ᠤᠯᠤᠰ ᠤᠨ 334 ᠱᠤᠭᠤᠮ ᠤᠨ ᠰᠢᠨ᠎ᠡ ᠪᠠᠷ ᠢᠯᠡᠭᠡᠭᠰᠡᠨ ᠪᠠᠶᠠᠨᠬᠤᠰᠢᠭᠤ ︵ᠰᠢᠨ ᠹᠠ ᠠᠴᠠ ᠭᠤᠣᠯ ᠤᠨ ᠪᠠᠶᠢᠰᠢᠩ ᠬᠦᠷᠬᠦ︶ ᠵᠠᠰᠠᠮᠠᠯ ᠵᠠᠮ ᠤᠨ ᠭᠤᠣᠯ ᠴᠣᠭᠴᠠ ᠶᠢᠨ ᠪᠠᠷᠢᠯᠭ᠎ᠠ ᠨᠢ ᠨᠢᠭᠡᠨᠲᠡ ᠳᠠᠭᠤᠰᠪᠠ
ᠨᠡᠶᠢᠲᠡᠯᠡᠭᠰᠡᠨ ᠴᠠᠭ᠄
2024/11/21
    ᠣᠶᠢᠷ᠎ᠠ ᠳᠤ᠂ ᠤᠯᠤᠰ ᠤᠨ ᠵᠠᠮ 334 ᠱᠤᠭᠤᠮ ᠠᠴᠠ ᠪᠠᠶᠠᠨᠬᠤᠰᠢᠭᠤ ︵ᠰᠢᠨ ᠹᠠ ᠠᠴᠠ ᠭᠤᠣᠯ ᠤᠨ ᠪᠠᠶᠢᠰᠢᠩ ᠬᠦᠷᠬᠦ ᠬᠡᠰᠡᠭ︶ ᠬᠦᠷᠬᠦ ᠵᠠᠰᠠᠮᠠᠯ ᠵᠠᠮ ᠤᠨ ᠭᠤᠣᠯ ᠴᠣᠭᠴᠠ ᠶᠢᠨ ᠢᠨᠵᠧᠨᠧᠷᠢᠩ ᠢ ᠨᠢᠭᠡᠨᠲᠡ ᠪᠦᠬᠦᠨ ᠢ ᠪᠡᠶᠡᠯᠡᠭᠦᠯᠪᠡ᠃ ᠲᠥᠷᠥᠯ ᠵᠦᠢᠯ ᠤᠨ ᠡᠬᠢᠯᠡᠯᠲᠡ ᠶᠢᠨ ᠴᠡᠭ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠧᠩ ᠵᠢᠢ ᠵᠢᠶᠧ ᠰᠢᠨ ᠹᠠ ᠭᠠᠴᠠᠭ᠎ᠠ ᠳᠤ ᠪᠠᠶᠢᠷᠢᠯᠠᠵᠤ᠂ ᠭᠤᠣᠯ ᠤᠨ ᠪᠠᠶᠢᠰᠢᠩ ᠪᠠᠯᠭᠠᠰᠤᠨ ᠤ 12 ᠭᠠᠴᠠᠭ᠎ᠠ ᠪᠠᠷ ᠥᠩᠭᠡᠷᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠯᠢ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ 46 ᠵᠤᠷᠪᠤᠰ ᠪᠠᠶᠢᠵᠤ᠂ ᠭᠢᠷᠢᠨ ᠮᠤᠵᠢ ᠶᠢᠨ ᠤᠯᠤᠰ ᠤᠨ ᠵᠠᠮ ᠤᠨ G334 ᠱᠤᠭᠤᠮ ᠤᠨ ᠢᠦᠢ ︵ᠬᠢᠷᠢᠨ ᠦᠪᠤᠷ ᠮᠤᠩᠭᠤᠯ ᠤᠨ ᠵᠠᠭᠠᠭ︶ ᠵᠠᠰᠠᠮᠠᠯ ᠵᠠᠮ ᠲᠠᠢ ᠰᠢᠭᠤᠳ ᠵᠠᠯᠭᠠᠵᠤ᠂ ᠡᠴᠦᠰ ᠤᠨ ᠴᠡᠭ ᠨᠢ ᠤᠯᠤᠰ ᠤᠨ ᠵᠠᠮ ᠤᠨ G111 ᠱᠤᠭᠤᠮ ᠤᠨ ᠨᠢᠭᠡᠳᠦᠭᠡᠷ ᠳᠡᠰ ᠤᠨ ᠵᠠᠰᠠᠮᠠᠯ ᠵᠠᠮ ᠲᠠᠢ ᠠᠳᠠᠯᠢ ᠲᠡᠭᠰᠢ ᠪᠠᠷ ᠵᠠᠯᠭᠠᠯᠳᠤᠪᠠ᠃ ᠶᠡᠷᠦᠩᠬᠡᠢ ᠪᠡᠯᠡ ᠣᠷᠣᠭᠤᠯᠤᠯᠲᠠ ᠨᠢ 3.27 ᠳ᠋ᠦᠩᠰᠢᠭᠤᠷ ᠲᠥᠭᠦᠷᠢᠭ᠂ ᠪᠦᠬᠦ ᠤᠷᠲᠤ ᠨᠢ 26.414 ᠺᠢᠯᠤᠮᠧᠲᠷ ᠪᠣᠯᠤᠨ᠎ᠠ᠃ ᠤᠯᠤᠰ ᠤᠨ ᠵᠠᠮ 334 ᠱᠤᠭᠤᠮ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠮ ᠲᠡᠭᠡᠭᠡᠪᠦᠷᠢ ᠶᠢᠨ ᠨᠥᠬᠦᠴᠡᠯ ᠢ ᠪᠦᠲᠦᠮᠵᠢᠲᠡᠢ ᠰᠠᠶᠢᠵᠢᠷᠠᠭᠤᠯᠵᠤ᠂ ᠰᠢᠶᠠᠨ ᠤ ᠬᠡᠪᠴᠢᠶ᠎ᠡ ᠶᠢ ᠬᠤᠯᠪᠣᠭᠳᠠᠭᠤᠯᠬᠤ ᠶᠢ ᠴᠢᠩᠭᠠᠳᠬᠠᠨ᠂ ᠠᠵᠤ ᠠᠬᠤᠢ ᠶᠢᠨ ᠬᠥᠭᠵᠢᠯᠲᠡ ᠶᠢ ᠲᠦᠢᠯ ᠤᠨ ᠶᠡᠭᠡ ᠪᠠᠷ ᠠᠬᠢᠭᠤᠯᠵᠤ᠂ ᠲᠤᠰ ᠭᠠᠵᠠᠷ ᠣᠷᠣᠨ ᠤ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠷᠢᠯᠢᠭ ᠬᠠᠮᠢᠶᠠᠷᠴᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠦᠨ᠎ᠡ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号