ᠲᠦᠷᠦᠬᠦᠬᠡᠨ ᠬᠥᠬᠡᠬᠤᠲᠠ ᠶᠢᠨ ᠣᠶᠤᠨᠴᠢ ᠮᠡᠷᠭᠡᠵᠢᠯ ᠤᠨ ᠬᠡᠷᠡᠭᠯᠡᠭᠡᠨ ᠤ ᠰᠤᠷᠭᠠᠭᠤᠯᠢ ᠰᠤᠷᠭᠠᠭᠤᠯᠢ | ᠪᠠᠶᠢᠭᠤᠯᠤᠭᠳᠠᠭᠰᠠᠨ 50 ᠵᠢᠯ ᠤᠨ ᠣᠶ ᠪᠠᠨ ᠳᠤᠷᠠᠰᠬᠠᠬᠤ ᠦᠷ᠎ᠡ ᠪᠦᠲᠦᠭᠡᠯ ᠤᠨ ᠦᠵᠡᠰᠭᠦᠯᠡᠩ ᠡᠷᠭᠢᠯᠡᠵᠦ᠂ | ᠣᠷᠣᠨ ᠤ ᠳᠣᠲᠣᠷᠠᠬᠢ ᠬᠡᠰᠡᠭ ᠠᠬ᠎ᠠ ᠳᠡᠭᠦᠦ ᠰᠤᠷᠭᠠᠭᠤᠯᠢ᠂ ᠬᠠᠮᠳᠤᠷᠠᠯᠴᠠᠭ᠎ᠠ ᠪᠠᠶᠢᠭᠤᠯᠤᠭᠰᠠᠨ ᠰᠤᠷᠭᠠᠭᠤᠯᠢ ᠵᠢᠴᠢ | ᠠᠵᠤ ᠠᠬᠤᠶᠢᠯᠠᠯ ᠢ ᠤᠷᠢᠨ ᠣᠷᠣᠯᠴᠠᠭᠤᠯᠵᠤ᠂ ᠰᠤᠷᠭᠠᠭᠤᠯᠢ ᠵᠢᠴᠢ ᠣᠷᠣᠨ ᠤ ᠲᠥᠪ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠪᠠ ᠠᠵᠢᠯ ᠮᠡᠷᠭᠡᠵᠢᠯ ᠤᠨ | ᠰᠤᠷᠭᠠᠭᠤᠯᠢ ᠶᠢᠨ ᠪᠠᠭᠰᠢ ᠰᠤᠷᠤᠭᠴᠢᠳ ᠤᠨ ᠴᠤᠭ ᠵᠢᠪᠬᠤᠭ᠎ᠠ ᠶᠢ ᠭᠦᠢᠴᠡᠳ ᠢᠯᠡᠷᠡᠬᠦᠯᠵᠦ᠂ ᠦᠢᠯᠡᠳᠪᠦᠷᠢᠯᠡᠯ ᠪᠠ | ᠵᠢᠭᠠᠨ ᠰᠤᠷᠭᠠᠯᠳᠠ ᠶᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠬᠤ | ᠲᠠᠯ᠎ᠠ ᠪᠠᠷ ᠢᠳᠡᠪᠬᠢᠲᠡᠢ ᠬᠠᠶᠢᠨ ᠰᠦᠪᠡᠭᠴᠢᠯᠡᠯᠲᠡ ᠬᠢᠪᠡ᠃ | ᠦᠷ᠎ᠡ ᠪᠦᠲᠦᠭᠡᠯ ᠤᠨ ᠦᠵᠡᠭᠦᠯᠭᠡ ᠳᠡᠭᠡᠷ᠎ᠡ ᠬᠥᠬᠡᠬᠤᠲᠠ ᠶᠢᠨ ᠣᠶᠤᠨᠴᠢ ᠮᠡᠷᠭᠡᠵᠢᠯ ᠤᠨ ᠬᠡᠷᠡᠭᠯᠡᠭᠡᠨ ᠤ | ᠰᠤᠷᠭᠠᠭᠤᠯᠢ ᠶᠢᠨ ᠬᠢᠨ ᠬᠥᠬᠡᠬᠤᠲᠠ ᠶᠢᠨ ᠬᠤᠲᠣᠩ ᠠᠷᠠᠳ ᠤᠨ ᠳᠤᠮᠳᠠᠳᠤ ᠰᠤᠷᠭᠠᠭᠤᠯᠢ ᠲᠠᠢ ᠬᠠᠮᠳᠤᠷᠠᠨ ᠠᠵᠢᠯ | ᠮᠡᠷᠭᠡᠵᠢᠯ ᠤᠨ ᠰᠤᠷᠭᠠᠨ ᠬᠦᠮᠦᠵᠢᠯ ᠪᠠ ᠡᠩ ᠤᠨ ᠰᠤᠷᠭᠠᠨ ᠬᠦᠮᠦᠵᠢᠯ ᠠᠭᠤᠰᠤᠯᠴᠠᠨ ᠨᠡᠪᠳᠡᠷᠡᠭᠰᠡᠨ ᠰᠤᠷᠭᠠᠭᠤᠯᠢ ᠶᠢ | ᠬᠠᠮᠳᠤ ᠪᠠᠷ ᠪᠠᠶᠢᠭᠤᠯᠬᠤ᠂ ᠥᠪᠥᠷ ᠮᠣᠩᠭᠤᠯ ᠤᠨ ᠵᠢᠦ ᠰᠢᠤᠸᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠢᠵᠠᠭᠠᠷᠲᠤ ᠺᠣᠮᠫᠠᠨᠢ ᠲᠠᠢ ᠬᠠᠮᠲᠤᠷᠠᠨ ᠣᠶᠤᠨᠴᠢ ᠵᠢᠯᠣᠭᠤᠴᠢ ᠶᠢᠨ ᠦᠢᠯᠡᠳᠪᠦᠷᠢᠯᠡᠯ ᠵᠢᠭᠠᠨ ᠰᠤᠷᠭᠠᠯᠳᠠ ᠶᠢᠨ | ᠠᠭᠤᠰᠤᠯᠴᠠᠯ ᠤᠨ ᠲᠥᠪ ᠢ ᠪᠠᠶᠢᠭᠤᠯᠬᠤ᠂ ᠥᠪᠥᠷ ᠮᠣᠩᠭᠤᠯ ᠤᠨ ᠢ ᠲᠠᠢ ᠬᠥᠬᠡᠬᠤᠲᠠ ᠵᠡᠭᠦᠨᠭᠠᠷ ᠤᠨ ᠲᠡᠮᠦᠷ | ᠵᠠᠮ ᠤᠨ ᠬᠢᠵᠠᠭᠠᠷᠲᠤ ᠺᠣᠮᠫᠠᠨᠢ ᠲᠠᠢ ᠬᠠᠮᠲᠤ ᠪᠠᠷ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢ ᠠᠭᠤᠰᠤᠯᠴᠠᠭᠤᠯᠬᠤ | ᠲᠦᠷᠦᠯ ᠵᠦᠢᠯ ᠢ ᠪᠠᠶᠢᠭᠤᠯᠬᠤ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ | ᠪᠠ ᠡᠩ ᠤᠨ ᠰᠤᠷᠭᠠᠨ ᠬᠥᠮᠦᠵᠢᠯ ᠤᠨ ᠠᠭᠤᠰᠤᠯᠴᠠᠯ᠂ ᠦᠢᠯᠡᠳᠪᠦᠷᠢᠯᠡᠯ ᠪᠠ ᠵᠢᠭᠠᠨ ᠰᠤᠷᠭᠠᠯᠳᠠ ᠶᠢᠨ | ᠠᠭᠤᠰᠤᠯᠴᠠᠯ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠤᠯᠠᠮ ᠴᠢᠨᠠᠭᠰᠢᠳᠠ | ᠠᠬᠢᠭᠤᠯᠪᠠ᠃ | ᠬᠥᠬᠡᠬᠤᠲᠠ ᠶᠢᠨ ᠣᠶᠤᠨᠴᠢ ᠮᠡᠷᠭᠡᠵᠢᠯ ᠤᠨ ᠬᠡᠷᠡᠭᠯᠡᠭᠡᠨ ᠤ ᠰᠤᠷᠭᠠᠭᠤᠯᠢ ᠶᠢ 1974 ᠣᠨ ᠠᠴᠠ ᠡᠬᠢᠯᠡᠵᠦ | ᠬᠥᠬᠡᠬᠤᠲᠠ ᠶᠢᠨ ᠲᠡᠮᠦᠷ ᠵᠠᠮ ᠤᠨ ᠵᠢᠯᠣᠭᠤᠴᠢ ᠶᠢᠨ ᠰᠤᠷᠭᠠᠭᠤᠯᠢ ᠶᠢᠨ ᠰᠠᠭᠤᠷᠢᠨ ᠲᠡᠭᠡᠷ᠎ᠡ ᠪᠠᠶᠢᠭᠤᠯᠵᠦ᠂ 2022 | ᠣᠨ ᠳᠤ ᠬᠥᠬᠡᠬᠤᠲᠠ ᠶᠢᠨ ᠣᠶᠤᠨᠴᠢ ᠮᠡᠷᠭᠡᠵᠢᠯ ᠤᠨ ᠬᠡᠷᠡᠭᠯᠡᠭᠡᠨ ᠤ ᠰᠤᠷᠭᠠᠭᠤᠯᠢ ᠭᠡᠵᠦ ᠨᠡᠷ᠎ᠠ ᠶᠢ ᠨᠢ ᠬᠠᠯᠠᠪᠠ᠃ | ᠣᠳᠣᠬᠠᠨ ᠳᠤ ᠲᠤᠰ ᠰᠤᠷᠭᠠᠭᠤᠯᠢ ᠨᠢ ᠨᠢᠭᠡᠨᠲᠡ ᠵᠠᠮ ᠲᠡᠭᠡᠭᠡᠪᠦᠷᠢ᠂ ᠤᠶᠤᠨᠴᠢ ᠦᠢᠯᠡᠳᠬᠦ ᠦᠢᠯᠡᠰ᠂ ᠡᠨᠧᠷᠭᠢ ᠶᠢᠨ | ᠬᠥᠳᠡᠯᠭᠡᠬᠦ ᠬᠦᠴᠦᠨ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠳᠥᠷᠪᠡᠨ ᠶᠡᠭᠡ ᠲᠥᠷᠥᠯ ᠤᠨ ᠲᠤᠰᠬᠠᠢ ᠮᠡᠷᠭᠡᠵᠢᠯ ᠢ | ᠨᠡᠭᠡᠭᠡᠨ ᠬᠥᠭᠵᠢᠭᠦᠯᠵᠦ᠂ ᠣᠷᠣᠨ ᠤ ᠲᠥᠪ ᠤᠨ ᠵᠢᠷᠭᠤᠭᠠᠨ ᠲᠣᠮᠣ ᠲᠤᠯᠭᠠᠭᠤᠷᠢ ᠠᠵᠤ ᠦᠢᠯᠡᠰ ᠲᠤ ᠶᠡᠭᠡ | ᠬᠡᠮᠵᠢᠶᠡᠨ ᠤ ᠮᠡᠷᠭᠡᠵᠢᠯ ᠪᠠ ᠤᠷ᠎ᠠ ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠵᠦ ᠥᠭᠭᠦᠭᠰᠡᠨ | ᠪᠠᠶᠢᠨ᠎ᠠ᠃ | |