ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠪᠣᠯ ᠡᠯᠪᠡᠭ ᠬᠤᠷᠢᠶᠠᠯᠲᠠ ᠶᠢᠨ ᠦᠷ᠎ᠡ ᠪᠦᠲᠦᠭᠡᠯ ᠢ | ᠪᠠᠲᠤᠯᠠᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠭᠤᠭᠴᠤᠭ᠎ᠠ ᠮᠥᠨ᠃ ᠣᠶᠢᠷ᠎ᠠ ᠶᠢᠨ | ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤ ᠡᠯ᠎ᠡ ᠭᠠᠴᠠᠭ᠎ᠠ ᠶᠢ | ᠢᠳᠡᠪᠬᠢᠲᠡᠢ ᠵᠣᠬᠢᠶᠠᠨ ᠪᠠᠶᠢᠭᠤᠯᠵᠤ ᠤᠯᠠᠮᠵᠢᠯᠠᠯᠲᠤ ᠠᠮᠤ ᠪᠤᠳᠠᠭ᠎ᠠ ᠨᠥᠭᠡᠴᠡᠯᠡᠬᠦ ᠠᠷᠭ᠎ᠠ ᠬᠡᠯᠪᠡᠷᠢ ᠶᠢ ᠬᠤᠪᠢᠷᠠᠭᠤᠯᠵᠤ | ᠂ ᠲᠠᠯᠠᠪᠤᠷ ᠭᠠᠵᠠᠷ ᠤᠨ ᠠᠰᠢᠭᠯᠠᠯᠲᠠ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶᠠᠴᠢᠳ ᠤᠨ | ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠶᠢ ᠠᠬᠢᠭᠤᠯᠵᠤ᠂ ᠠᠮᠤ ᠪᠤᠳᠠᠭᠠᠨ ᠤ ᠬᠤᠬᠢᠷᠠᠯ ᠢ | ᠪᠠᠭᠠᠰᠬᠠᠵᠤ ᠣᠷᠣᠯᠭ᠎ᠠ ᠶᠢ ᠨᠡᠮᠡᠭᠳᠡᠭᠦᠯᠬᠦ ᠶᠢ ᠦᠨᠡᠨ ᠬᠦ ᠪᠠᠲᠤᠯᠠᠪᠠ᠃ | ᠪᠠᠶᠠᠨᠬᠤᠰᠢᠭᠤ ᠪᠠᠯᠭᠠᠰᠤᠨ ᠤ ᠬᠠᠷ᠎ᠠ ᠳᠣᠪᠤ ᠭᠠᠴᠠᠭ᠎ᠠ ᠳᠤ᠂ ᠲᠣᠰᠬᠤᠨ ᠤ ᠠᠷᠠᠳ ᠬᠤᠸᠠᠩ ᠬᠠᠢ ᠴᠢᠩ | ᠭᠠᠴᠠᠭ᠎ᠠ ᠶᠢ ᠨᠢᠭᠡᠳᠦᠯᠲᠡᠢ ᠲᠦᠭᠡᠭᠡᠵᠦ ︽ᠠᠮᠤ ᠪᠤᠳᠠᠭᠠᠨ ᠤ ᠬᠤᠷᠠᠮᠳᠤᠭᠤᠯᠤᠯ︾ ᠢ ᠤᠭᠰᠠᠷᠠᠬᠤ ᠶᠢᠨ ᠬᠠᠮᠲᠤ | ᠬᠠᠳᠤᠵᠤ ᠠᠪᠤᠭᠰᠠᠨ ᠡᠷᠳᠡᠨᠢ ᠰᠢᠰᠢ ᠶᠢ ︽ᠠᠮᠤ ᠪᠤᠳᠠᠭᠠᠨ ᠤ ᠬᠤᠷᠠᠮᠳᠤᠭᠤᠯᠤᠯᠲᠠ︾ ᠳᠤ ᠬᠢᠵᠦ ᠪᠠᠶᠢᠨ᠎ᠠ᠃ | ᠡᠷᠳᠡᠨ᠋ᠢ ᠰᠢᠰᠢ ᠣᠷᠤᠴᠠ ᠳᠤ ᠰᠠᠪᠠᠯᠠᠬᠤ᠃ ᠡᠳᠡᠭᠡᠷ ︽ᠠᠮᠤ ᠪᠤᠳᠠᠭ᠎ᠠ ᠶᠢ ᠬᠤᠷᠠᠮᠳᠤᠭᠤᠯᠬᠤ︾ ᠶᠢᠨ ᠳᠣᠣᠷᠠᠳᠤ | ᠲᠠᠯ᠎ᠠ ᠨᠢ ᠭᠠᠵᠠᠷ ᠠᠴᠠ ᠲᠠᠪᠤᠨ ᠰᠠᠨᠲ᠋ᠢᠮᠧᠳ᠋ᠷ ᠵᠠᠶᠢᠲᠠᠢ᠂ ᠡᠷᠭᠢᠨ ᠲᠣᠭᠤᠷᠢᠨ ᠨᠢ ᠲᠡᠮᠦᠷ ᠲᠣᠣᠷ ᠢᠶᠠᠷ ᠬᠦᠷᠢᠶᠡᠯᠡᠵᠦ᠂ | ᠭᠠᠵᠠᠷ ᠠᠴᠠ ᠰᠠᠯᠤᠨ ᠰᠠᠯᠬᠢ ᠨᠡᠪᠲᠡᠷᠡᠭᠦᠯᠦᠨ ᠬᠠᠳᠠᠭᠠᠯᠠᠬᠤ ᠠᠷᠭ᠎ᠠ ᠪᠠᠷ ︽ᠠᠮᠤ ᠪᠤᠳᠠᠭ᠎ᠠ ᠡᠯᠢᠭᠡᠳᠡᠬᠦ︾ ᠠᠮᠠᠷᠬᠠᠨ | ᠴᠢᠭᠢᠭᠳᠡᠬᠦ᠂ ᠬᠤᠷᠣᠬᠠᠶᠢᠲᠤᠬᠤ᠂ ᠸᠠᠯᠠᠬᠤ ᠵᠡᠷᠭᠡ ᠶᠠᠰᠤ ᠴᠢᠨᠠᠷ ᠢ ᠪᠠᠭᠤᠷᠠᠭᠤᠯᠬᠤ ᠠᠶᠤᠯ ᠲᠦᠭᠰᠢᠭᠦᠷᠢ ᠶᠢ | ᠬᠤᠷᠢᠭᠯᠠᠵᠤ ᠴᠢᠳᠠᠬᠤ ᠮᠥᠷᠲᠡᠭᠡᠨ ᠪᠠᠰᠠ ᠠᠮᠤ ᠪᠤᠳᠠᠭ᠎ᠠ ᠶᠢ ᠠᠶᠠᠨᠳᠠᠭᠠᠨ ᠰᠠᠯᠬᠢᠨ ᠳᠤ ᠭᠠᠷᠭᠠᠵᠤ᠂ | ᠬᠠᠳᠠᠭᠠᠯᠠᠯᠲᠠ ᠶᠢᠨ ᠳᠤᠮᠳᠠᠬᠢ ᠬᠤᠷᠣᠭᠳᠠᠯ ᠢ ᠪᠠᠭᠠᠰᠬᠠᠵᠤ᠂ ᠲᠠᠷᠢᠶᠠᠴᠢᠨ ᠡᠷᠦᠬᠡ ᠶᠢᠨ ᠠᠰᠢᠭ ᠣᠷᠣᠯᠭ᠎ᠠ ᠶᠢ | ᠳᠡᠭᠡᠭᠰᠢᠯᠡᠭᠦᠯᠵᠦ ᠴᠢᠳᠠᠨ᠎ᠠ᠃ ︽ᠥᠩᠭᠡᠷᠡᠭᠰᠡᠨ ᠳᠤ ᠪᠢᠳᠡ ᠠᠮᠤ ᠪᠤᠳᠠᠭ᠎ᠠ ᠬᠠᠳᠤᠵᠤ ᠳᠠᠭᠤᠰᠤᠭᠠᠳ ᠭᠡᠷ ᠲᠤ ᠪᠠᠨ | ᠣᠷᠣᠮᠠᠭᠴᠠ ᠣᠪᠣᠭᠠᠯᠠᠵᠤ᠂ ᠡᠷᠳᠡᠨᠢ ᠰᠢᠰᠢ ᠴᠢᠭᠢᠭ ᠨᠦᠢᠲᠠᠨ ᠪᠥᠭᠯᠡᠷᠡᠵᠦ ᠪᠠᠶᠢᠬᠤ ᠨᠢ ᠮᠠᠰᠢ ᠠᠮᠠᠷᠬᠠᠨ | ᠡᠪᠳᠡᠭᠳᠡᠵᠡᠢ᠂ ᠣᠳᠣ ᠰᠠᠶᠢᠨ ᠪᠣᠯᠵᠠᠢ᠂ ᠭᠠᠴᠠᠭ᠎ᠠ ᠪᠢᠳᠡᠨ ᠳᠤ ᠠᠮᠤ ᠪᠤᠳᠠᠭ᠎ᠠ ᠰᠠᠪᠠᠯᠠᠬᠤ ᠭᠠᠵᠠᠷ ᠲᠦᠭᠡᠭᠡᠵᠦ | ᠥᠭᠭᠦᠭᠰᠡᠨ ᠪᠣᠯᠬᠤᠷ ᠬᠤᠬᠢᠷᠠᠯ ᠳᠤ ᠤᠴᠠᠷᠠᠬᠤ ᠦᠭᠡᠢ᠂ ᠠᠮᠤ ᠪᠤᠳᠠᠭ᠎ᠠ ᠣᠷᠣᠬᠤ ᠳᠤ ᠪᠠᠰᠠ ᠬᠠᠲᠠᠬᠤ ᠦᠭᠡᠢ᠂ | ᠶᠠᠰᠤ ᠴᠢᠨᠠᠷ ᠳᠡᠭᠡᠭᠰᠢᠯᠡᠬᠦ ᠶᠢᠨ ᠬᠠᠮᠲᠤ ᠦᠨ᠎ᠡ ᠬᠠᠩᠰᠢ ᠴᠦ ᠥᠰᠴᠦ᠂ ᠪᠢᠳᠡ ᠪᠠᠭ᠎ᠠ ᠪᠤᠰᠤ ᠠᠰᠢᠭ ᠬᠦᠷᠲᠡᠨ᠎ᠡ︾᠃ | ᠪᠠᠶᠠᠨᠬᠤᠰᠢᠭᠤ ᠪᠠᠯᠭᠠᠳ ᠤᠨ ᠤ ᠬᠠᠷᠠᠳᠤᠪᠤ ᠭᠠᠴᠠᠭᠠᠨ ᠤ ᠠᠷᠠᠳ ᠬᠤᠸᠠ ᠶᠢᠨ ᠬᠠᠢ ᠴᠢᠨ ᠬᠡᠯᠡᠪᠡ᠃ ᠠᠵᠢᠯᠲᠠᠳ | ᠲᠣᠰᠬᠤᠨ ᠤ ᠠᠷᠠᠳ ᠤᠨ ᠭᠡᠷ ᠲᠤ ᠭᠦᠨᠵᠡᠭᠡᠶᠢᠷᠡᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ | ᠮᠡᠳᠡᠯᠭᠡ ᠶᠢ ᠤᠬᠠᠭᠤᠯᠪᠠ᠃ | ᠮᠡᠯᠡᠬᠡᠢ ᠬᠠᠳᠠ ᠭᠠᠴᠠᠭ᠎ᠠ ᠳᠤ᠂ ᠭᠠᠴᠠᠭᠠᠨ ᠤ ︽ᠬᠤᠶᠠᠷ ᠵᠥᠪᠯᠡᠯ︾ ᠪᠣᠯᠤᠨ ᠲᠣᠰᠬᠤᠨ ᠳᠤ ᠰᠠᠭᠤᠭ᠎ᠠ | ᠠᠵᠢᠯᠯᠠᠬᠤ ᠠᠩᠭᠢ ᠶᠢᠨ ᠬᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠤᠬᠠᠭᠤᠯᠭ᠎ᠠ ᠶᠢᠨ ᠠᠩᠭᠢ ᠶᠢ | ᠪᠠᠶᠢᠭᠤᠯᠵᠤ᠂ ᠲᠣᠰᠬᠤᠨ ᠤ ᠠᠷᠠᠳ ᠤᠨ ᠭᠡᠷ ᠲᠤ ᠭᠦᠨᠵᠡᠭᠡᠶᠢᠷᠡᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ | ᠨᠥᠭᠡᠴᠡᠯᠡᠬᠦ ᠮᠡᠷᠭᠡᠵᠢᠯ ᠤᠨ ᠮᠡᠳᠡᠯᠭᠡ ᠶᠢ ᠳᠡᠯᠭᠡᠷᠡᠭᠦᠯᠦᠨ ᠲᠦᠭᠡᠮᠡᠯᠵᠢᠭᠦᠯᠬᠦ ᠶᠢᠨ ᠬᠠᠮᠲᠤ ᠲᠣᠰᠬᠤᠨ ᠤ ᠠᠷᠠᠳ ᠢ | ᠬᠠᠪᠰᠤᠷᠤᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠬᠡᠷᠡᠭᠰᠡᠯ ᠢ ᠪᠠᠶᠢᠭᠤᠯᠵᠤ᠂ ᠲᠣᠰᠬᠤᠨ ᠤ | ᠠᠷᠠᠳ ᠤᠨ ᠠᠮᠤ ᠪᠤᠳᠠᠭᠠᠨ ᠤ ᠬᠤᠷᠣᠭᠳᠠᠯ ᠢ ᠪᠠᠭᠠᠰᠬᠠᠵᠤ ᠣᠷᠣᠯᠭ᠎ᠠ ᠶᠢ ᠨᠡᠮᠡᠭᠳᠡᠭᠦᠯᠬᠦ ᠳᠠᠩᠰᠠ ᠶᠢ ᠰᠠᠶᠢᠲᠤᠷ | ᠪᠣᠳᠣᠬᠤ ᠳᠤ ᠬᠦᠴᠦᠨ ᠨᠡᠮᠡᠷᠢᠯᠡᠪᠡ᠃ | ᠣᠶᠢᠷ᠎ᠠ ᠶᠢᠨ ᠵᠢᠯ ᠠᠴᠠ᠂ ᠪᠠᠶᠠᠨᠬᠤᠰᠢᠭᠤ ᠪᠠᠯᠭᠠᠰᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ | ᠠᠵᠢᠯ ᠢ ᠦᠷᠭᠦᠯᠵᠢᠯᠡᠨ ᠠᠬᠢᠭᠤᠯᠵᠤ᠂ ᠰᠢᠨ᠎ᠡ ᠰᠡᠳᠬᠢᠴᠡ ᠶᠢ ᠢᠳᠡᠪᠬᠢᠲᠡᠢ ᠰᠦᠪᠡᠭᠴᠢᠯᠡᠨ᠂ ᠰᠢᠨᠵᠢᠯᠡᠬᠦ | ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠣᠶᠢᠯᠠᠭᠠᠭᠳᠠᠬᠤᠨ ᠢ ᠪᠤᠢ ᠪᠦᠬᠦᠢ ᠲᠠᠷᠢᠶᠠᠴᠢᠨ ᠡᠷᠦᠬᠡ ᠶᠢᠨ ᠳᠡᠷᠭᠡᠳᠡ | ᠳᠡᠯᠭᠡᠷᠡᠭᠦᠯᠵᠦ᠂ ᠠᠮᠤ ᠪᠤᠳᠠᠭ᠎ᠠ ᠨᠥᠭᠡᠴᠡᠯᠡᠬᠦ ᠳᠤᠮᠳᠠᠬᠢ ᠬᠤᠬᠢᠷᠠᠯ ᠢ ᠪᠠᠭᠠᠰᠬᠠᠨ᠂ ᠲᠠᠷᠢᠶᠠᠴᠢᠨ ᠡᠷᠦᠬᠡ ᠶᠢᠨ ᠠᠰᠢᠭ | ᠣᠷᠣᠯᠭ᠎ᠠ ᠶᠢ ᠳᠡᠭᠡᠭᠰᠢᠯᠡᠭᠦᠯᠵᠦ᠂ ᠪᠦᠬᠦ ᠪᠠᠯᠭᠠᠰᠤᠨ ᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ | ᠬᠤᠬᠢᠷᠠᠯ ᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠣᠨᠣᠯᠵᠢᠬᠤᠨ ᠢ ᠬᠥᠮᠦᠰ ᠤᠨ ᠰᠡᠳᠬᠢᠯ ᠳᠤ | ᠬᠠᠳᠠᠩᠰᠢᠭᠤᠯᠬᠤ ᠶᠢ ᠲᠦᠯᠬᠢᠨ ᠠᠬᠢᠭᠤᠯᠪᠠ᠃ | ᠣᠶᠢᠯᠠᠭᠠᠭᠰᠠᠨ ᠢᠶᠠᠷ᠂ ᠡᠨᠡ ᠵᠢᠯ ᠪᠠᠶᠠᠨᠬᠤᠰᠢᠭᠤ ᠪᠠᠯᠭᠠᠰᠤᠨ ᠤ ᠠᠮᠤ ᠪᠤᠳᠠᠭᠠᠨ ᠤ ᠶᠡᠷᠦᠩᠬᠡᠢ ᠤᠨᠠᠯᠲᠠ 12.5 | ᠲᠦᠮᠡᠨ ᠲᠣᠨ ᠳᠤ ᠬᠦᠷᠴᠦ᠂ ᠰᠢᠨᠵᠢᠯᠡᠬᠦ ᠤᠬᠠᠭᠠᠨᠴᠢ ᠪᠠᠷ 2335 ᠪᠣᠰᠤᠭ᠎ᠠ ᠳᠥᠷᠪᠡᠯᠵᠢᠨ ᠮᠧᠳ᠋ᠷ ᠠᠮᠤ ᠪᠤᠳᠠᠭ᠎ᠠ | ᠨᠥᠭᠡᠴᠡᠯᠡᠵᠦ᠂ ᠨᠡᠶᠢᠲᠡ 10.79 ᠲᠦᠮᠡᠨ ᠲᠣᠨ ᠠᠮᠤ ᠪᠤᠳᠠᠭ᠎ᠠ ᠨᠥᠭᠡᠴᠡᠯᠡᠵᠦ᠂ ᠰᠢᠨᠵᠢᠯᠡᠬᠦ ᠤᠬᠠᠭᠠᠨᠴᠢ ᠪᠠᠷ | ᠠᠮᠤ ᠪᠤᠳᠠᠭ᠎ᠠ ᠨᠥᠭᠡᠴᠡᠯᠡᠬᠦ ᠨᠢ 5% ᠶᠢᠨ ᠬᠤᠬᠢᠷᠠᠯ ᠢ ᠪᠠᠭᠠᠰᠬᠠᠵᠤ ᠪᠣᠯᠤᠨ᠎ᠠ᠃ ᠪᠠᠶᠠᠨᠬᠤᠰᠢᠭᠤ ᠪᠠᠯᠭᠠᠰᠤᠨ ᠤ | ᠳᠡᠳ᠋ ᠳᠠᠷᠤᠭ᠎ᠠ ᠪᠠᠢ ᠶᠢᠨ ᠴᠢᠦᠸᠡᠨ᠄ ︽ᠳᠠᠷᠠᠭᠠᠴᠢ ᠶᠢᠨ ᠠᠯᠬᠤᠮ ᠳᠤ᠂ ᠪᠠᠶᠠᠨᠬᠤᠰᠢᠭᠤ ᠪᠠᠯᠭᠠᠰᠤ ᠰᠢᠨᠵᠢᠯᠡᠬᠦ | ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠠᠷᠢᠶᠠᠴᠢᠨ ᠡᠷᠦᠬᠡ ᠶᠢ | ᠬᠠᠪᠰᠤᠷᠤᠨ ᠠᠮᠤ ᠪᠤᠳᠠᠭᠠᠨ ᠤ ᠤᠨᠠᠯᠲᠠ ᠶᠢᠨ ᠳᠠᠷᠠᠭᠠᠬᠢ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠲᠠᠰᠤᠷᠠᠯᠲᠠ | ᠥᠬᠡᠶ ᠴᠢᠩᠭᠠᠳᠬᠠᠵᠤ᠂ ᠤᠷᠤᠴᠠ ᠭᠠᠷᠤᠭᠰᠠᠨ᠂ ᠺᠣᠳ᠋ ᠢᠷᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠠᠰᠤ | ᠴᠢᠨᠠᠷ ᠢ ᠳᠡᠭᠡᠭᠰᠢᠯᠡᠭᠦᠯᠦᠨ ᠬᠤᠷ᠎ᠠ ᠲᠣᠨᠣᠳᠠᠰᠤ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ | ᠬᠠᠳᠠᠭᠠᠯᠠᠬᠤ ᠴᠠᠭ ᠢ ᠤᠷᠲᠤᠳᠬᠠᠵᠤ᠂ ᠴᠠᠭ ᠲᠤᠨᠢ ᠲᠣᠬᠢᠷᠠᠭᠤᠯᠤᠨ ᠪᠣᠷᠣᠯᠠᠭᠤᠯᠬᠤ ᠳᠤ ᠠᠰᠢᠭᠲᠠᠢ ᠨᠥᠬᠦᠴᠡᠯ ᠢ | ᠡᠭᠦᠳᠴᠦ᠂ ᠮᠥᠬᠦᠯᠢᠭ ᠠᠮᠤ ᠶᠢ ᠬᠥᠮᠥᠷᠭᠡ ᠳᠤ ᠣᠷᠣᠭᠤᠯᠬᠤ᠂ ᠭᠠᠷᠤᠯᠲᠠ ᠨᠡᠮᠡᠭᠳᠡᠭᠦᠯᠦᠨ ᠡᠯᠪᠡᠭ ᠬᠤᠷᠢᠶᠠᠯᠲᠠ ᠶᠢ | ᠪᠡᠶᠡᠯᠡᠭᠦᠯᠬᠦ︾ ᠪᠣᠯᠤᠨ᠎ᠠ᠃ |