠᠯᠪᠢᠬᠤ᠂ | ᠬᠠᠷᠢᠭᠤᠴᠠᠯᠭ᠎ᠠ ᠨᠡᠬᠡᠮᠵᠢᠯᠡᠬᠦ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠣᠷᠣᠨ ᠤ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠤᠷᠢᠳᠴᠢᠯᠠᠨ | ᠰᠡᠷᠡᠮᠵᠢᠯᠡᠭᠦᠯᠬᠦ ᠣᠷᠣᠨ ᠪᠠ ᠮᠠᠯᠵᠢᠬᠤ ᠣᠷᠣᠨ ᠤ ᠲᠣᠭᠲᠠᠭᠠᠯ ᠠᠴᠠ ᠵᠥᠷᠢᠴᠡᠨ ᠮᠠᠯ ᠬᠠᠷᠢᠭᠤᠯᠤᠭᠰᠠᠨ ᠰᠡᠷᠭᠡᠭ | ᠣᠷᠣᠨ ᠳᠤ ᠵᠢᠭᠰᠠᠭᠠᠨ ᠣᠷᠣᠭᠤᠯᠵᠤ᠂ ᠣᠯᠠᠨ ᠲᠦᠮᠡᠨ ᠢᠯᠡᠴᠢᠯᠡᠨ ᠮᠡᠳᠡᠭᠦᠯᠦᠭᠰᠡᠨ᠂ ᠬᠢᠨᠠᠨ ᠵᠢᠯᠣᠭᠤᠳᠤᠭᠰᠠᠨ ᠢᠶᠠᠷ | ᠰᠤᠮᠤ ᠪᠠᠯᠭᠠᠰᠤ ᠶᠢᠨ ︽ᠳᠥᠷᠪᠡ ᠶᠢ ᠴᠠᠭᠠᠵᠠᠯᠠᠬᠤ︾ ᠠᠵᠢᠯ ᠤᠨ ᠬᠠᠷᠢᠭᠤᠴᠠᠯᠭ᠎ᠠ ᠬᠦᠴᠦᠨ ᠦᠭᠡᠢ᠂ ᠬᠢᠨᠠᠯᠲᠠ | ᠲᠠᠯᠪᠢᠯᠲᠠ ᠪᠠᠷ ᠴᠢᠩᠭ᠎ᠠ ᠦᠭᠡᠢ ᠪᠠᠶᠢᠬᠤ ᠶᠢ ᠣᠯᠵᠤ ᠮᠡᠳᠡᠪᠡᠯ᠂ ᠪᠢᠴᠢᠭ ᠢᠶᠠᠷ ᠵᠠᠷᠯᠠᠨ ᠮᠡᠳᠡᠭᠳᠡᠪᠡ᠃ ᠨᠢᠭᠡ ᠯᠡ | ᠤᠳᠠᠭ᠎ᠠ ᠳᠤ ᠭᠤᠣᠯ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠭᠤᠯᠤᠨ᠎ᠠ︔ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠳᠤ ᠬᠤᠶᠠᠳᠠᠬᠢ ᠤᠳᠠᠭ᠎ᠠ ᠵᠠᠷᠯᠠᠨ ᠮᠡᠳᠡᠭᠳᠡᠬᠦ ᠶᠢᠨ ᠬᠠᠮᠲᠤ ᠭᠤᠣᠯ ᠬᠠᠷᠢᠭᠤᠴᠠᠯᠭᠠᠲᠠᠨ ᠢ ᠵᠠᠷᠯᠢᠭᠳᠠᠵᠤ | ᠪᠠᠶᠢᠭᠠᠳ ᠪᠠᠶᠢᠴᠠᠭᠠᠯᠭᠠᠨ᠎ᠠ︔ ᠭᠤᠷᠪᠠ ᠤᠳᠠᠭ᠎ᠠ ᠰᠡᠷᠡᠮᠵᠢᠯᠡᠭᠦᠯᠦᠨ ᠵᠣᠷᠢᠭᠵᠢᠭᠤᠯᠬᠤ ︵ᠶᠠᠷᠢᠯᠴᠠᠬᠤ ᠪᠤᠶᠤ | ᠪᠢᠴᠢᠭ ᠤᠨ ᠠᠷᠭ᠎ᠠ ᠮᠠᠶ᠋ᠢᠭ︶᠂ ᠭᠤᠣᠯ ᠬᠠᠷᠢᠭᠤᠴᠠᠯᠭᠠᠲᠠᠨ ᠢ ᠰᠡᠷᠡᠮᠵᠢᠯᠡᠭᠦᠯᠦᠨ ᠵᠣᠷᠢᠭᠵᠢᠭᠤᠯᠤᠨ᠎ᠠ᠃ ᠬᠤᠶᠠᠷ ᠲᠤ᠂ | ︽ᠳᠥᠷᠪᠡ ᠶᠢ ᠴᠠᠭᠠᠵᠠᠯᠠᠬᠤ︾ ᠠᠵᠢᠯ ᠢ ︽ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ︾ | ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠬᠡᠪᠴᠢᠶᠡᠨ ᠳᠤ ᠣᠷᠣᠭᠤᠯᠵᠤ᠂ ︽ᠳᠥᠷᠪᠡ ᠶᠢ ᠴᠠᠭᠠᠵᠠᠯᠠᠬᠤ︾ | ᠠᠵᠢᠯ ᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ᠂ ᠬᠠᠭᠠᠰ ᠵᠢᠯ ᠤᠨ ᠳᠣᠲᠣᠷ᠎ᠠ 3 ᠤᠳᠠᠭ᠎ᠠ ᠵᠠᠷᠯᠠᠨ | ᠮᠡᠳᠡᠭᠳᠡᠭᠰᠡᠨ ᠪᠤᠶᠤ ᠪᠦᠬᠦ ᠵᠢᠯ ᠳᠤ ᠨᠡᠶᠢᠲᠡ 5 ᠤᠳᠠᠭ᠎ᠠ ᠵᠠᠷᠯᠠᠨ ᠮᠡᠳᠡᠭᠳᠡᠭᠰᠡᠨ ᠰᠤᠮᠤ ᠪᠠᠯᠭᠠᠰᠤ ᠪᠠ ᠰᠠᠯᠠᠭ᠎ᠠ | ᠮᠥᠴᠢᠷ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ︽ | ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ︾ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠲᠤᠬᠠᠢ | ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶ ᠢ ᠦᠨᠳᠦᠰᠦᠯᠡᠨ᠂ ᠭᠤᠣᠯ ᠤᠳᠤᠷᠢᠳᠤᠯᠭ᠎ᠠ ᠪᠠ ᠬᠤᠪᠢᠳᠠᠨ | ᠬᠠᠮᠢᠶᠠᠷᠴᠤ ᠪᠦᠬᠦᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠭᠤᠷᠪᠠ ᠳᠤ ᠬᠦᠨᠳᠦ ᠨᠣᠴᠢᠲᠠᠢ | ᠦᠷ᠎ᠡ ᠳ᠋ᠦᠩ᠂ ᠬᠦᠨᠳᠦ ᠶᠡᠭᠡ ᠬᠤᠬᠢᠷᠠᠯ ᠪᠤᠶᠤ ᠮᠠᠭᠤ ᠨᠥᠯᠥᠭᠡ ᠭᠠᠷᠭᠠᠭᠰᠠᠨ ᠪᠠᠶᠢᠪᠠᠯ᠂ ᠰᠠᠬᠢᠯᠭ᠎ᠠ ᠪᠠᠲᠤ ᠶᠢᠨ | ᠰᠢᠢᠳᠬᠡᠯ ︵ᠰᠡᠷᠡᠮᠵᠢᠯᠡᠭᠦᠯᠬᠦ᠂ ᠴᠢᠩᠭ᠎ᠠ ᠰᠡᠷᠡᠮᠵᠢᠯᠡᠭᠦᠯᠬᠦ᠂ ᠨᠠᠮ ᠤᠨ ᠳᠣᠲᠣᠭᠠᠳᠤ ᠶᠢᠨ ᠲᠤᠰᠢᠶᠠᠯ ᠠᠴᠠ ᠪᠠᠭᠤᠯᠭᠠᠬᠤ | ᠂ ᠨᠠᠮ ᠳᠤ ᠦᠯᠡᠳᠡᠭᠡᠵᠦ ᠪᠠᠶᠢᠴᠠᠭᠠᠨ ᠦᠵᠡᠬᠦ᠂ ᠨᠠᠮ ᠠᠴᠠ ᠬᠥᠭᠡᠭᠡᠬᠦ ᠵᠡᠷᠭᠡ ᠲᠠᠪᠤᠨ ᠵᠦᠢᠯ ᠪᠠᠭᠲᠠᠨ᠎ᠠ︶᠂ ᠵᠣᠬᠢᠶᠠᠨ | ᠪᠠᠶᠢᠭᠤᠯᠤᠯᠲᠠ ᠶᠢᠨ ᠰᠢᠢᠳᠪᠦᠷᠢᠯᠡᠯᠲᠡ ︵ᠠᠵᠢᠯ ᠤᠨ ᠪᠠᠶᠢᠷᠢ ᠠᠴᠠ ᠰᠢᠯᠵᠢᠭᠦᠯᠬᠦ᠂ ᠠᠯᠳᠠᠭ᠎ᠠ ᠪᠤᠷᠤᠭᠤ ᠪᠠᠨ | ᠮᠡᠳᠡᠷᠡᠵᠦ ᠲᠤᠰᠢᠶᠠᠯ ᠠᠴᠠ ᠪᠠᠨ ᠪᠠᠭᠤᠬᠤ᠂ ᠲᠤᠰᠢᠶᠠᠯ ᠠᠴᠠ ᠨᠢ ᠪᠠᠭᠤᠯᠭᠠᠬᠤ ᠪᠠᠷ ᠵᠠᠷᠯᠢᠭᠳᠠᠬᠤ᠂ | ᠲᠤᠰᠢᠶᠠᠯ ᠠᠴᠠ ᠨᠢ ᠪᠠᠭᠤᠯᠭᠠᠬᠤ᠂ ᠲᠤᠰᠢᠶᠠᠯ ᠠᠴᠠ ᠨᠢ ᠪᠠᠭᠤᠯᠭᠠᠬᠤ ᠵᠡᠷᠭᠡ ᠠᠷᠭ᠎ᠠ ᠮᠠᠶ᠋ᠢᠭ ᠪᠠᠭᠲᠠᠨ᠎ᠠ︶᠂ | ᠰᠡᠷᠡᠮᠵᠢᠯᠡᠭᠦᠯᠬᠦ ᠶᠣᠰᠣᠲᠠᠢ ᠶᠢ ᠨᠢ ᠰᠠᠨᠠᠭᠤᠯᠬᠤ᠂ ᠲᠤᠰ ᠰᠤᠷᠭᠠᠨ ᠬᠥᠮᠦᠵᠢᠯ ᠤᠨ ᠰᠤᠷᠭᠠᠨ ᠬᠥᠮᠦᠵᠢᠯ᠂ | ᠰᠢᠢᠳᠪᠦᠷᠢᠯᠡᠬᠦ ᠶᠣᠰᠣᠲᠠᠢ ᠶᠢ ᠨᠢ ᠰᠢᠢᠳᠪᠦᠷᠢᠯᠡᠨ᠎ᠡ᠃ | | |