ᠬᠤᠰᠢᠭᠤ ᠰᠢᠶᠠᠨ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ | ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 89.26 ᠳ᠋ᠦᠩᠰᠢᠭᠤᠷ ᠲᠥᠭᠦᠷᠢᠭ ᠲᠤ | ᠬᠦᠷᠴᠦ᠂ ᠬᠤᠪᠢᠷᠠᠭᠤᠯᠬᠤ ᠦᠭᠡᠢ ᠦᠨ᠎ᠡ ᠪᠠᠷ ᠪᠣᠳᠣᠵᠤ᠂ ᠠᠳᠠᠯᠢ ᠬᠤᠭᠤᠴᠠᠭᠠᠨ ᠤ ᠬᠢ ᠠᠴᠠ 8.2% ᠢᠶᠠᠷ | ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 42. | 70 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ︔ | ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 16.09 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 27% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 30. | 47 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠪᠡ᠃ | ᠳᠥᠷᠪᠡᠳᠦᠭᠡᠷ ᠤᠯᠠᠷᠢᠯ ᠳᠤ ᠬᠡᠪᠴᠢᠶ᠎ᠡ ᠠᠴᠠ ᠳᠡᠭᠡᠭᠱᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 73.5 ᠪᠠᠷ ᠨᠡᠮᠡᠭᠳᠡᠵᠡᠢ᠃ | ᠳᠥᠷᠪᠡᠳᠦᠭᠡᠷ ᠤᠯᠠᠷᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 24.5% ᠪᠠᠷ ᠨᠡᠮᠡᠭᠳᠡᠪᠡ᠃ | ᠳᠥᠷᠪᠡᠳᠦᠭᠡᠷ ᠤᠯᠠᠷᠢᠯ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ | 102923 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠃ | ᠳᠥᠷᠪᠡᠳᠦᠭᠡᠷ ᠤᠯᠠᠷᠢᠯ ᠳᠤ ᠪᠦᠬᠦ ᠰᠠᠭᠤᠭᠠᠯᠢ ᠠᠷᠠᠳ ᠤᠨ ᠣᠷᠣᠯᠭ᠎ᠠ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 22921 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠪᠠᠷ | ᠨᠡᠮᠡᠭᠳᠡᠪᠡ᠃ | ᠳᠥᠷᠪᠡᠳᠦᠭᠡᠷ ᠤᠯᠠᠷᠢᠯ ᠳᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 34575 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃ | ᠳᠥᠷᠪᠡᠳᠦᠭᠡᠷ ᠤᠯᠠᠷᠢᠯ ᠳᠤ ᠬᠥᠳᠡᠭᠡ ᠲᠣᠰᠬᠤᠨ ᠤ ᠮᠠᠯᠴᠢᠳ ᠤᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 15503 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 8.4% ᠪᠠᠷ ᠨᠡᠮᠡᠭᠳᠡᠪᠡ᠃ |