ᠨᠢᠭᠡ᠂ ᠤᠭᠤᠷᠠᠭ ᠰᠦ᠋ ᠶᠢ ᠡᠷᠲᠡᠬᠡᠨ ᠤᠤᠭᠤᠯᠭᠠᠬᠤ ᠬᠡᠷᠡᠭᠲᠡᠢ ᠬᠤᠷᠠᠭ᠎ᠠ ᠢᠰᠢᠭᠡᠨ ᠳᠤ ᠤᠭᠤᠷᠠᠭ ᠰᠦ᠋ ᠶᠢ | ᠡᠷᠲᠡᠬᠡᠨ ᠤᠤᠭᠤᠯᠭᠠᠬᠤ ᠶᠢᠨ ᠬᠠᠮᠲᠤ ᠭᠦᠢᠴᠡᠳ ᠬᠡᠮᠵᠢᠶ᠎ᠡ ᠲᠠᠢ ᠪᠠᠶᠢᠯᠭᠠᠬᠤ ᠬᠡᠷᠡᠭᠲᠡᠢ᠃ ᠬᠤᠷᠠᠭ᠎ᠠ ᠢᠰᠢᠭᠡᠨ ᠤ | ᠤᠤᠭᠤᠭᠰᠠᠨ ᠤᠭᠤᠷᠠᠭ ᠰᠦᠨ ᠤ ᠬᠡᠮᠵᠢᠶ᠎ᠡ ᠨᠢ ᠶᠡᠭᠡ ᠲᠥᠯᠥᠪ ᠪᠡᠶ᠎ᠡ ᠶᠢᠨ ᠬᠦᠨᠳᠦ ᠶᠢᠨ ᠢᠶᠠᠨ 5% ᠶᠢ ᠡᠵᠡᠯᠡᠵᠦ᠂ | ᠬᠠᠭᠠᠰ ᠬᠡᠮᠵᠢᠶ᠎ᠡ ᠶᠢ ᠨᠢ ᠰᠠᠶ᠋ᠢ ᠲᠦᠷᠦᠭᠰᠡᠨ ᠤ ᠳᠠᠷᠠᠭ᠎ᠠ ᠬᠡᠳᠦᠢ ᠡᠷᠲᠡ ᠤᠤᠭᠤᠪᠠᠯ ᠲᠡᠳᠦᠢ ᠰᠠᠶᠢᠨ᠂ ᠨᠥᠭᠦᠭᠡ | ᠬᠠᠭᠠᠰ ᠬᠡᠮᠵᠢᠶ᠎ᠡ ᠶᠢ ᠨᠢ ᠬᠤᠶᠢᠰᠢᠳᠠ ᠶᠢᠨ 10 ~12 ᠴᠠᠭ ᠤᠨ ᠳᠣᠲᠣᠷ᠎ᠠ ᠤᠤᠭᠤᠯᠭᠠᠵᠤ ᠪᠠᠷᠠᠭᠠᠨ᠎ᠠ᠃ ᠬᠤᠶᠠᠷ᠂ | ᠰᠦ᠋ ᠳᠤᠲᠠᠬᠤ ᠠᠴᠠ ᠰᠡᠷᠭᠡᠶᠢᠯᠡᠬᠦ ᠬᠡᠷᠡᠭᠲᠡᠢ ᠬᠤᠷᠠᠭ᠎ᠠ ᠢᠰᠢᠭᠡ ᠲᠦᠷᠦᠭᠰᠡᠨ ᠤ ᠳᠠᠷᠠᠭ᠎ᠠ ᠡᠬᠡ ᠶᠢᠨ ᠢᠶᠠᠨ ᠰᠦ᠋ ᠪᠠᠨ | ᠣᠯᠵᠤ ᠤᠤᠭᠤᠬᠤ ᠦᠭᠡᠢ ᠪᠣᠯ ᠬᠦᠴᠦ ᠲᠠᠮᠢᠷ ᠨᠢ ᠮᠠᠭᠤᠳᠠᠵᠤ᠂ ᠥᠯᠪᠡᠷᠴᠦ ᠦᠬᠦᠬᠦ ᠪᠠᠶᠢᠳᠠᠯ ᠵᠦᠩᠳᠡᠭᠡᠨ ᠭᠠᠷᠳᠠᠭ | ᠃ ᠡᠭᠦᠨ ᠢ ᠡᠷᠲᠡᠬᠡᠨ ᠤᠶᠢᠯᠠᠭᠠᠵᠤ᠂ ᠬᠥᠮᠥᠨ ᠤ ᠬᠦᠴᠦ ᠪᠠᠷ ᠬᠠᠯᠠᠭᠤᠨ ᠢ ᠨᠡᠮᠡᠭᠳᠡᠭᠦᠯᠦᠨ᠂ ᠴᠠᠭ ᠲᠤᠬᠠᠢ ᠳᠤᠨᠢ | 1/3 ~ 1/2 ᠴᠣᠮᠣ ᠤᠭᠤᠷᠠᠭ ᠰᠦ᠋ ᠤᠤᠭᠤᠯᠭᠠᠵᠤ᠂ ᠬᠤᠷᠠᠭ᠎ᠠ ᠢᠰᠢᠭᠡᠨ ᠤ ᠡᠪᠡᠳᠴᠢᠨ ᠢ ᠡᠰᠡᠷᠭᠦᠴᠡᠬᠦ | ᠴᠢᠳᠠᠪᠤᠷᠢ ᠶᠢ ᠨᠡᠮᠡᠭᠳᠡᠭᠦᠯᠦᠨ᠎ᠡ᠃ ᠬᠤᠷᠠᠭ᠎ᠠ ᠢᠰᠢᠭᠡ ᠵᠢᠭᠠᠬᠠᠨ ᠥᠰᠴᠦ ᠥᠭᠡᠯᠡᠢ ᠪᠣᠯᠪᠠᠯ ᠬᠥᠮᠥᠨ ᠤ ᠬᠦᠴᠦ ᠪᠠᠷ | ᠤᠭᠵᠢᠵᠤ᠂ ᠪᠡᠶ᠎ᠡ ᠶᠢᠨ ᠬᠦᠨᠳᠦ ᠶᠢᠨ ᠬᠢᠨᠢ 1/5 ᠶᠢᠨ ᠬᠡᠮᠵᠢᠶ᠎ᠡ ᠪᠠᠷ ᠤᠭᠵᠢᠭᠤᠷ ᠢᠶᠠᠷ ᠤᠭᠵᠢᠨ᠎ᠠ᠂ ᠡᠷᠲᠡ | ᠣᠷᠣᠢ ᠳᠤ 2 ᠤᠳᠠᠭ᠎ᠠ ᠤᠭᠵᠢᠨ᠎ᠠ᠃ ᠭᠤᠷᠪᠠ᠂ ᠬᠦᠢᠰᠦᠨ ᠤ ᠬᠠᠯᠳᠠᠪᠤᠷᠢᠯᠠᠯ ᠢ ᠰᠡᠷᠭᠡᠶᠢᠯᠡᠬᠦ ᠬᠡᠷᠡᠭᠲᠡᠢ ᠨᠢᠯᠬ᠎ᠠ | ᠬᠤᠷᠠᠭ᠎ᠠ ᠢᠰᠢᠭᠡᠨ ᠤ ᠬᠦᠢᠰᠦ ᠨᠢ ᠲᠥᠷᠥᠭᠰᠡᠨ ᠤ ᠪᠠᠨ ᠳᠠᠷᠠᠭ᠎ᠠ ᠬᠡᠳᠦᠨ ᠡᠳᠦᠷ ᠲᠤ ᠬᠠᠳᠠᠵᠤ ᠬᠠᠮᠰᠢᠢᠬᠤ ᠦᠭᠡᠢ | ᠪᠠᠶᠢᠪᠠᠯ ᠬᠢᠴᠢᠶᠡᠭᠡᠷᠡᠢ᠂ ᠡᠨᠡ ᠨᠢ ᠪᠡᠶ᠎ᠡ ᠶᠢᠨ ᠭᠠᠳᠠᠨᠠᠬᠢ ᠪᠠᠺᠲ᠋ᠧᠷᠢ ᠶᠢᠨ ᠬᠤᠨᠢᠨ ᠤ ᠪᠡᠶ᠎ᠡ ᠳᠤ ᠣᠷᠣᠬᠤ ᠵᠠᠮ | ᠪᠣᠯᠣᠨ᠎ᠠ᠃ ᠪᠠᠰᠠ ᠨᠢᠭᠡ ᠵᠦᠢᠯ ᠨᠢ ᠬᠦᠢᠰᠦᠨ ᠤ ᠬᠠᠯᠳᠠᠪᠤᠷᠢᠯᠠᠯ ᠪᠣᠯᠣᠨ᠎ᠠ᠂ ᠬᠤᠷᠠᠭ᠎ᠠ ᠢᠰᠢᠭᠡ ᠲᠦᠷᠦᠭᠰᠡᠨ ᠤ | ᠳᠠᠷᠠᠭᠠᠬᠢ ᠭᠤᠷᠪᠠᠨ ᠭᠠᠷᠠᠭ ᠤᠨ ᠳᠣᠲᠣᠷ᠎ᠠ ᠡᠪᠡᠳᠴᠢᠨ ᠤ ᠢᠯᠡᠷᠡᠯ ᠭᠠᠷᠬᠤ ᠦᠭᠡᠢ ᠪᠣᠯᠪᠠᠴᠤ ᠦᠶ᠎ᠡ ᠶᠢᠨ | ᠬᠡᠰᠡᠭ ᠲᠤᠨᠢ ᠢᠳᠡᠭᠡᠲᠦ ᠬᠠᠪᠤᠳᠠᠷ ᠭᠠᠷᠴᠤ᠂ ᠬᠥᠬᠦᠬᠦ ᠨᠢ ᠪᠠᠭᠠᠰᠴᠤ᠂ ᠥᠯᠪᠡᠷᠴᠦ ᠦᠬᠦᠳᠡᠭ᠃ ᠳᠥᠷᠪᠡ᠂ | ᠬᠤᠷᠠᠭ᠎ᠠ ᠢᠰᠢᠭᠡ ᠪᠠᠭᠠᠰᠤ ᠠᠯᠳᠠᠬᠤ ᠠᠴᠠ ᠰᠡᠷᠭᠡᠶᠢᠯᠡᠬᠦ ᠬᠡᠷᠡᠭᠲᠡᠢ ᠲᠦᠷᠦᠭᠰᠡᠨ ᠤ ᠳᠠᠷᠠᠭ᠎ᠠ 3 ᠡᠳᠦᠷ ᠤᠨ ᠳᠣᠲᠣᠷ᠎ᠠ | ᠠᠰᠳᠠᠭᠠᠨ ᠲᠠᠰᠤᠯᠭ᠎ᠠ ᠠᠴᠠ ᠰᠢᠯᠵᠢᠭᠦᠯᠦᠭᠡ ᠦᠭᠡᠢ ᠦᠶ᠎ᠡ ᠳᠤ᠂ ᠬᠤᠷᠠᠭ᠎ᠠ ᠢᠰᠢᠭᠡ ᠠᠮᠠᠷᠬᠠᠨ ᠪᠠᠭᠠᠰᠤ ᠠᠯᠳᠠᠵᠤ᠂ | ᠤᠰᠤ ᠠᠯᠳᠠᠬᠤ ᠨᠢ ᠬᠦᠨᠳᠦ ᠨᠣᠴᠢᠲᠠᠢ ᠪᠤᠯᠪᠠᠯ ᠠᠮᠠᠷᠬᠠᠨ ᠦᠬᠦᠳᠡᠭ᠃ ᠳᠣᠣᠷᠠᠬᠢ ᠤᠷᠢᠳᠴᠢᠯᠠᠨ ᠰᠡᠷᠭᠡᠶᠢᠯᠡᠬᠦ | ᠠᠵᠢᠯ ᠢ ᠰᠠᠶᠢᠲᠤᠷ ᠬᠢᠬᠦ ᠬᠡᠷᠡᠭᠲᠡᠢ᠄ 1. ᠡᠮ᠎ᠡ ᠬᠤᠨᠢ ᠲᠥᠯᠯᠡᠬᠦ ᠠᠴᠠ ᠡᠮᠦᠨᠡᠬᠢ 30 ᠡᠳᠦᠷ ᠲᠤ ᠪᠦᠳᠦᠭᠦᠨ | ᠭᠡᠳᠡᠰᠦᠨ ᠤ ᠰᠠᠪᠬᠠᠨᠴᠢᠷ ᠪᠠᠺᠲ᠋ᠧᠷᠢ ᠶᠢᠨ ᠸᠠᠺᠼᠢᠨ ᠤ ᠨᠠᠶᠢᠷᠠᠯᠭ᠎ᠠ ᠶᠢ ᠲᠠᠷᠢᠨ᠎ᠠ᠃ 2. ᠡᠮ᠎ᠡ ᠬᠤᠨᠢ ᠲᠥᠯᠯᠡᠬᠦ ᠠᠴᠠ | ᠡᠮᠦᠨ᠎ᠡ 30 ~ 45 ᠡᠳᠦᠷ ᠲᠤ ᠤᠩᠭᠠᠰᠤ ᠨᠣᠣᠰᠣ ᠶᠢ ᠨᠢ ᠬᠠᠶᠢᠴᠢᠯᠠᠬᠤ ᠪᠤᠶᠤ ᠬᠥᠬᠦᠨ ᠤ ᠬᠡᠰᠡᠭ ᠤᠨ | ᠤᠩᠭᠠᠰᠤ ᠨᠣᠣᠰᠣ ᠶᠢ ᠠᠰ ᠢᠶᠠᠷ ᠨᠢ ᠬᠠᠶᠢᠴᠢᠯᠠᠨ᠎ᠠ᠃ 3. ᠲᠥᠯᠯᠡᠬᠦ ᠠᠴᠠ ᠡᠮᠦᠨ᠎ᠡ ᠱᠦᠭᠦᠷᠳᠡᠵᠦ ᠭᠠᠷᠭᠠᠭᠰᠠᠨ | ᠳᠡᠪᠢᠰᠬᠡᠷ ᠡᠪᠡᠰᠦ ᠶᠢ ᠳᠠᠬᠢᠨ ᠬᠡᠷᠡᠭᠯᠡᠵᠦ ᠪᠣᠯᠬᠤ ᠦᠭᠡᠢ᠃ 4. ᠡᠪᠡᠳᠴᠢᠨ ᠲᠠᠢ ᠬᠤᠷᠠᠭ᠎ᠠ ᠢᠰᠢᠭᠡᠨ ᠤ ᠠᠰᠳᠠᠭᠠᠨ | ᠲᠠᠰᠤᠯᠭ᠎ᠠ ᠶᠢ ᠴᠡᠪᠡᠷᠯᠡᠨ ᠠᠷᠢᠭᠤᠳᠬᠠᠵᠤ᠂ ᠴᠣᠬᠤᠢ ᠶᠢᠨ ᠤᠰᠤ ᠰᠦᠷᠴᠢᠵᠦ᠂ ᠪᠠᠭᠠᠰᠤ ᠪᠤᠷᠲᠠᠭ ᠲᠠᠢ ᠭᠠᠵᠠᠷ ᠢ | ᠬᠠᠯᠠᠭᠤᠨ ᠴᠠᠶᠢᠷᠠᠭᠤᠯᠬᠤ ᠨᠤᠨᠳᠠᠭ ᠲᠠᠢ ᠤᠰᠤ ᠪᠠᠷ ᠠᠷᠴᠢᠨ᠎ᠠ᠃ ᠲᠠᠪᠤ᠂ C ᠬᠡᠯᠪᠡᠷᠢ ᠶᠢᠨ ᠭᠡᠳᠡᠰᠦᠨ ᠤ ᠴᠢᠰᠤ | ᠬᠤᠣᠷᠳᠠᠬᠤ ᠭᠡᠮ ᠢ ᠤᠷᠢᠳᠴᠢᠯᠠᠨ ᠰᠡᠷᠭᠡᠶᠢᠯᠡᠬᠦ ᠬᠡᠷᠡᠭᠲᠡᠢ ᠭᠤᠣᠯᠳᠠᠭᠤ ᠲᠦᠷᠦᠭᠡᠳ ᠨᠢᠭᠡ ᠠᠴᠠ ᠬᠤᠶᠠᠷ ᠭᠠᠷᠠᠭ ᠤᠨ | ᠬᠤᠭᠤᠴᠠᠭᠠᠨ ᠤ ᠬᠤᠷᠠᠭ᠎ᠠ ᠢᠰᠢᠭᠡᠨ ᠤ ᠰᠢᠮ᠎ᠡ ᠲᠡᠵᠢᠭᠡᠯ ᠰᠠᠮᠠᠭᠤᠷᠠᠬᠤ ᠦᠶ᠎ᠡ ᠳᠤ ᠲᠣᠬᠢᠶᠠᠯᠳᠤᠨ᠎ᠠ᠃ ᠬᠡᠷᠪᠡ | ᠪᠤᠯᠢᠶᠠᠯᠳᠤᠨ ᠢᠳᠡᠵᠦ ᠬᠡᠳᠦ ᠴᠠᠳᠴᠤ᠂ ᠡᠬᠢᠯᠡᠨ ᠲᠡᠵᠢᠭᠡᠯ ᠨᠥᠬᠦᠬᠦ ᠪᠤᠶᠤ ᠬᠥᠬᠦᠬᠦ ᠬᠡᠮᠵᠢᠶ᠎ᠡ ᠨᠢ ᠭᠡᠨᠡᠳᠲᠡ | ᠨᠡᠮᠡᠭᠳᠡᠪᠡᠯ ᠳᠤᠰ ᠭᠡᠮ ᠳᠤ ᠨᠡᠷᠪᠡᠭᠳᠡᠭᠰᠡᠨ ᠪᠠᠶᠢᠵᠤ ᠮᠡᠳᠡᠨ᠎ᠡ᠃ ᠬᠤᠷᠠᠭ᠎ᠠ ᠢᠰᠢᠭᠡ ᠡᠪᠡᠳᠴᠢᠨ ᠳᠤ ᠨᠡᠷᠪᠡᠭᠳᠡᠭᠰᠡᠨ ᠤ | ᠰᠡᠭᠦᠯᠡᠷ᠂ ᠡᠪᠡᠳᠴᠢᠯᠡᠬᠦ ᠨᠢ ᠲᠦᠷᠭᠡᠨ᠂ ᠦᠷᠭᠦᠯᠵᠢ ᠭᠡᠨᠡᠳᠲᠡ ᠪᠠᠷ ᠦᠬᠦᠬᠦ ᠪᠤᠶᠤ ᠬᠡᠪᠡᠯᠢ ᠡᠪᠡᠳᠬᠦ᠂ ᠮᠠᠨᠠᠷᠠᠬᠤ᠂ | 2 ~ 12 ᠴᠠᠭ ᠤᠨ ᠳᠣᠲᠣᠷ᠎ᠠ ᠦᠬᠦᠬᠦ ᠢᠯᠡᠷᠡᠯ ᠲᠠᠢ ᠪᠠᠶᠢᠳᠠᠭ᠃ ᠭᠤᠣᠯᠳᠠᠭᠤ ᠳᠣᠣᠷᠠᠬᠢ ᠮᠡᠲᠦ ᠤᠷᠢᠳᠴᠢᠯᠠᠨ | ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠄ 1. ᠡᠮ᠎ᠡ ᠬᠤᠨᠢ ᠲᠥᠯᠯᠡᠬᠦ ᠠᠴᠠ ᠡᠮᠦᠨᠡᠬᠢ 30 ᠡᠳᠦᠷ ᠲᠤ ᠸᠠᠺᠼᠢᠨ ᠤ | ᠲᠠᠷᠢᠯᠭ᠎ᠠ ᠬᠢᠨ᠎ᠡ᠃ 2. ᠸᠠᠺᠼᠢᠨ ᠤ ᠲᠠᠷᠢᠯᠭ᠎ᠠ ᠬᠢᠭᠰᠡᠨ ᠦᠭᠡᠢ ᠡᠮ᠎ᠡ ᠬᠤᠨᠢᠨ ᠤ ᠬᠤᠷᠠᠭ᠎ᠠ ᠳᠤ 2 ~ 3 | ᠡᠳᠦᠷ ᠲᠤ ᠨᠢᠭᠡ ᠤᠳᠠᠭ᠎ᠠ ᠸᠠᠺᠼᠢᠨ ᠤ ᠲᠠᠷᠢᠯᠭ᠎ᠠ ᠬᠢᠵᠦ᠂ 2 ᠭᠠᠷᠠᠭ ᠤᠨ ᠬᠤᠭᠤᠴᠠᠭᠠᠨ ᠳᠤ ᠳᠠᠬᠢᠨ ᠨᠢᠭᠡ | ᠤᠳᠠᠭ᠎ᠠ ᠲᠠᠷᠢᠯᠭ᠎ᠠ ᠬᠢᠨ᠎ᠡ᠃ |